ᠲᠤᠭᠤᠷᠢᠨ ᠪᠠᠶᠢᠴᠠᠭᠠᠬᠤ  ᠠᠯᠪᠠᠨ ᠵᠠᠷ
ᠨᠡᠶᠢᠲᠡᠯᠡᠭᠰᠡᠨ ᠴᠠᠭ᠄
2019/4/9
      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ︽ᠳᠤᠮᠳᠠᠳᠤ ᠤᠯᠤᠰ  ᠤᠨ ᠡᠪ ᠬᠠᠮᠲᠤ ᠨᠠᠮ ᠤᠨ ᠲᠣᠭᠤᠷᠢᠨ  ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ  ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠲᠣᠭᠤᠷᠢᠨ  ᠪᠠᠶᠢᠴᠠᠭᠠᠬᠤ ᠳᠤᠭᠤᠶᠢᠯᠠᠩ 2019 ᠣᠨ ᠤ 4 ᠰᠠᠷ᠎ᠠ ᠶᠢᠨ 8 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ ᠬᠠᠷᠠᠴᠢᠨ ᠬᠤᠰᠢᠭᠤᠨ ᠳᠤ ᠲᠣᠭᠤᠷᠢᠨ   ᠪᠠᠶᠢᠴᠠᠭᠠᠯᠲᠠ ᠦᠷᠨᠢᠭᠦᠯᠦᠨ᠎ᠡ᠃      ᠲᠣᠭᠤᠷᠢᠨ ᠪᠠᠶᠢᠴᠠᠭᠠᠬᠤ  ᠳᠤᠭᠤᠶᠢᠯᠠᠩ ᠨᠢ ᠭᠤᠤᠯᠳᠠᠭᠤ ᠬᠤᠰᠢᠭᠤᠨ ᠤ ᠨᠠᠮ ᠤᠨ ᠬᠤᠷᠢᠶ᠎ᠠ ᠪᠠ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ  ᠤᠨ ᠣᠷᠳᠣᠨ᠂ ᠤᠯᠤᠰ ᠲᠥᠷᠥ  ᠶᠢᠨ ᠵᠥᠪᠯᠡᠯᠭᠡᠨ ᠤ ᠨᠠᠮ ᠤᠨ ᠳᠤᠭᠤᠢᠯᠠᠩ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠭᠤᠤᠯ ᠬᠠᠷᠢᠭᠤᠴᠠᠯᠭᠠᠲᠠᠨ ᠵᠢᠴᠢ ᠬᠤᠰᠢᠭᠤᠨ ᠠᠴᠠ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ  ᠲᠤ ᠢᠷᠡᠭᠦᠯᠦᠭᠰᠡᠨ ᠵᠠᠬᠢᠳᠠᠯ᠂ ᠤᠲᠠᠰᠤ᠂ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠢ ᠭᠤᠤᠯᠳᠠᠯᠭ᠎ᠠ ᠲᠠᠢ ᠬᠦᠯᠢᠶᠡᠨ ᠠᠪᠴᠤ ᠰᠢᠶᠳᠪᠦᠷᠢᠯᠡᠨ᠎ᠡ᠃ ᠲᠣᠭᠤᠷᠢᠨ  ᠪᠠᠶᠢᠴᠠᠭᠠᠬᠤ ᠠᠵᠢᠯ ᠲᠠᠢ ᠰᠢᠭᠤᠳ ᠬᠠᠷᠢᠴᠠᠭ᠎ᠠ ᠦᠭᠡᠢ ᠪᠤᠰᠤᠳ ᠬᠤᠪᠢ ᠬᠥᠮᠦᠨ  ᠤ ᠬᠦᠰᠡᠯ ᠱᠠᠭᠠᠷᠳᠠᠯᠭ᠎ᠠ᠂ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠡᠷᠭᠡ ᠠᠰᠠᠭᠤᠳᠠᠯ ᠤᠨ ᠲᠤᠬᠠᠢ ᠲᠤᠰᠬᠠᠯ ᠢ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ ᠲᠣᠭᠤᠷᠢᠨ ᠪᠠᠢᠴᠠᠭᠠᠭᠳᠠᠬᠤ ᠭᠠᠵᠠᠷ ᠣᠷᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠵᠤ ᠰᠢᠢᠳᠪᠦᠷᠢᠯᠡᠭᠦᠯᠦᠨ᠎ᠡ᠃      ᠲᠣᠭᠤᠷᠢᠨ  ᠪᠠᠶᠢᠴᠠᠭᠠᠬᠤ ᠳᠤᠭᠤᠶᠢᠯᠠᠩ ᠨᠢ ᠲᠣᠭᠤᠷᠢᠨ  ᠪᠠᠶᠢᠴᠠᠭᠠᠬᠤ ᠬᠤᠭᠤᠴᠠᠭᠠᠨ ᠳᠤ᠂ ᠡᠭᠡᠯᠵᠢ ᠲᠣᠬᠢᠷᠠᠭᠤᠯᠬᠤ ᠤᠲᠠᠰᠤ᠄ 0476 — 3757960 ︵ᠬᠦᠯᠢᠶᠡᠨ ᠠᠪᠬᠤ ᠴᠠᠭ ᠨᠢ᠄ ᠦᠳᠡ ᠡᠮᠦᠨᠡᠬᠢ 08᠄ 30 — 12᠄ 00︔ ᠦᠳᠡ ᠬᠤᠶᠢᠨᠠᠬᠢ 14᠄ 30 — 17᠄ 30︶  ︔    ᠲᠣᠭᠤᠷᠢᠨ  ᠪᠠᠶᠢᠴᠠᠭᠠᠬᠤ ᠳᠤᠭᠤᠢᠯᠠᠩ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠵᠢᠨᠱᠠᠨ ᠪᠠᠭᠤᠳᠠᠯ ᠤᠨ ᠵᠣᠴᠢᠨ ᠤᠭᠲᠤᠬᠤ ᠠᠰᠠᠷ ᠤᠨ 1110 ᠳ᠋ᠤᠭᠠᠷ ᠥᠷᠥᠭᠡ︔   ᠰᠢᠤᠳᠠᠨ ᠤ ᠬᠠᠶᠢᠷᠴᠠᠭ᠄ ᠬᠠᠷᠠᠴᠢᠨ ᠬᠤᠰᠢᠭᠤᠨ ᠤ ᠵᠢᠨᠱᠠᠨ ᠪᠠᠭᠤᠳᠠᠯ ᠤᠨ 1 ᠳ᠋ᠦ᠋ᠭᠡᠷ ᠨᠣᠮᠧᠷᠲᠤ ᠵᠠᠬᠢᠳᠠᠯ  ᠤᠨ ᠬᠠᠶᠢᠷᠴᠠᠭ︔      ᠢᠮᠧᠯ᠄ n m g d 7 x s z @ 163 . c o m     ᠬᠠᠷᠢᠯᠴᠠᠬᠤ ᠵᠠᠬᠢᠳᠠᠯ  ᠤᠨ ᠬᠠᠶᠢᠷᠴᠠᠭ᠄ ᠵᠢᠨᠱᠠᠨ ᠪᠠᠭᠤᠳᠠᠯ ᠤᠨ ᠶᠡᠭᠡ ᠡᠭᠦᠳᠡᠨ ᠤ ᠵᠡᠭᠦᠨ ᠲᠠᠯ᠎ᠠ︔ ᠬᠤᠰᠢᠭᠤᠨ ᠤ ᠨᠠᠮ ᠵᠠᠰᠠᠭ  ᠤᠨ ᠶᠡᠷᠦᠩᠬᠡᠶᠢᠯᠡᠭᠰᠡᠨ ᠠᠰᠠᠷ ᠤᠨ ᠭᠤᠣᠯ ᠠᠰᠠᠷ ᠤᠨ ᠵᠡᠭᠦᠨ ᠲᠠᠯ᠎ᠠ ᠳᠤ᠃      ᠥᠷᠭᠡᠨ ᠣᠯᠠᠨ ᠺᠠᠳ᠋ᠷ ᠣᠯᠠᠨ ᠲᠦᠮᠡᠨ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠬᠡᠯᠪᠡᠷᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠮᠥᠨ ᠢᠶᠠᠷ ᠨᠢ ᠪᠠᠶᠢᠳᠠᠯ ᠢ ᠲᠤᠰᠬᠠᠬᠤ ᠶᠢ ᠪᠠᠶᠠᠷᠯᠠᠨ ᠤᠭᠲᠤᠵᠤ ᠪᠠᠢᠨ᠎ᠠ᠃ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠶᠳᠪᠦᠷᠢᠯᠡᠬᠦ ᠳᠠᠭᠤᠰᠬᠤ ᠴᠠᠭ ᠨᠢ 6 ᠰᠠᠷ᠎ᠠ ᠶᠢᠨ 10 ᠤ ᠡᠳᠦᠷ ᠪᠣᠯᠤᠨ᠎ᠠ᠃                ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠢᠯᠠᠩ                                          2019 ᠣᠨ 4 ᠰᠠᠷ᠎ᠠ ᠶᠢᠨ 9 ᠤ ᠡᠳᠦᠷ
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号