ᠬᠠᠷᠠᠴᠢᠨ ᠬᠤᠰᠢᠭᠤᠨ ᠤ ᠠᠷᠠᠳ ᠤᠨ ᠵᠠᠰᠠᠭ  ᠤᠨ ᠣᠷᠳᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠠᠷᠯᠢᠭ
ᠨᠡᠶᠢᠲᠡᠯᠡᠭᠰᠡᠨ ᠴᠠᠭ᠄
2019/4/4
       ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠵᠤ᠂ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠂ ᠰᠢᠭᠤᠶᠢᠲᠤ ᠣᠷᠣᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ  ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ︽ᠣᠢ ᠰᠢᠭᠤᠶ  ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾  ᠤᠨ ᠬᠤᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠨ᠂ ᠣᠨᠴᠠᠭᠠᠢᠯᠠᠨ ᠳᠣᠤᠷᠠᠬᠢ ᠮᠡᠲᠦ ᠵᠠᠷᠯᠢᠭ  ᠢ ᠨᠡᠢᠲᠡᠯᠡᠪᠡ᠄     ᠨᠢᠭᠡ᠂ 2019 ᠣᠨ ᠳᠤ ᠪᠥᠬᠦ ᠵᠢᠯ ᠢ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠪᠠᠷ ᠲᠣᠭᠲᠠᠭᠠᠵᠤ᠂ 1 ᠳ᠋ᠦ᠋ᠭᠡᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ 10 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠪᠥᠬᠦ ᠬᠤᠰᠢᠭᠤᠨ ᠤ ᠣᠢ ᠰᠢᠭᠤᠶ ᠶᠢᠨ ᠥᠨᠳᠥᠷ ᠭᠠᠯ ᠤᠨ ᠠᠶᠤᠯ ᠤᠨ ᠬᠤᠭᠤᠴᠠᠭ᠎ᠠ ᠪᠠᠷ ᠵᠠᠭᠠᠭᠯᠠᠨ ᠲᠣᠭᠲᠠᠭᠠᠨ᠎ᠠ     ᠬᠤᠶᠠᠷ᠂ ᠪᠥᠬᠦ ᠬᠤᠰᠢᠭᠤᠨ ᠤ ᠳᠣᠲᠣᠷᠠᠬᠢ ᠲᠠᠷᠢᠶᠠᠯᠠᠩ᠂ ᠣᠢ ᠰᠢᠭᠤᠶ ᠳᠤ ᠬᠡᠷᠡᠭᠯᠡᠬᠦ ᠭᠠᠵᠠᠷ ᠪᠣᠯ ᠴᠥᠮ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠴᠠᠭᠠᠵᠠᠯᠠᠭᠰᠠᠨ ᠣᠷᠣᠨ ᠪᠣᠯᠤᠨ᠎ᠠ᠃     ᠭᠤᠷᠪᠠ᠂ ᠭᠠᠯ ᠰᠡᠷᠭᠡᠶᠢᠯᠡᠬᠦ ᠬᠤᠭᠤᠴᠠᠭᠠᠨ ᠳᠤ᠂ ᠦᠢᠯᠡᠳᠪᠦᠷᠢᠯᠡᠯ ᠠᠮᠢᠳᠤᠷᠠᠯ ᠤᠨ ᠣᠨᠴᠠᠭᠠᠢ ᠪᠠᠶᠢᠳᠠᠯ ᠠᠴᠠ ᠪᠣᠯᠵᠤ ᠦᠨᠡᠨᠬᠦ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠ ᠲᠠᠢ ᠪᠣᠯ ᠡᠷᠬᠡᠪᠰᠢ ᠬᠤᠰᠢᠭᠤ ᠰᠢᠶᠠᠨ  ᠤ ᠱᠠᠲᠤᠨ ᠤ ᠠᠷᠠᠳ  ᠤᠨ ᠵᠠᠰᠠᠭ  ᠤᠨ ᠣᠷᠳᠣᠨ  ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠃ ᠤᠢ ᠰᠢᠭᠤᠶ ᠶᠢᠨ ᠠᠶᠤᠯ ᠶᠡᠬᠡᠲᠡᠶ  ᠦᠶ᠎ᠡ ᠳᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ  ᠶᠢ ᠴᠢᠩᠭ᠎ᠠ ᠴᠠᠭᠠᠵᠠᠯᠠᠵᠤ᠂ ᠭᠠᠯ ᠤᠨ ᠦᠷ᠎ᠡ ᠪᠠ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠢ ᠠᠪᠴᠤ ᠰᠢᠭᠤᠶᠢᠲᠤ ᠣᠷᠣᠨ ᠳᠤ ᠣᠷᠣᠬᠤ ᠶᠢ ᠴᠢᠩᠭ᠎ᠠ ᠴᠠᠭᠠᠵᠠᠯᠠᠵᠤ᠂ ᠰᠢᠭᠤᠶᠢᠲᠤ ᠣᠷᠣᠨ ᠳᠤ ᠣᠷᠣᠭᠰᠠᠨ ᠬᠥᠮᠥᠨ ᠪᠦᠬᠦᠨ ᠤᠢ ᠰᠢᠭᠤᠶ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠪᠠ ᠲᠣᠭᠤᠷᠢᠨ ᠬᠠᠮᠠᠭᠠᠯᠠᠭᠴᠢᠳ ᠤᠨ ᠪᠠᠶᠢᠴᠠᠭᠠᠯᠲᠠ  ᠶᠢ ᠡᠷᠬᠡᠪᠰᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠳ ᠢ ᠣᠯᠵᠤ ᠮᠡᠳᠡᠮᠡᠭᠴᠡ ᠴᠢᠩᠭ᠎ᠠ ᠬᠦᠨᠳᠦ ᠪᠠᠷ ᠲᠦᠷᠭᠡᠨ ᠴᠣᠬᠢᠯᠲᠠ ᠥᠭᠴᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠃     ᠳᠥᠷᠪᠡ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠨᠢ ︽ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠬᠠᠮᠢᠶ᠎ᠠ ᠪᠦᠬᠦᠢ ᠲᠣᠭᠲᠠᠭᠠᠯ  ᠢ ᠴᠢᠩᠭ᠎ᠠ ᠵᠢᠷᠤᠮᠯᠠᠨ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢᠨ ᠬᠠᠮᠲᠤ᠂ ᠬᠠᠷᠢᠭᠤᠴᠠᠯᠭᠠᠲᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠳᠠᠯᠳᠠ ᠬᠡᠮ ᠢ ᠣᠯᠵᠤ ᠮᠡᠳᠡᠪᠡᠯ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃     ᠲᠠᠪᠤ᠂ ᠶᠡᠭᠡ ᠭᠠᠯ  ᠤᠨ ᠠᠶᠤᠯ  ᠤᠨ ᠬᠤᠭᠤᠴᠠᠭᠠᠨ ᠳᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠤᠯᠤᠰ   ‍ᠤᠨ‌ᠥᠮᠴᠢᠯᠡᠯᠳᠤ ᠲᠠᠷᠢᠶᠠᠯᠠᠩ ᠤᠢ ᠰᠢᠭᠤᠢ ᠶᠢᠨ ᠲᠠᠯᠠᠪᠠᠢ ᠶᠢᠨ ᠲᠤᠰᠬᠠᠢ ᠠᠵᠢᠯ ᠤᠨ ᠭᠠᠯ ᠤᠨᠲᠠᠷᠠᠭᠠᠬᠤ ᠠᠩᠭᠢ ᠪᠣᠯᠤᠨ ᠬᠠᠭᠠᠰ ᠲᠤᠰᠬᠠᠢ ᠠᠵᠢᠯ  ᠤᠨ ᠭᠠᠯ ᠤᠨᠲᠠᠷᠠᠭᠠᠬᠤ ᠠᠩᠭᠢ ᠴᠠᠭ ᠢᠮᠠᠭᠲᠠ  ᠳᠠᠶᠢᠨ ᠬᠢᠬᠦ  ᠪᠠᠶᠢᠳᠠᠯ ᠳᠤ ᠪᠠᠶᠢᠵᠤ᠂ ᠪᠠᠴᠢᠮ  ᠪᠠᠶᠢᠳᠠᠯ ᠢ ᠠᠷᠭᠠᠴᠠᠵᠤ ᠭᠠᠯ ᠤᠨᠲᠠᠷᠠᠭᠠᠬᠤ ᠪᠡᠯᠡᠳᠬᠡᠯ ᠠᠵᠢᠯ  ᠢ ᠰᠠᠶᠢᠲᠤᠷ ᠬᠢᠬᠦ ᠬᠡᠷᠡᠭᠲᠡᠢ᠃     ᠵᠢᠷᠭᠤᠭ᠎ᠠ᠂ ᠭᠠᠯ ᠰᠡᠷᠭᠡᠶᠢᠯᠡᠬᠦ ᠬᠤᠭᠤᠴᠠᠭᠠᠨ ᠳᠤ᠂ ᠤᠢ ᠰᠢᠭᠤᠢ ᠨᠤᠲᠤᠭ ᠪᠡᠯᠴᠢᠭᠡᠷ  ᠤᠨ ᠭᠠᠯ ᠰᠡᠷᠭᠡᠶᠢᠯᠡᠬᠦ ᠣᠷᠣᠨ   ᠲᠤ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ ᠰᠢᠲᠠᠭᠠᠵᠤ ᠨᠡᠭᠦᠷᠡᠰᠦ ᠰᠢᠲᠠᠭᠠᠬᠤ᠂ ᠬᠤᠭ ᠨᠣᠪᠰᠢ ᠰᠢᠲᠠᠭᠠᠬᠤ ᠶᠢ ᠴᠠᠭᠠᠵᠠᠯᠠᠵᠤ᠂ ᠲᠠᠷᠢᠶᠠᠨ ᠭᠠᠵᠠᠷ ( ᠳᠠᠯᠠᠩ )᠂ ᠲᠡᠵᠢᠭᠡᠯ ᠡᠪᠡᠰᠦ᠂ ᠡᠰᠢ ᠰᠦᠷᠡᠯ  ᠰᠢᠲᠠᠭᠠᠬᠤ᠂ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠰᠢᠲᠠᠭᠠᠬᠤ᠂ ᠭᠠᠯ ᠰᠢᠲᠠᠭᠠᠬᠤ᠂ ᠬᠡᠭᠡᠷ᠎ᠡ ᠬᠤᠭᠤᠯᠠ ᠬᠢᠬᠦ ᠪᠠ ᠬᠤᠸᠠᠷ ᠫᠤᠤᠵᠢᠩ ᠲᠠᠯᠪᠢᠬᠤ  ᠂ ᠺᠦᠩ ᠮᠢᠩ ᠳ᠋ᠧᠩ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ  ᠵᠡᠷᠭᠡ ᠡᠷᠡᠰ ᠴᠠᠭᠠᠵᠠᠯᠠᠨ᠎ᠠ᠃     ᠲᠤᠯᠤᠭ᠎ᠠ᠂ ᠶᠠᠮᠠᠷᠪᠠ ᠨᠢᠭᠡᠴᠡ ᠪᠣᠯᠤᠨ ᠬᠤᠪᠢ ᠬᠥᠮᠥᠨ ᠤᠢ ᠰᠢᠭᠤᠢ ᠨᠤᠲᠤᠭ ᠪᠡᠯᠴᠢᠭᠡᠷ  ᠤᠨ ᠭᠠᠯ  ᠤᠨ ᠠᠶᠤᠯ   ᠢ ᠣᠯᠵᠤ ᠮᠡᠳᠡᠪᠡᠯ᠂ ᠳᠠᠷᠦ᠋ᠬᠠᠨ ᠲᠤᠬᠠᠢ ᠶᠢᠨ ᠭᠠᠵᠠᠷ  ᠤᠨ ᠠᠷᠠᠳ  ᠤᠨ ᠵᠠᠰᠠᠭ  ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ‍ᠤᠨ‌ᠣᠷᠳᠣᠨ ( ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ )᠂ ᠬᠤᠯᠪᠣᠭᠳᠠᠯ ᠪᠦᠬᠦᠢ ᠨᠢᠭᠡᠴᠢ ᠭᠠᠯ ᠤᠨ  ᠪᠠᠶᠢᠳᠠᠯ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠠᠷᠭ᠎ᠠ ᠬᠡᠮᠵᠢᠶ᠎ᠡ ᠠᠪᠴᠤ  ᠪᠠᠶᠢᠭᠠᠳ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠢᠭᠤᠯᠬᠤ ᠬᠡᠷᠡᠭᠲᠡᠶ᠃ ᠭᠠᠯ ‍ᠤᠨ‌ᠠᠶᠤᠯ  ᠤᠨ ᠳᠠᠯᠳᠠ ᠬᠡᠮ  ᠢ ᠣᠯᠵᠤ ᠮᠡᠳᠡᠭᠰᠡᠨ ᠤ ᠳᠠᠷᠠᠭ᠎ᠠ᠂ ᠠᠵᠢᠯ  ᠤᠨ ᠬᠠᠷᠢᠭᠤᠴᠠᠯᠭ᠎ᠠ ᠪᠠᠨ ᠠᠯᠳᠠᠭᠰᠠᠨ᠂ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠠᠴᠠ ᠪᠣᠯᠵᠤ ᠤᠢ ᠰᠢᠭᠤᠢ ᠨᠤᠲᠤᠭ ᠪᠡᠯᠴᠢᠭᠡᠷ  ᠤᠨ ᠭᠠᠯ ‍ᠤᠨ‌ᠠᠶᠤᠯ ᠭᠠᠷᠤᠭᠰᠠᠨ ᠪᠤᠶᠤ ᠭᠠᠯ ‍ᠤᠨ‌ᠠᠶᠤᠯ ᠭᠠᠷᠤᠭᠰᠠᠨ  ᠢ ᠨᠢᠭᠤᠵᠤ ᠮᠡᠳᠡᠭᠦᠯᠬᠦ ᠥᠬᠡᠶ᠂ ᠭᠠᠯ ᠤᠨᠲᠠᠷᠠᠭᠠᠬᠤ ᠨᠢᠰᠬᠡᠯ  ᠢ ᠰᠠᠭᠠᠲᠠᠭᠠᠭᠰᠠᠨ ᠵᠢᠴᠢ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ ᠵᠣᠬᠢᠶᠠᠨ  ᠪᠠᠶᠢᠭᠤᠯᠤᠭᠰᠠᠨ ᠨᠢ ᠬᠦᠴᠦᠨ ᠥᠬᠡᠶ ᠪᠠᠶᠢᠵᠤ᠂ ᠬᠦᠨᠳᠦ ᠣᠨᠴᠠ ᠶᠡᠭᠡ ᠤᠢ ᠰᠢᠭᠤᠢ ᠨᠤᠲᠤᠭ ᠪᠡᠯᠴᠢᠭᠡᠷ  ᠤᠨ ᠭᠠᠯ ‍ᠤᠨ‌ᠠᠶᠤᠯ ᠪᠤᠶᠤ ᠬᠦᠨᠳᠦ ᠶᠡᠭᠡ ᠨᠥᠯᠥᠭᠡ ᠭᠠᠷᠭᠠᠭᠰᠠᠨ ᠪᠣᠯ ᠰᠤᠮᠤ ᠪᠠᠯᠭᠠᠰᠤ ᠶᠢᠨ ᠵᠠᠰᠠᠭ  ᠤᠨ ᠣᠷᠳᠣᠨ ( ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ )᠂ ᠤᠯᠤᠰ  ᠤᠨ ᠥᠮᠴᠢᠯᠡᠯᠳᠤ ᠲᠠᠷᠢᠶᠠᠯᠠᠩ ᠤᠢ ᠰᠢᠭᠤᠢ ᠶᠢᠨ ᠲᠠᠯᠠᠪᠠᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠪᠥᠭᠡᠳ ᠪᠠᠢᠴᠠᠭᠠᠨ ᠰᠢᠢᠳᠪᠦᠷᠢᠯᠡᠭᠰᠡᠨ ᠦᠷ᠎ᠡ  ᠳ᠋ᠦᠩ ᠢ ᠴᠠᠭ  ᠲᠤᠬᠠᠢ ᠳᠤ ᠨᠢ  ᠨᠡᠶᠢᠭᠡᠮ ᠳᠤ  ᠨᠡᠶᠢᠲᠡᠯᠡᠬᠦ ᠬᠡᠷᠡᠭᠲᠡᠢ᠃     ᠨᠠᠢᠮᠠ᠂ ᠲᠤᠰ ᠭᠠᠯ ᠰᠡᠷᠭᠡᠶᠢᠯᠡᠬᠦ ᠵᠠᠷᠯᠢᠭ  ᠤᠨ ᠬᠠᠮᠢᠶ᠎ᠠ ᠪᠦᠬᠦᠢ ᠲᠣᠭᠲᠠᠭᠠᠯ ᠠᠴᠠ  ᠵᠦᠷᠢᠴᠡᠭᠰᠡᠳ ᠢ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ 《 ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠤᠢ ᠰᠢᠭᠤᠢ ᠨᠤᠲᠤᠭ ᠪᠡᠯᠴᠢᠭᠡᠷ  ᠤᠨ ᠭᠠᠯ ᠰᠡᠷᠭᠡᠶᠢᠯᠡᠬᠦ ᠳᠦᠷᠢᠮ 》 ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ  ᠢ ᠦᠨᠳᠦᠰᠦᠯᠡᠨ ᠴᠢᠩᠭ᠎ᠠ ᠰᠢᠳᠬᠡᠨ᠎ᠡ᠃ ᠤᠢ ᠰᠢᠭᠤᠶ ᠳᠤ ᠬᠤᠬᠢᠷᠠᠯ ᠤᠴᠠᠷᠠᠭᠤᠯᠤᠭᠰᠠᠨ  ᠪᠠᠶᠢᠪᠠᠯ ᠵᠠᠷᠯᠢᠭᠳᠠᠵᠤ  ᠪᠠᠶᠢᠭᠠᠳ ᠰᠢᠨᠡᠳᠬᠡᠨ ᠣᠶᠢᠵᠢᠭᠤᠯᠵᠤ᠂ ᠬᠤᠬᠢᠷᠠᠯ ᠢ ᠲᠥᠯᠥᠭᠦᠯᠦᠨ᠎ᠡ  ᠃ ᠶᠠᠯ᠎ᠠ ᠬᠢᠭᠰᠡᠨ ᠰᠡᠵᠢᠭᠯᠡᠯᠲᠡᠶ  ᠪᠠᠶᠢᠪᠠᠯ᠂ ᠬᠠᠤᠯᠢ ᠴᠠᠭᠠᠵᠠ ᠶᠢᠨ  ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠳᠡᠭᠡᠷ᠎ᠡ ᠳᠤᠷᠠᠳᠤᠭᠰᠠᠨ ᠵᠠᠷᠯᠢᠭ  ᠢ ᠡᠯ᠎ᠡ ᠭᠠᠵᠠᠷ ᠣᠷᠣᠨ ᠡᠯ᠎ᠡ  ᠨᠢᠭᠡᠴᠡ ᠬᠢᠨᠠᠮᠠᠭᠠᠶ ᠬᠡᠷᠡᠭᠵᠢᠭᠦᠯᠵᠦ᠂ ᠬᠡᠭᠡᠷ᠎ᠡ ᠭᠠᠳᠠᠨᠠᠬᠢ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ ᠬᠡᠷᠡᠭᠲᠡᠶ᠃ ᠥᠷᠭᠡᠨ ᠤᠯᠠᠨ ᠺᠠᠳ᠋ᠷ ᠤᠯᠠᠨ ᠲᠦᠮᠡᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢ ᠬᠦᠰᠡᠵᠦ ᠪᠠᠢᠨ᠎ᠠ᠂  ᠬᠡᠷᠪᠡ ᠤᠢ ᠰᠢᠭᠤᠢ ᠶᠢᠨ ᠲᠦᠢᠮᠡᠷ ᠢ ᠣᠯᠵᠤ ᠮᠡᠳᠡᠪᠡᠯ᠂ ᠴᠠᠭ ᠲᠤᠬᠠᠢ ᠳᠤᠨᠢ ᠤᠢ ᠰᠢᠭᠤᠢ ᠶᠢᠨ ᠲᠦᠢᠮᠡᠷ ᠤᠨ ᠰᠡᠷᠡᠮᠵᠢ ᠶᠢᠨ ᠤᠲᠠᠰᠤ᠄ 12119 ᠪᠤᠶᠤ 3752246  ᠳᠤ ᠮᠡᠳᠡᠭᠦᠯᠦᠭᠡᠷᠡᠢ᠃                             ᠬᠠᠷᠠᠴᠢᠨ ᠬᠤᠰᠢᠭᠤᠨ ᠤ ᠠᠷᠠᠳ ᠤᠨ ᠵᠠᠰᠠᠭ  ᠤᠨ ᠣᠷᠳᠣᠨ                           2019 ᠣᠨ  ᠤ 1 ᠰᠠᠷ᠎ᠠ ᠶᠢᠨ 1 ᠤ ᠡᠳᠦᠷ        
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号