ᠬᠠᠷᠠᠴᠢᠨ ᠬᠤᠰᠢᠭᠤᠨ ᠤ ᠯᠧᠦ ᠽᠢ ᠳ᠋ᠢᠶᠠᠨ ᠰᠢᠶᠠᠩ ᠤᠨ ᠱᠠᠩ ᠱᠣᠣ ᠭᠦᠸᠧ ᠴᠠᠭᠠᠨ ᠴᠢᠯᠠᠭᠤᠨ ᠠᠭᠤᠷᠬᠠᠶ ᠶᠢᠨ 120 ᠲᠦᠮᠡᠨ t / a ᠴᠣᠬᠤᠢ ᠶᠢᠨ ᠴᠢᠯᠠᠭᠤ ᠠᠭᠤᠷᠬᠠᠶ  ᠶᠢᠨ ᠥᠷᠭᠡᠳᠬᠡᠨ ᠪᠠᠢᠭᠤᠯᠬᠤ ᠲᠥᠷᠥᠯ ᠵᠦᠶᠯ ᠤᠨ ᠣᠷᠴᠢᠨ ᠲᠣᠭᠤᠷᠢᠨ ᠤ ᠨᠥᠯᠥᠭᠡᠯᠡᠯ ᠢ ᠠᠩᠬ᠎ᠠ ᠤᠳᠠᠭ᠎ᠠ  ᠶᠢᠨ ᠵᠠᠷᠯᠠᠯ
ᠨᠡᠶᠢᠲᠡᠯᠡᠭᠰᠡᠨ ᠴᠠᠭ᠄
2019/4/7
    ᠠᠮᠢ ᠠᠬᠤᠢ  ᠣᠷᠴᠢᠨ ᠲᠣᠭᠤᠷᠢᠨ ᠤ ᠶᠠᠮᠤᠨ ᠠᠴᠠ ᠨᠡᠶᠢᠲᠡᠯᠡᠭᠰᠡᠨ ︽ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤ ᠣᠯᠠᠨ ᠨᠡᠶᠢᠲᠡ ᠶᠢ ᠣᠷᠣᠯᠴᠠᠭᠤᠯᠬᠤ ᠠᠷᠭ᠎ᠠ︾ ︵2019 ᠣᠨ  ᠤ 1 ᠰᠠᠷ᠎ᠠ ᠶᠢᠨ 1 ᠤ ᠡᠳᠦᠷ  ᠠᠴᠠ ᠡᠬᠢᠯᠡᠵᠦ ᠬᠡᠷᠡᠭᠵᠢᠭᠦᠯᠦᠨ᠎ᠡ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠠᠷᠠᠴᠢᠨ ᠬᠤᠰᠢᠭᠤᠨ ᠤ ᠯᠧᠦ ᠽᠢ ᠳ᠋ᠢᠶᠠᠨ ᠰᠢᠶᠠᠩ ᠤᠨ  ᠱᠠᠩ ᠱᠣᠣ ᠭᠦᠸᠧ ᠴᠠᠭᠠᠨ ᠴᠢᠯᠠᠭᠤ ᠶᠢᠨ ᠠᠭᠤᠷᠬᠠᠶ ᠶᠢᠨ 120 ᠲᠦᠮᠡᠨ t / a ᠴᠢᠯᠠᠭᠤᠨ ᠴᠣᠬᠤᠶ ᠶᠢᠨ ᠬᠦᠳᠡᠷ ᠮᠠᠯᠲᠠᠵᠤ ᠥᠷᠭᠡᠳᠬᠡᠨ ᠪᠠᠢᠭᠤᠯᠬᠤ ᠲᠥᠷᠥᠯ ᠵᠦᠶᠯ ᠤᠨ ᠬᠠᠮᠢᠶ᠎ᠠ ᠪᠦᠬᠦᠢ ᠪᠠᠶᠢᠳᠠᠯ  ᠢ ᠵᠠᠷᠯᠠᠨ ᠨᠡᠶᠢᠲᠡᠯᠡᠵᠦ᠂ ᠣᠯᠠᠨ ᠨᠡᠶᠢᠲᠡ ᠶᠢᠨ ᠰᠠᠨᠠᠯ ᠢ ᠬᠤᠷᠢᠶᠠᠵᠤ᠂ ᠣᠯᠠᠨ ᠨᠡᠶᠢᠲᠡ ᠶᠢᠨ ᠬᠢᠨᠠᠯᠲᠠ ᠶᠢ ᠬᠦᠯᠢᠶᠡᠶ᠎ᠡ    1 . ᠲᠥᠷᠥᠯ ᠵᠦᠶᠯ ᠤᠨ ᠦᠨᠳᠦᠰᠦᠨ  ᠪᠠᠶᠢᠳᠠᠯ    ︵1︶ ᠲᠥᠷᠥᠯ ᠵᠦᠶᠯ ᠤᠨ ᠨᠡᠷᠡᠶᠢᠳᠦᠯ᠄ ᠬᠠᠷᠠᠴᠢᠨ ᠬᠤᠰᠢᠭᠤᠨ ᠤ ᠯᠧᠦ ᠽᠢ ᠳ᠋ᠢᠶᠠᠨ ᠰᠢᠶᠠᠩ ᠤᠨ  ᠱᠠᠩ ᠱᠣᠣ ᠭᠦᠸᠧ ᠴᠠᠭᠠᠨ ᠴᠢᠯᠠᠭᠤᠨ ᠠᠭᠤᠷᠬᠠᠶ  ᠶᠢᠨ 120 ᠲᠦᠮᠡᠨ t / a ᠴᠣᠬᠤᠢ ᠶᠢᠨ ᠴᠢᠯᠠᠭᠤ ᠮᠠᠯᠲᠠᠵᠤ ᠥᠷᠭᠡᠳᠬᠡᠨ ᠪᠠᠢᠭᠤᠯᠬᠤ ᠲᠥᠷᠥᠯ ᠵᠦᠶᠯ    ︵2︶ ᠭᠤᠤᠯᠯᠠᠨ ᠡᠷᠬᠢᠯᠡᠬᠦ ᠨᠢᠭᠡᠴᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠯᠧᠦ ᠽᠢ ᠳ᠋ᠢᠶᠠᠨ ᠰᠢᠶᠠᠩ  ᠤᠨ  ᠱᠠᠩ‌‍ᠱᠣᠣ ᠭᠦᠸᠧ ᠴᠠᠭᠠᠨ ᠴᠢᠯᠠᠭᠤ ᠶᠢᠨ ᠠᠭᠤᠷᠬᠠᠶ    ︵3︶ ᠠᠵᠤ ᠠᠬᠤᠢᠯᠠᠯ ᠤᠨ ᠰᠢᠨᠵᠢ ᠴᠢᠨᠠᠷ᠄ ᠬᠠᠮᠲᠤ ᠶᠢᠨ ᠥᠮᠴᠢᠯᠡᠯ    ︵4︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠄ ᠵᠤᠤ ᠹᠧᠢ    ︵5︶ ᠨᠠᠷᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ  ᠠᠷᠪᠠᠨ ᠭᠡᠷ ᠰᠢᠶᠠᠩ ᠤᠨ  ᠱᠠᠩ ᠱᠣᠣ ᠭᠦᠸᠧ ᠲᠣᠰᠬᠤᠨ ᠤ ᠲᠠᠪᠤᠳᠤᠭᠠᠷ ᠳᠤᠭᠤᠢᠯᠠᠩ    ( 6 ) ᠡᠵᠡᠯᠡᠬᠦ ᠲᠠᠯᠠᠪᠠᠢ᠂ ᠠᠵᠢᠯᠲᠠᠨ ᠠᠵᠢᠯᠴᠢᠨ ᠤ ᠲᠤᠭ᠎ᠠ᠂ ᠠᠵᠢᠯᠯᠠᠬᠤ ᠴᠠᠭ  ᠲᠤᠭ᠎ᠠ    ᠡᠵᠡᠯᠡᠬᠦ ᠲᠠᠯᠠᠪᠠᠢ᠄ ᠶᠡᠷᠦᠩᠬᠡᠶ ᠡᠵᠡᠯᠡᠬᠦ ᠲᠠᠯᠠᠪᠠᠢ ᠨᠢ 0 . 8008 k m 2 ᠪᠣᠯᠤᠨ᠎ᠠ᠃     ᠬᠦᠳᠡᠯᠮᠦᠷᠢᠯᠡᠬᠦ ᠠᠵᠢᠯᠲᠠᠨ ᠲᠣᠭᠲᠠᠭᠠᠬᠤ ᠪᠠ ᠠᠵᠢᠯᠯᠠᠬᠤ ᠳᠦᠷᠢᠮ᠄ ᠲᠤᠰ ᠲᠥᠷᠥᠯ ᠵᠦᠢᠯ ᠤᠨ ᠬᠥᠳᠡᠯᠮᠦᠷᠢ  ᠶᠢᠨ ᠠᠵᠢᠯᠲᠠᠨ 110 ᠬᠥᠮᠥᠨ᠂ ᠵᠢᠯ ᠤᠨ ᠠᠵᠢᠯ 300 ᠡᠳᠦᠷ᠂ ᠨᠢᠭᠡ ᠡᠭᠡᠯᠵᠢ ᠶᠢᠨ ᠳᠦᠷᠢᠮ᠂ ᠡᠭᠡᠯᠵᠢ ᠪᠦᠷᠢ 8 ᠴᠠᠭ᠃    ︵7︶ ᠪᠦᠲᠦᠭᠡᠨ ᠪᠠᠢᠭᠤᠯᠬᠤ ᠠᠭᠤᠯᠠᠨ᠎ᠠ    ᠲᠤᠰ ᠲᠥᠷᠥᠯ ᠵᠦᠶᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠠᠷᠪᠠᠨ ᠭᠡᠷ ᠰᠢᠶᠠᠩ ᠤᠨ ᠱᠠᠩ ᠱᠣᠣ ᠭᠦᠸᠧ ᠲᠣᠰᠬᠤᠨ ᠤ 5 ᠳᠤᠭᠤᠶᠢᠯᠠᠩ ᠳᠤ ᠪᠤᠢ᠂ ᠥᠷᠭᠡᠳᠬᠡᠨ ᠪᠠᠶᠢᠭᠤᠯᠬᠤ ᠠᠴᠠ ᠡᠮᠦᠨ᠎ᠡ᠂ ᠲᠥᠷᠥᠯ ᠵᠦᠶᠯ ᠨᠢ ᠵᠠᠳᠠᠭᠠᠶ ᠮᠠᠯᠲᠠᠯᠤᠭ᠎ᠠ ᠬᠢᠵᠦ᠂ 7 ᠵᠠᠳᠠᠭᠠᠶ ᠮᠠᠯᠲᠠᠬᠤ ᠲᠠᠯᠠᠪᠠᠢ᠂ 6 ᠬᠠᠶᠠᠭᠳᠠᠮᠠᠯ ᠴᠢᠯᠠᠭᠤᠨ ᠲᠠᠯᠠᠪᠠᠢ ᠭᠠᠷᠭᠠᠵᠠᠶ᠃ ᠠᠵᠢᠯᠯᠠᠬᠤ ᠲᠣᠭᠤᠷᠢᠭ᠂ ᠠᠮᠢᠳᠤᠷᠠᠯ ᠤᠨ ᠲᠣᠭᠤᠷᠢᠭ ᠂ ᠠᠮᠠᠷᠠᠬᠤ ᠲᠣᠭᠤᠷᠢᠭ᠂ ᠠᠵᠤ ᠦᠶᠯᠡᠳᠪᠦᠷᠢ ᠶᠢᠨ ᠲᠠᠯᠠᠪᠤᠷ ᠲᠤᠰ ᠪᠦᠷᠢ ᠨᠢᠭᠡ ᠪᠠᠶᠢᠳᠠᠭ᠃ ᠲᠥᠷᠥᠯ ᠵᠦᠶᠯ ᠢ ᠥᠷᠭᠡᠳᠬᠡᠨ ᠪᠠᠶᠢᠭᠤᠯᠬᠤ ᠠᠴᠠ ᠡᠮᠦᠨ᠎ᠡ ᠠᠭᠤᠷᠬᠠᠶ ᠮᠠᠯᠲᠠᠬᠤ ᠬᠡᠪᠴᠢᠶ᠎ᠡ ᠨᠢ 20 ᠲᠦᠮᠡᠨ t / a ᠪᠣᠯᠤᠨ᠎ᠠ︔ ᠴᠣᠬᠤᠢ ᠶᠢᠨ ᠴᠢᠯᠠᠭᠤ ᠬᠥᠮᠦᠨ ᠤ ᠲᠤᠭ᠎ᠠ ᠶᠢ ᠲᠣᠬᠢᠷᠠᠭᠤᠯᠤᠭᠰᠠᠨ ᠨᠢ 30 ᠬᠥᠮᠥᠨ᠃  ᠥᠷᠭᠡᠳᠬᠡᠨ ᠪᠠᠢᠭᠤᠯᠤᠭᠰᠠᠨ  ᠤ ᠲᠠᠷᠠᠭ᠎ᠠ᠂ ᠲᠥᠷᠥᠯ ᠵᠦᠢᠯ ᠟ ‍ᠤᠨ‌ᠠᠭᠤᠷᠬᠠᠢ ᠵᠢᠨ‌ᠣᠷᠣᠨ  ᠤ ᠬᠡᠪᠴᠢᠶᠡᠨ ᠳᠣᠲᠣᠷ᠎ᠠ ᠮᠠᠯᠲᠠᠬᠤ  ᠭᠠᠵᠠᠷ ᠭᠤᠷᠪᠠ  ᠪᠠᠶᠢᠭᠤᠯᠵᠤ᠂ ᠲᠡᠭᠦᠨ  ᠤ ᠳᠣᠲᠣᠷ᠎ᠠ ᠮᠠᠯᠲᠠᠬᠤ  ᠭᠠᠵᠠᠷ ᠨᠢᠭᠡᠪᠦᠷᠢ  ᠳᠤ ᠵᠠᠳᠠᠭᠠᠶ ᠮᠠᠯᠲᠠᠬᠤ ᠲᠠᠯᠠᠪᠠᠢ ᠪᠠ ᠬᠠᠶᠠᠭᠳᠠᠮᠠᠯ ᠴᠢᠯᠠᠭᠤᠨ ᠲᠠᠯᠠᠪᠠᠢ ᠲᠤᠰ ᠪᠦᠷᠢ ᠨᠢᠭᠡ ᠭᠠᠷᠭᠠᠵᠤ᠂ ᠵᠠᠳᠠᠭᠠᠢ ᠮᠠᠯᠲᠠᠬᠤ ᠲᠠᠯᠠᠪᠠᠢ 1᠂ ᠵᠠᠳᠠᠭᠠᠢ ᠮᠠᠯᠲᠠᠬᠤ ᠲᠠᠯᠠᠪᠠᠢ 2᠂ ᠵᠠᠳᠠᠭᠠᠢ ᠮᠠᠯᠲᠠᠬᠤ ᠲᠠᠯᠠᠪᠠᠢ 6᠂ ᠬᠠᠶᠠᠭᠳᠠᠮᠠᠯ ᠴᠢᠯᠠᠭᠤᠨ ᠲᠠᠯᠠᠪᠠᠢ 2᠂ ᠬᠠᠶᠠᠭᠳᠠᠮᠠᠯ ᠴᠢᠯᠠᠭᠤᠨ ᠲᠠᠯᠠᠪᠠᠢ 3᠂ ᠬᠠᠶᠠᠭᠳᠠᠮᠠᠯ ᠴᠢᠯᠠᠭᠤᠨ ᠲᠠᠯᠠᠪᠠᠢ 6 ᠪᠣᠯᠤᠨ᠎ᠠ᠃ ᠲᠥᠷᠥᠯ ᠵᠦᠢᠯ  ᠤᠨ ᠪᠦᠲᠦᠭᠡᠨ ᠪᠠᠢᠭᠤᠯᠤᠯᠲᠠ  ᠶᠢᠨ ᠬᠡᠪᠴᠢᠶ᠎ᠡ  ᠶᠢ ᠵᠢᠯ  ᠤᠨ ᠮᠠᠯᠲᠠᠬᠤ ᠬᠦᠳᠡᠷ  ᠢ 120 ᠲᠦᠮᠡᠨ t ᠪᠣᠯᠭᠠᠨ ᠥᠷᠭᠡᠳᠬᠡᠨ  ᠪᠠᠶᠢᠭᠤᠯᠵᠤ᠂ ᠮᠠᠯᠲᠠᠬᠤ ᠠᠷᠭ᠎ᠠ   ᠨᠢ ᠵᠠᠳᠠᠭᠠᠢ ᠮᠠᠯᠲᠠᠬᠤ᠂ ᠨᠡᠭᠡᠭᠡᠬᠦ ᠠᠷᠭ᠎ᠠ   ᠨᠢ ᠵᠠᠰᠠᠮᠠᠯ ᠵᠠᠮ  ᠢ ᠨᠡᠭᠡᠭᠡᠬᠦ᠂ ᠮᠠᠰᠢᠨ ᠲᠡᠷᠭᠡ ᠲᠡᠭᠡᠭᠡᠪᠦᠷᠢᠯᠡᠬᠦ ᠬᠡᠷᠡᠭᠲᠡᠢ᠃ ᠲᠥᠷᠥᠯ ᠵᠦᠢᠯ ᠤᠨ ᠬᠥᠳᠡᠯᠮᠦᠷᠢ ᠶᠢᠨ ᠲᠣᠭᠲᠠᠭᠰᠠᠨ ᠬᠥᠮᠥᠨ ᠨᠢ 110 ᠬᠥᠮᠥᠨ᠂ ᠵᠢᠯ ᠳᠤ 300 ᠡᠳᠦᠷ ᠠᠵᠢᠯᠯᠠᠳᠠᠭ᠂ ᠨᠢᠭᠡ ᠡᠭᠡᠯᠵᠢ ᠶᠢᠨ ᠳᠦᠷᠢᠮ᠂ ᠡᠭᠡᠯᠵᠢ ᠪᠦᠷᠢ ᠳᠤ 8 ᠴᠠᠭ ᠠᠵᠢᠯᠯᠠᠳᠠᠭ᠃ ᠲᠥᠷᠥᠯ ᠵᠦᠶᠯ ᠤᠨ ᠠᠯᠪᠠᠯᠠᠬᠤ ᠠᠮᠢᠳᠤᠷᠠᠯ ᠤᠨ ᠲᠣᠭᠤᠷᠢᠭ ᠪᠠ ᠠᠮᠠᠷᠠᠬᠤ ᠲᠣᠭᠤᠷᠢᠭ  ᠢ ᠤᠤᠯ ᠤᠨ ᠬᠢ ᠠᠰᠢᠭᠯᠠᠵᠤ᠂ ᠰᠢᠨ᠎ᠡ ᠪᠠᠷ  ᠪᠠᠶᠢᠭᠤᠯᠬᠤ ᠥᠬᠡᠶ᠃ 2 . ᠪᠦᠲᠦᠭᠡᠨ  ᠪᠠᠶᠢᠭᠤᠯᠬᠤ ᠨᠢᠭᠡᠴᠡ ᠶᠢᠨ ᠨᠡᠷᠡᠶᠢᠳᠦᠯ ᠪᠠ ᠬᠠᠷᠢᠯᠴᠠᠬᠤ ᠠᠷᠭ᠎ᠠ ᠬᠡᠯᠪᠡᠷᠢ    ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠬᠠᠷᠠᠴᠢᠨ ᠬᠤᠰᠢᠭᠤᠨ ᠤ ᠯᠧᠦ ᠽᠢ ᠳ᠋ᠢᠶᠠᠨ ᠰᠢᠶᠠᠩ ᠤᠨ ᠱᠠᠩ ᠱᠣᠣ ᠭᠦᠸᠧ ᠴᠠᠭᠠᠨ ᠴᠢᠯᠠᠭᠤ ᠶᠢᠨ ᠠᠭᠤᠷᠬᠠᠶ    ᠬᠠᠶ᠋ᠢᠭ᠄ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠠᠷᠪᠠᠳᠤᠭᠠᠷ  ᠠᠷᠪᠠᠨ ᠭᠡᠷ ᠰᠢᠶᠠᠩ ᠤᠨ ᠱᠠᠩ ᠱᠣᠣ ᠭᠦᠸᠧ ᠲᠣᠰᠬᠤᠨ ᠤ ᠲᠠᠪᠤᠳᠤᠭᠠᠷ ᠳᠤᠭᠤᠢᠯᠠᠩ    ᠬᠠᠷᠢᠯᠴᠠᠬᠤ ᠬᠥᠮᠥᠨ᠄ ᠵᠣᠣ ᠹᠧᠢ    ᠬᠠᠷᠢᠯᠴᠠᠬᠤ ᠤᠲᠠᠰᠤ᠄ 13134760777    3 . ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠨᠠᠢᠷᠠᠭᠤᠯᠤᠨ ᠵᠣᠬᠢᠶᠠᠭᠰᠠᠨ ᠨᠢᠭᠡᠴᠢ ᠶᠢᠨ ᠨᠡᠷᠡᠶᠢᠳᠦᠯ    ᠥᠪᠥᠷ ᠮᠣᠩᠭᠤᠯ ᠤᠨ ᠰᠢᠶᠦ᠋ᠨ ᠲᠦᠦᠸ᠋ ᠣᠷᠴᠢᠨ ᠲᠣᠭᠤᠷᠢᠨ ᠤ ᠮᠡᠷᠭᠡᠵᠢᠯ ᠤᠨ ᠯᠠᠪᠯᠠᠭ᠎ᠠ ᠶᠢᠨ ᠬᠢᠵᠠᠭᠠᠷᠲᠤ ᠺᠣᠮᠫᠠᠨᠢ    ᠰᠢᠤᠳᠠᠨ ᠬᠠᠶᠢᠷᠴᠠᠭ᠄ 396323817 @ q q . c o m    4 . ᠣᠯᠠᠨ ᠨᠡᠶᠢᠲᠡ ᠶᠢᠨ ᠣᠷᠣᠯᠴᠠᠬᠤ ᠰᠠᠨᠠᠯ ᠤᠨ ᠭᠤᠤᠯ ᠵᠦᠶᠯᠡᠰ    ︵1︶ ᠶᠠᠮᠠᠷᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠢᠭ ᠬᠤᠣᠷ ᠤᠨ ᠬᠠᠷᠢᠴᠠᠭ᠎ᠠ ᠲᠠᠢ  ᠨᠢᠭᠡᠴᠡ ᠪᠠ ᠬᠤᠪᠢ ᠬᠥᠮᠥᠨ᠂ ᠲᠥᠷᠥᠯ ᠵᠦᠶᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠤᠨ ᠬᠤᠭᠤᠴᠠᠭᠠᠨ ᠳᠤ ᠪᠦᠲᠦᠭᠡᠨ  ᠪᠠᠶᠢᠭᠤᠯᠬᠤ  ᠨᠢᠭᠡᠴᠡ᠂ ᠦᠨᠡᠯᠡᠬᠦ  ᠨᠢᠭᠡᠴᠡ ᠳᠤ ᠲᠥᠷᠥᠯ ᠵᠦᠶᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠯᠤᠮᠵᠢᠲᠤ ᠴᠢᠨᠠᠷ ᠪᠦᠬᠦᠢ ᠰᠠᠨᠠᠯ ᠵᠢᠴᠢ ᠱᠠᠭᠠᠷᠳᠠᠯᠭ᠎ᠠ ᠳᠤᠷᠠᠳᠴᠤ ᠪᠣᠯᠤᠨ᠎ᠠ᠃    ︵2︶ ᠶᠠᠮᠠᠷᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠢᠭ ᠬᠤᠣᠷ ᠤᠨ ᠬᠠᠷᠢᠴᠠᠭ᠎ᠠ ᠲᠠᠢ  ᠨᠢᠭᠡᠴᠡ ᠪᠠ ᠬᠤᠪᠢ ᠬᠥᠮᠥᠨ᠂ ᠲᠥᠷᠥᠯ ᠵᠦᠶᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠤᠨ ᠬᠤᠭᠤᠴᠠᠭᠠᠨ ᠳᠤ ᠲᠥᠷᠥᠯ ᠵᠦᠶᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠥᠷᠥᠯ ᠵᠦᠶᠯ ᠤᠨ ᠪᠣᠬᠢᠷᠲᠤᠯ ᠢ ᠰᠡᠷᠭᠡᠶᠢᠯᠡᠬᠦ ᠰᠠᠨᠠᠯ ᠪᠠ ᠱᠠᠭᠠᠷᠳᠠᠯᠭ᠎ᠠ ᠳᠤᠷᠠᠳᠴᠤ ᠪᠣᠯᠤᠨ᠎ᠠ    ︵3︶ ᠲᠥᠷᠥᠯ ᠵᠦᠶᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠳᠠᠭᠤᠰᠬᠠᠭᠰᠠᠨ ᠤ ᠳᠠᠷᠠᠭ᠎ᠠ᠂ ᠪᠦᠲᠦᠭᠡᠨ ᠪᠠᠢᠭᠤᠯᠬᠤ  ᠨᠢᠭᠡᠴᠡ ᠪᠤᠶᠤ ᠦᠨᠡᠯᠡᠬᠦ  ᠨᠢᠭᠡᠴᠡ ᠨᠢ ᠲᠠᠬᠢᠵᠤ ᠠᠯᠪᠠᠨ ᠵᠠᠷ ᠨᠡᠢᠲᠡᠯᠡᠨ᠎ᠡ᠃    ︵4︶ ᠶᠠᠮᠠᠷᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠢᠭ ᠬᠤᠣᠷ ᠤᠨ ᠬᠠᠷᠢᠴᠠᠭ᠎ᠠ ᠲᠠᠢ  ᠨᠢᠭᠡᠴᠡ ᠪᠠ ᠬᠤᠪᠢ ᠬᠥᠮᠥᠨ᠂ ᠲᠥᠷᠥᠯ ᠵᠦᠶᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ  ᠢ ᠨᠠᠢᠷᠠᠭᠤᠯᠤᠨ ᠵᠣᠬᠢᠶᠠᠭᠰᠠᠨ ᠤ ᠳᠠᠷᠠᠭ᠎ᠠ᠂ ᠮᠡᠳᠡᠭᠦᠯᠦᠯᠲᠡ ᠶᠢᠨ ᠪᠢᠴᠢᠭ ᠤᠨ ᠪᠥᠬᠦ ᠳᠡᠪᠲᠡᠷ ︵ᠨᠢᠭᠤᠴᠠ ᠶᠢ ᠬᠠᠮᠠᠭᠠᠯᠠᠬᠤ ᠠᠴᠠ ᠭᠠᠳᠠᠨ᠎ᠠ︶ ᠢ  ᠪᠠᠶᠢᠴᠠᠭᠠᠨ ᠦᠵᠡᠵᠦ ᠪᠠᠶᠢᠳᠠᠯ ᠢ ᠣᠶᠢᠯᠠᠭᠠᠵᠤ ᠪᠣᠯᠤᠨ᠎ᠠ᠃ ᠪᠦᠲᠦᠭᠡᠨ ᠪᠠᠢᠭᠤᠯᠬᠤ ᠨᠢᠭᠡᠴᠡ ᠪᠠ ᠦᠨᠡᠯᠡᠬᠦ ᠨᠢᠭᠡᠴᠡ ᠳᠥᠭᠦᠮ ᠪᠤᠶᠤ ᠬᠠᠷᠢᠭᠤᠯᠲᠠ ᠥᠭᠬᠦ ᠪᠣᠯᠤᠨ᠎ᠠ᠃    ︵5︶ ᠪᠦᠲᠦᠭᠡᠨ ᠪᠠᠢᠭᠤᠯᠬᠤ ᠨᠢᠭᠡᠴᠡ᠂ ᠦᠨᠡᠯᠡᠬᠦ ᠨᠢᠭᠡᠴᠡ ᠨᠦᠭᠦᠳ ᠣᠯᠠᠨ ᠨᠡᠶᠢᠲᠡ ᠶᠢᠨ ᠰᠠᠨᠠᠯ ᠢ ᠬᠢᠨᠠᠮᠠᠭᠠᠶ ᠰᠣᠨᠣᠰᠴᠤ᠂ ᠲᠥᠷᠥᠯ ᠵᠦᠶᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠰᠢᠨᠵᠢᠯᠡᠬᠦ ᠤᠬᠠᠭᠠᠨᠴᠢ᠂ ᠡᠷᠬᠡ ᠲᠡᠭᠰᠢ᠂ ᠲᠥᠪ ᠭᠤᠤᠯᠴᠢ᠂ ᠬᠠᠤᠯᠢ ᠶᠣᠰᠣ ᠪᠠᠷ ᠬᠢᠨ᠎ᠡ᠃    5 . ᠣᠯᠠᠨ ᠨᠡᠶᠢᠲᠡ ᠶᠢᠨ ᠰᠠᠨᠠᠯ ᠳᠤᠷᠠᠳᠬᠤ ᠴᠠᠭ ᠬᠤᠭᠤᠴᠠᠭ᠎ᠠ ᠵᠢᠴᠢ ᠠᠷᠭ᠎ᠠ ᠮᠠᠶ᠋ᠢᠭ    ᠣᠯᠠᠨ ᠨᠡᠶᠢᠲᠡ ᠪᠠᠷ ᠢᠶᠠᠨ ᠲᠤᠰ ᠵᠠᠷᠯᠠᠨ ᠨᠡᠢᠲᠡᠯᠡᠭᠰᠡᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢ ᠲᠠᠭᠯᠠᠵᠤ ᠪᠣᠯᠤᠨ᠎ᠠ᠂ ᠹᠠᠺᠰ᠂ ᠢᠮᠧᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠲᠦᠭᠡᠨ ᠪᠠᠢᠭᠤᠯᠬᠤ ᠨᠢᠭᠡᠴᠡ᠂ ᠦᠨᠡᠯᠡᠬᠦ ᠨᠢᠭᠡᠴᠡ᠂ ᠣᠷᠣᠨ ᠨᠤᠲᠤᠭ ᠤᠨ ᠵᠠᠰᠠᠭ  ᠤᠨ ᠣᠷᠳᠣᠨ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢ ᠲᠤᠰᠢᠶᠠᠵᠤ ᠪᠣᠯᠤᠨ᠎ᠠ᠂ ᠪᠦᠲᠦᠭᠡᠨ ᠪᠠᠢᠭᠤᠯᠬᠤ ᠨᠢᠭᠡᠴᠡ ᠳᠤ ᠰᠢᠭᠤᠳ ᠲᠤᠰᠢᠶᠠᠵᠤ ᠴᠤ ᠪᠣᠯᠤᠨ᠎ᠠ᠃    ᠳᠠᠭᠠᠯᠳᠤᠭᠤᠯᠤᠯ᠄ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠤ ᠨᠥᠯᠥᠭᠡᠯᠡᠯ  ᠢ ᠦᠨᠡᠯᠡᠬᠦ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ                            ᠬᠠᠷᠠᠴᠢᠨ ᠬᠤᠰᠢᠭᠤᠨ ᠤ ᠯᠧᠦ ᠽᠢ ᠳ᠋ᠢᠶᠠᠨ ᠰᠢᠶᠠᠩ  ᠤᠨ ᠱᠠᠩ ᠱᠣᠣ ᠭᠦᠸᠧ                        ᠴᠠᠭᠠᠨ ᠴᠢᠯᠠᠭᠤᠨ ᠠᠭᠤᠷᠬᠠᠶ                         2019 ᠣᠨ ᠤ  3 ᠰᠠᠷ᠎ᠠ ᠶᠢᠨ 29 ᠤ ᠡᠳᠦᠷ                ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠤᠯᠠᠨ ᠨᠡᠶᠢᠲᠡ ᠶᠢᠨ ᠰᠠᠨᠠᠯ ᠤᠨ ᠬᠦᠰᠦᠨᠦᠭᠲᠦ d o c x
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号