ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠴᠠᠭᠠᠵᠠᠯᠠᠬᠤ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2019/4/7
            ᠣᠳᠣᠬᠠᠨ ᠳᠤ᠂ ᠪᠥᠬᠦ ᠬᠤᠲᠠ ᠶᠢᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠨᠢᠭᠡᠨᠲᠡ ᠴᠢᠬᠤᠯᠠ ᠬᠤᠭᠤᠴᠠᠭᠠᠨ ᠳᠤ ᠣᠷᠣᠭᠰᠠᠨ  ᠪᠠᠶᠢᠨ᠎ᠠ᠃ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠥᠬᠦ ᠬᠤᠲᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠳᠦᠷᠢᠮ︾ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠪᠠ᠄    ᠨᠢᠭᠡ᠂ ᠭᠠᠯ  ᠲᠤᠶᠢᠮᠡᠷ  ᠢ  ᠴᠠᠭᠠᠵᠠᠯᠠᠬᠤ ᠴᠠᠭ᠄ 2019 ᠣᠨ ᠤ 3 ᠰᠠᠷ᠎ᠠ ᠶᠢᠨ 28 ᠤ ᠡᠳᠦᠷ — 2019 ᠣᠨ ᠤ 6 ᠰᠠᠷ᠎ᠠ ᠶᠢᠨ 15 ᠤ ᠡᠳᠦᠷ᠃    ᠬᠤᠶᠠᠷ᠂ ᠭᠠᠯ  ᠲᠦᠢᠮᠡᠷ ᠴᠠᠭᠠᠵᠠᠯᠠᠬᠤ ᠬᠦᠷᠢᠶ᠎ᠡ ᠬᠡᠪᠴᠢᠶ᠎ᠡ᠄ ᠪᠥᠬᠦ ᠬᠤᠲᠠ ᠶᠢᠨ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ᠃    ᠭᠤᠷᠪᠠ᠂ ᠭᠠᠯ  ᠲᠦᠢᠮᠡᠷ ᠢ ᠴᠠᠭᠠᠵᠠᠯᠠᠬᠤ ᠱᠠᠭᠠᠷᠳᠠᠯᠭ᠎ᠠ᠄ ᠭᠠᠯ  ᠤᠨ ᠲᠥᠷᠥᠯ ᠵᠢᠴᠢ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠢ ᠠᠪᠴᠤ ᠤᠢ ᠰᠢᠭᠤᠢ ᠨᠤᠲᠤᠭ ᠪᠡᠯᠴᠢᠭᠡᠷ  ᠤᠨ ᠭᠠᠯ ᠰᠡᠷᠭᠡᠶᠢᠯᠡᠬᠦ ᠣᠷᠣᠨ  ᠳᠤ ᠣᠷᠣᠬᠤ  ᠶᠢ ᠴᠢᠩᠭ᠎ᠠ ᠴᠠᠭᠠᠵᠠᠯᠠᠨ᠎ᠠ᠃ ᠴᠠᠭᠠᠰᠤ ᠰᠢᠲᠠᠭᠠᠬᠤ᠂ ᠬᠦᠵᠢ ᠠᠰᠠᠭᠠᠬᠤ᠂ ᠲᠠᠮᠠᠬᠢ ᠲᠠᠲᠠᠬᠤ᠂ ᠬᠡᠭᠡᠷ᠎ᠡ ᠬᠤᠭᠤᠯᠠ ᠬᠢᠬᠦ ᠪᠠ ᠬᠤᠸᠠᠷ ᠫᠤᠤᠵᠢᠩ ᠲᠠᠯᠪᠢᠬᠤ ᠵᠡᠷᠭᠡ ᠳᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠠᠲᠠᠷ ᠰᠢᠲᠠᠭᠠᠬᠤ᠂ ᠡᠰᠢ ᠰᠦᠷᠡᠯ ᠰᠢᠲᠠᠭᠠᠬᠤ᠂ ᠬᠠᠰᠢᠯᠭ᠎ᠠ ᠲᠠᠯᠠᠩ  ᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢᠴᠢ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ  ᠠᠮᠠᠷᠬᠠᠨ ᠡᠭᠦᠰᠭᠡᠬᠦ ᠪᠤᠰᠤᠳ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃    ᠳᠥᠷᠪᠡ᠂ ᠲᠤᠰ ᠵᠠᠷᠯᠠᠯ ᠢ  ᠵᠦᠷᠢᠴᠡᠪᠡᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠬᠦ ᠬᠡᠷᠡᠭᠲᠡᠢ᠃    ᠲᠠᠪᠤ᠂ ᠡᠯ᠎ᠡ ᠬᠤᠰᠢᠭᠤ ᠰᠢᠶᠠᠨ ᠲᠣᠭᠤᠷᠢᠭ ᠴᠤ ᠭᠠᠯ ᠴᠠᠭᠠᠵᠠᠯᠠᠬᠤ ᠵᠠᠷ ᠨᠡᠶᠢᠲᠡᠯᠡᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠪᠦᠰᠡ ᠪᠠ ᠭᠠᠯ ᠤᠨ ᠠᠶᠤᠯ ᠤᠨ ᠲᠡᠰ ᠢ ᠬᠤᠪᠢᠶᠠᠷᠢᠯᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠥᠷᠭᠡᠨ ᠣᠯᠠᠨ ᠺᠠᠳ᠋ᠷ ᠣᠯᠠᠨ ᠲᠦᠮᠡᠨ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠲᠣᠭᠲᠠᠭᠠᠯ  ᠢ ᠤᠬᠠᠮᠰᠠᠷ ᠠᠴᠠ ᠪᠠᠨ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠭᠠᠯ ᠪᠠ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠶ ᠳᠤᠨᠢ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠰᠡᠷᠡᠮᠵᠢ ᠶᠢᠨ ᠤᠲᠠᠰᠤ 12119 ᠶᠢ ᠤᠲᠠᠰᠤᠳᠠᠬᠤ ᠬᠡᠷᠡᠭᠲᠡᠶ                    ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ  ᠤᠨ ᠣᠷᠳᠣᠨ                           2019 ᠣᠨ ᠤ  3 ᠰᠠᠷ᠎ᠠ ᠶᠢᠨ 28 ᠤ ᠡᠳᠦᠷ
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号