2019 ᠤᠨ ᠤ ᠤᠯᠠᠭᠠᠨᠬᠠᠳᠠ ᠬᠤᠳᠠ ᠶᠢᠨ ᠬᠤᠢ ᠴᠦᠨ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ    ᠨᠡᠶᠢᠬᠡᠮ ᠤᠨ ᠲᠡᠳᠬᠦᠨ ᠲᠡᠮᠵᠢᠬᠦ ᠦᠢᠯᠡᠴᠢᠯᠡᠬᠡᠨ ᠤ ᠬᠦᠢᠴᠡᠳᠭᠡᠭᠴᠢ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2019/5/11
ᠤᠯᠠᠭᠠᠨᠬᠠᠳᠠ ᠬᠤᠳᠠ ᠶᠢᠨ ᠬᠤᠢ ᠴᠦᠨ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ ᠬᠠᠷᠠᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠤ ᠨᠡᠶᠢᠬᠡᠮ ᠤᠨ ᠲᠡᠳᠬᠦᠨ ᠲᠡᠮᠵᠢᠬᠦ ᠦᠢᠯᠡᠴᠢᠯᠡᠭᠡ ᠬᠤᠳᠠᠯᠳᠤᠨ ᠠᠪᠬᠤ ᠲᠦᠷᠦᠯ ᠵᠦᠢᠯ ᠢ ᠲᠠᠭᠠᠭᠠᠴᠢᠯᠠᠨ ᠠᠪᠤᠯ᠎ᠠ᠂ ᠠᠵᠢᠯ ᠤᠨ ᠱᠠᠭᠠᠷᠳᠠᠯᠭ᠎ᠠ ᠶᠤᠰᠤᠭᠠᠷ᠂ ᠤᠳᠤ ᠪᠠᠷ ᠬᠤᠰᠢᠭᠤ᠂ ᠰᠢᠶᠡᠩ ᠪᠠᠯᠭᠠᠰᠤ ︵ᠵᠡᠭᠡᠯᠢ ᠭᠤᠳᠤᠮᠵᠢ︶ ᠶᠢᠨ ᠬᠤᠶᠠᠷ ᠱᠠᠳᠤᠨ ᠤ ᠨᠡᠶᠢᠬᠡᠮ ᠤᠨ ᠲᠡᠳᠬᠦᠨ ᠲᠡᠮᠵᠢᠬᠦ ᠦᠢᠯᠡᠴᠢᠯᠡᠬᠡᠨ ᠤ ᠬᠦᠢᠴᠡᠳᠭᠡᠭᠴᠢ ᠶᠢ ᠨᠡᠶᠢᠬᠡᠮ ᠲᠡᠭᠡᠷ᠎ᠡ ᠠᠴᠠ ᠡᠯᠰᠡᠨ ᠠᠪᠬᠤ ᠪᠤᠯᠤᠨ᠎ᠠ᠂ ᠠᠯᠪᠠᠨ ᠵᠠᠷ ᠲᠤᠤᠷᠠᠬᠢ ᠮᠠᠳᠦ᠃ ᠨᠢᠬᠡ᠂ ᠡᠯᠰᠡᠨ ᠠᠪᠬᠤ ᠵᠡᠷᠴᠢᠮᠲᠤᠰ ᠤᠳᠠᠭᠠᠨ ᠤ ᠡᠯᠰᠡᠯᠳᠠ ᠳᠤ《ᠠᠷᠠᠳᠴᠢᠯᠡᠯ ᠲᠠᠢ᠂ ᠢᠯᠡ ᠲᠤᠳᠤ ᠪᠠᠶᠢᠬᠤ᠂ ᠦᠷᠢᠰᠦᠯᠳᠦᠬᠦᠯᠬᠦ᠂ ᠰᠢᠯᠢᠳᠡᠭ ᠢ ᠰᠤᠩᠭᠤᠬᠤ》ᠵᠠᠷᠴᠢᠮ ᠢ ᠪᠠᠷᠢᠮᠳᠠᠯᠠᠵᠥ᠂ ᠮᠤᠷᠠᠯ ᠴᠢᠳᠠᠪᠤᠷᠢ ᠬᠤᠤᠰᠯᠠᠭᠰᠠᠨ ᠪᠠᠷᠢᠮᠵᠢᠶ᠎ᠠ ᠶᠤᠰᠤᠭᠠᠷ ᠪᠢᠷ ᠤᠨ ᠰᠢᠯᠭᠠᠯᠳᠠ᠂ ᠨᠢᠭᠤᠷᠳᠠᠨ ᠰᠢᠯᠭᠠᠬᠤ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠤᠨ᠎ᠠ᠃ᠬᠤᠶᠠᠷ᠂ ᠡᠯᠰᠡᠬᠦ ᠲᠦᠯᠦᠪᠯᠡᠭᠡ ᠪᠠ ᠠᠵᠢᠯ ᠤᠨ ᠪᠠᠶᠢᠷᠢᠲᠤᠰ ᠤᠳᠠᠭᠠᠨ ᠤ ᠡᠯᠰᠡᠯᠳᠠ ᠳᠤ ᠬᠤᠰᠢᠭᠤ᠂ ᠰᠢᠶᠡᠩ ᠪᠠᠯᠭᠠᠰᠤ ︵ᠵᠡᠭᠡᠯᠢ ᠭᠤᠳᠤᠮᠵᠢ︶ ᠶᠢᠨ ᠬᠤᠶᠠᠷ ᠱᠠᠳᠤᠨ ᠤ ᠨᠡᠶᠢᠬᠡᠮ ᠤᠨ ᠲᠡᠳᠬᠦᠨ ᠲᠡᠮᠵᠢᠬᠦ ᠦᠢᠯᠡᠴᠢᠯᠡᠬᠡᠨ ᠤ ᠬᠦᠢᠴᠡᠳᠭᠡᠭᠴᠢ ᠶᠢ 24 ᠬᠦᠮᠦᠨ ︵ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠳᠤ 10  ᠬᠦᠮᠦᠨ᠂ ᠰᠢᠶᠡᠩ ᠪᠠᠯᠭᠠᠰᠤ ᠵᠡᠭᠡᠯᠢ ᠭᠤᠳᠤᠮᠵᠢ ᠳᠤ 14 ᠬᠦᠮᠦᠨ︶ ᠢ ᠡᠯᠰᠡᠨ ᠠᠪᠴᠦ᠂ ᠬᠠᠷᠠᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠪᠠ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠶᠠᠪᠤᠳᠠᠯ ᠤᠨ ᠠᠯᠪᠠᠨ ᠭᠡᠷ ᠲᠠᠢ ᠬᠠᠮᠵᠢᠯᠴᠠᠨ ᠨᠡᠶᠢᠬᠡᠮ ᠤᠨ ᠲᠡᠳᠬᠦᠨ ᠲᠡᠮᠵᠢᠬᠦ ᠠᠵᠢᠯ ᠬᠢᠨ᠎ᠡ᠃ᠭᠤᠷᠪᠠ᠂ ᠡᠯᠰᠡᠬᠦ ᠨᠦᠬᠦᠴᠡᠯ ︵ᠨᠢᠬᠡ︶ ᠲᠤᠤᠷᠠᠬᠢ ᠨᠦᠬᠦᠴᠡᠯ ᠢ ᠪᠦᠷᠢᠯᠳᠦᠬᠦᠯᠦᠭᠰᠡᠨ ᠬᠦᠮᠦᠰ ᠨᠡᠷ᠎ᠡ ᠮᠡᠳᠡᠬᠦᠯᠦᠨ ᠰᠢᠯᠭᠠᠵᠥ ᠪᠤᠯᠤᠨ᠎ᠠ᠃1᠂   ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠵᠥ᠂ ᠤᠯᠤᠰ ᠤᠨ ᠬᠠᠤᠯᠢ ᠴᠠᠭᠠᠵᠠ ᠶᠢ ᠵᠢᠷᠤᠮᠯᠠᠨ᠎ᠠ᠃2᠂ ᠤᠨᠴᠠ ᠰᠠᠶᠢᠨ ᠮᠤᠷᠠᠯ ᠰᠤᠷᠳᠠᠯ ᠲᠠᠢ ᠪᠠ ᠨᠡᠶᠢᠬᠡᠮ ᠤᠨ ᠬᠠᠷᠢᠭᠤᠴᠠᠯᠭ᠎ᠠ ᠲᠠᠢ᠃3᠂ ᠡᠯᠰᠡᠬᠦ ᠡᠳᠡᠭᠡᠳ᠄ ᠤᠯᠤᠰ ᠠᠴᠠ ᠮᠡᠳᠡᠷᠡᠭᠰᠡᠨ ᠶᠡᠭᠡ ᠰᠤᠷᠭᠠᠭᠤᠯᠢ ᠪᠠ ᠲᠤᠰᠬᠠᠢ ᠮᠡᠷᠬᠡᠵᠢᠯ ᠤᠨ ᠲᠡᠭᠡᠳᠦ ᠰᠤᠷᠭᠠᠭᠤᠯᠢ ᠠᠴᠠ ᠲᠡᠭᠡᠭᠰᠢᠬᠢ ᠰᠤᠷᠤᠯᠭ᠎ᠠ ᠶᠢᠨ ᠨᠠᠮᠳᠠᠷ ᠲᠠᠢ ᠪᠠᠶᠢᠬᠤ᠃4᠂ ᠨᠠᠰᠤ ᠵᠢᠯ ᠤᠨ ᠱᠠᠭᠠᠷᠳᠠᠯᠭ᠎ᠠ᠄ 18 ᠪᠦᠬᠦᠯᠢ ᠨᠠᠰᠤᠨ ᠠᠴᠠ ᠲᠡᠭᠡᠭᠰᠢᠬᠢ ︵2001 ᠤᠨ ᠤ 5 ᠰᠠᠷ᠎ᠠ ᠶᠢᠨ 1 ᠤ ᠡᠳᠦᠷ ᠠᠴᠠ ᠤᠷᠢᠳ ᠲᠦᠷᠦᠭᠰᠡᠨ︶ 35 ᠪᠦᠬᠦᠯᠢ ᠨᠠᠰᠤᠨ ᠠᠴᠠ ᠲᠤᠭᠤᠭᠰᠢ ︵1984 ᠤᠨ ᠤ 5 ᠰᠠᠷ᠎ᠠ ᠶᠢᠨ 1 ᠤ ᠡᠳᠦᠷ ᠠᠴᠠ ᠡᠮᠦᠨ᠎ᠡ ᠲᠦᠷᠦᠭᠰᠡᠨ︶᠃5.ᠡᠷᠦᠭᠡ ᠠᠮᠠ ᠶᠢᠨ ᠱᠠᠭᠠᠷᠳᠠᠯᠭ᠎ᠠ᠄ ᠲᠤᠰ ᠵᠠᠷᠯᠠᠯ ᠨᠡᠶᠢᠳᠡᠯᠡᠬᠦ ᠠᠴᠠ ᠡᠮᠦᠨ᠎ᠡ ᠬᠠᠷᠠᠴᠢᠨ ᠬᠤᠰᠢᠭᠤᠨ ᠤ ᠡᠷᠦᠭᠡ ᠠᠮᠠ ᠶᠢᠨ ᠲᠠᠩᠰᠠ ᠲᠠᠢ ᠪᠠᠶᠢᠬᠤ ︵2019 ᠤᠨ ᠤ 5 ᠰᠠᠷ᠎ᠠ ᠶᠢᠨ 1 ᠤ ᠡᠳᠦᠷ ᠠᠴᠠ ᠤᠷᠢᠳ ᠬᠠᠷᠠᠴᠢᠨ ᠬᠤᠰᠢᠭᠤᠨ ᠳᠤ ᠰᠢᠯᠵᠢᠨ ᠢᠷᠡᠭᠰᠡᠨ᠂ ᠰᠤᠷᠤᠭᠴᠢ ᠶᠢᠨ ᠢᠷᠡᠯᠳᠡ ᠶᠢᠨ ᠤᠷᠤᠨ ᠪᠠ ᠤᠤᠯ ᠨᠤᠳᠤᠭ ᠨᠢ ᠬᠠᠷᠠᠴᠢᠨ ᠬᠤᠰᠢᠭᠤᠨ ᠤ ᠲᠡᠬᠦᠰᠦᠭᠰᠡᠨ ᠰᠤᠷᠤᠭᠴᠢ︶ ᠪᠠ ᠬᠠᠷᠠᠴᠢᠨ ᠬᠤᠰᠢᠭᠤᠨ ᠤ ᠡᠷᠦᠭᠡ ᠠᠮᠠ ᠦᠭᠡᠢ ᠪᠠᠶᠢᠳᠠᠭ ᠲᠤᠰ ᠬᠤᠰᠢᠭᠤᠨ ᠳᠤ ᠦᠢᠯᠡᠴᠢᠯᠡᠵᠥ ᠪᠠᠶᠢᠭ᠎ᠠ《ᠵᠢᠷᠭᠤᠭᠠᠨ ᠲᠦᠷᠦᠯ》 ᠤᠨ ᠲᠦᠷᠦᠯ ᠵᠦᠢᠯ ᠤᠨ ᠰᠤᠷᠤᠭᠴᠢᠳ᠃6᠂ ᠨᠡᠶᠢᠬᠡᠮ ᠤᠨ ᠲᠡᠳᠬᠦᠨ ᠲᠡᠮᠵᠢᠬᠦ ᠬᠦᠷᠢᠶ᠎ᠡ ᠬᠡᠪᠴᠢᠶᠡᠨ ᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠴᠢᠳᠠᠮᠠᠭᠠᠢ ᠪᠠᠶᠢᠬᠤ᠃ ᠡᠰᠢᠯᠡᠯ᠂ ᠮᠡᠳᠡᠬᠦᠯᠦᠯᠳᠡ᠂ ᠳ᠋ᠦᠩᠨᠡᠯᠳᠡ᠂ ᠲᠤᠳᠤᠷᠬᠠᠶᠢᠯᠠᠯᠳᠠ ᠵᠡᠷᠬᠡ ᠠᠯᠪᠠᠨ ᠪᠢᠴᠢᠭ ᠢ ᠪᠠᠶ᠎ᠠ ᠪᠠᠨ ᠲᠠᠭᠠᠭᠠᠨ ᠨᠤᠤᠷᠠᠭᠯᠠᠵᠤ ᠴᠢᠳᠠᠬᠤ᠂ ᠺᠤᠮᠫᠢᠥ᠋ᠲ᠋ᠧᠷ ᠢ ᠲᠠᠳᠮᠠᠭᠠᠢ ᠬᠡᠷᠡᠭᠯᠡᠵᠥ ᠴᠢᠳᠠᠬᠤ᠂ EXCEL ᠴᠠᠬᠢᠮ ᠬᠦᠰᠦᠨᠦᠭᠳᠦ  ᠂ WORD ᠳ᠋ᠤᠺ ᠵᠢᠴᠢ ᠠᠵᠢᠯ ᠳᠤ  ᠬᠡᠷᠡᠭᠰᠡᠬᠦ ᠲᠠᠪᠴᠠᠩ ᠵᠢᠴᠢ ᠰᠢᠰᠲ᠋ᠧᠮ ᠵᠡᠷᠬᠡ ᠤᠳᠤᠬᠢᠴᠢᠯᠠᠭᠰᠠᠨ ᠠᠯᠪᠠᠯᠠᠬᠤ ᠶᠠᠪᠤᠴᠠ ᠪᠠ ᠲᠤᠨᠤᠭ ᠢ ᠠᠮᠢᠳᠤᠯᠢᠭ ᠬᠡᠷᠡᠭᠯᠡᠵᠥ ᠴᠢᠳᠠᠬᠤ᠃7᠂ ᠪᠡᠶ᠎ᠡ ᠴᠢᠬᠢᠷᠠᠭ᠂ ᠦᠷᠬᠦᠯᠵᠢ ᠬᠦᠳᠡᠭᠡ ᠪᠠᠭᠤᠵᠥ ᠡᠷᠦᠬᠡ ᠳᠤ ᠬᠦᠨᠵᠡᠬᠡᠶᠢᠷᠡᠬᠦ ᠳᠤ ᠵᠤᠬᠢᠴᠠᠬᠤ᠂ ᠤᠨᠴᠠ ᠰᠠᠶᠢᠨ ᠦᠭᠡ ᠬᠡᠯᠡᠨ ᠤ ᠵᠤᠬᠢᠶᠠᠨ ᠪᠠᠶᠢᠭᠤᠯᠬᠤ ᠪᠠ ᠢᠯᠡᠳᠬᠡᠬᠦ ᠴᠢᠳᠡᠪᠤᠷᠢ ᠲᠠᠢ ᠪᠠᠶᠢᠬᠤ᠃ ᠵᠤᠬᠢᠬᠤ ᠬᠡᠮᠵᠢᠶᠡᠨ ᠤ ᠵᠤᠬᠢᠶᠠᠨ ᠪᠠᠶᠢᠭᠤᠯᠬᠤ᠂ ᠬᠠᠮᠢᠶᠠᠷᠬᠤ᠂ ᠵᠤᠬᠢᠴᠠᠭᠤᠯᠬᠤ ᠴᠢᠳᠠᠪᠤᠷᠢ ᠲᠠᠢ ᠪᠠᠶᠢᠬᠤ᠃ ᠬᠡᠨᠡᠳᠳᠡ ᠡᠭᠦᠰᠦᠭᠰᠡᠨ ᠬᠡᠷᠡᠭ ᠤᠴᠢᠷ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ᠂ ᠬᠦᠳᠡᠯᠦᠩᠭᠦᠢ ᠦᠢᠯᠡᠴᠢᠯᠡᠬᠦ ᠤᠬᠠᠭᠳᠠᠬᠤᠨ ᠪᠦᠷᠢᠯᠳᠦᠬᠦᠯᠵᠥ᠂ ᠪᠤᠰᠤᠳ ᠤᠨ ᠡᠮᠦᠨ᠎ᠡ ᠠᠴᠠ ᠪᠤᠳᠤᠵᠥ ᠰᠡᠳᠬᠢᠵᠥ ᠲᠡᠶᠢᠯᠬᠦ᠃ ︵ᠬᠤᠶᠠᠷ︶ ᠲᠤᠤᠷᠠᠬᠢ ᠮᠡᠳᠦ ᠬᠦᠮᠦᠰ ᠨᠡᠷ᠎ᠡ ᠮᠡᠳᠡᠬᠦᠯᠵᠥ ᠪᠤᠯᠬᠤ ᠦᠭᠡᠢ᠄ ︵1︶ ᠪᠦᠬᠦᠯᠢ ᠡᠳᠦᠷ ᠢᠶᠠᠷ ᠬᠢᠴᠢᠶᠡᠯᠯᠡᠵᠥ ᠪᠠᠶᠢᠭ᠎ᠠ ᠲᠡᠭᠡᠳᠦ ᠰᠤᠷᠭᠠᠭᠤᠯᠢ ᠳᠤ ᠰᠤᠷᠤᠯᠴᠠᠵᠥ ᠪᠠᠶᠢᠭ᠎ᠠ ᠲᠡᠭᠡᠳᠦ ᠵᠡᠷᠭᠡ ᠶᠢᠨ ᠲᠤᠰᠬᠠᠢ ᠮᠡᠷᠬᠡᠵᠢᠯ᠂ ᠵᠢᠩᠬᠢᠨᠢ ᠠᠩᠬᠢ ᠶᠢᠨ ᠤᠶᠤᠳᠠᠨ ︵2019 ᠤᠨ ᠤ 7 ᠰᠠᠷ᠎ᠠ ᠳᠤ ᠲᠡᠭᠦᠰᠬᠦ ᠪᠦᠬᠦᠯᠢ ᠡᠳᠦᠷ ᠬᠢᠴᠢᠶᠡᠯᠯᠡᠳᠡᠭ ᠡᠩ ᠤᠨ ᠲᠡᠭᠡᠳᠦ ᠵᠡᠷᠭᠡ ᠶᠢᠨ ᠦᠨᠦ ᠵᠢᠯ ᠲᠡᠬᠦᠰᠬᠦ ᠰᠤᠷᠤᠭᠴᠢ︶᠃ ︵2︶ ᠨᠠᠮ ᠵᠠᠰᠠᠭ ᠤᠨ ᠰᠠᠬᠢᠯᠭ᠎ᠠ ᠶᠢᠨ ᠰᠢᠢᠳᠬᠡᠯ ᠬᠦᠯᠢᠶᠡᠭᠰᠡᠨ ᠪᠤᠶᠤ ᠠᠯᠪᠠᠨ ᠲᠤᠰᠢᠶᠡᠯ ᠢᠶᠠᠨ ᠤᠭᠴᠠᠷᠠᠭᠤᠯᠤᠭᠳᠠᠭᠰᠠᠳ᠃《ᠨᠤᠮ ᠤᠨ ᠬᠦᠷᠳᠦ》ᠵᠡᠷᠬᠡ ᠭᠠᠵᠢᠭᠤ ᠱᠠᠰᠢᠨ ᠤ ᠵᠤᠬᠢᠶᠠᠨ ᠪᠠᠶᠢᠭᠤᠯᠤᠯᠳᠠ ᠳᠤ ᠤᠷᠤᠯᠴᠠᠵᠥ ᠦᠩᠭᠡᠷᠡᠭᠰᠡᠨ᠂ ᠴᠢᠰᠤᠨ ᠲᠦᠷᠦᠯ ᠤᠨ ᠰᠢᠭᠤᠳ ᠬᠠᠷᠢᠴᠠᠭ᠎ᠠ ᠲᠠᠢ ᠲᠦᠷᠦᠯ ᠪᠠ ᠲᠠᠮ ᠬᠠᠷᠢᠴᠠᠭ᠎ᠠ  ᠲᠠᠢ ᠲᠦᠷᠦᠯ ᠨᠢ ᠡᠷᠡᠬᠦᠦ ᠰᠢᠢᠳᠬᠡᠯ ᠪᠤᠶᠤ ᠰᠢᠢᠳᠬᠡᠯ ᠬᠦᠢᠴᠡᠳᠬᠡᠵᠥ ᠪᠠᠶᠢᠭ᠎ᠠ᠂ ᠬᠢᠯᠢ ᠶᠢᠨ ᠭᠠᠳᠠᠨ᠎ᠠ ᠮᠠᠨ ᠤ ᠤᠯᠤᠰ ᠵᠠᠰᠠᠭ ᠤᠨ ᠡᠷᠭᠡ ᠶᠢ ᠨᠤᠷᠠᠭᠠᠭᠬᠤ ᠪᠠᠷ ᠠᠵᠢᠯᠯᠠᠭ᠎ᠠ ᠬᠢᠭᠰᠡᠳ᠃ ︵4︶ ᠨᠡᠶᠢᠬᠡᠮ ᠤᠨ ᠶᠤᠰᠤ ᠰᠤᠷᠳᠠᠬᠤᠨ᠂ ᠲᠤᠬᠠᠶᠢᠯᠠᠭᠰᠠᠨ ᠠᠵᠢᠯ ᠤᠨ ᠮᠤᠷᠠᠯ ᠢ ᠵᠦᠷᠢᠴᠡᠵᠥ᠂ ᠡᠷᠡᠬᠦᠯ ᠪᠤᠰᠤ ᠢᠳᠡᠬᠡᠮᠵᠢ ᠶᠢᠨ ᠲᠡᠮᠳᠡᠭᠯᠡᠯ ᠲᠠᠢ ᠬᠦᠮᠦᠰ᠃ ︵5︶ ᠤᠳᠤᠮᠯᠠᠯ ᠤᠨ ᠴᠢᠨᠡᠷᠳᠡᠢ ᠬᠠᠯᠳᠠᠪᠤᠷᠢᠳᠤ ᠡᠪᠡᠳᠴᠢᠳᠡᠨ᠂ ᠮᠡᠳᠡᠷᠡᠯ ᠤᠨ ᠡᠪᠡᠳᠴᠢᠨ ᠨᠡᠷᠪᠡᠭᠳᠡᠵᠥ ᠦᠩᠬᠡᠷᠡᠭᠰᠡᠨ ᠬᠦᠮᠦᠰ᠃ᠲᠦᠷᠪᠡ᠂ ᠡᠯᠰᠡᠬᠦ ᠲᠠᠷᠠᠭᠠᠯᠠᠯᠲᠤᠰ ᠤᠳᠠᠭᠠᠨ ᠤ ᠡᠯᠰᠡᠬᠦ ᠠᠵᠢᠯ ᠵᠠᠷᠯᠠᠯ ᠨᠡᠶᠢᠳᠡᠯᠡᠬᠦ᠂ ᠨᠡᠷ᠎ᠡ ᠮᠡᠳᠡᠬᠦᠯᠬᠦ ᠪᠠ ᠬᠢᠷᠢ ᠬᠡᠮ ᠢ ᠨᠢ ᠰᠢᠯᠭᠠᠬᠤ᠂ ᠪᠢᠷ ᠤᠨ ᠰᠢᠯᠭᠠᠯᠳᠠ᠂ ᠨᠢᠭᠤᠷᠳᠠᠨ ᠰᠢᠯᠭᠠᠬᠤ᠂ ᠪᠡᠶ᠎ᠡ ᠶᠢᠨ ᠪᠠᠶᠢᠴᠠᠭᠠᠯᠳᠠ᠂ ᠢᠯᠡ ᠨᠡᠶᠢᠳᠡᠯᠡᠬᠦ ᠵᠢᠴᠢ ᠤᠷᠢᠵᠥ ᠬᠡᠷᠡᠭᠯᠡᠬᠦ ᠵᠡᠷᠭᠡ ᠲᠠᠷᠠᠭᠠᠯᠠᠯ ᠢᠶᠠᠷ ᠶᠠᠪᠤᠭᠳᠠᠨ᠎ᠠ᠃ ︵ᠨᠢᠬᠡ︶ ᠵᠡᠷᠯᠡᠯ ᠨᠡᠶᠢᠳᠡᠯᠡᠬᠦᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ(http://www.klq.gov.cn ᠲᠡᠭᠡᠷ᠎ᠡ ᠨᠡᠶᠢᠳᠡᠯᠡᠨ᠎ᠡ᠃ ︵ᠬᠤᠶᠠᠷ︶ ᠨᠡᠷ᠎ᠡ ᠮᠡᠳᠡᠬᠦᠯᠬᠦ ᠪᠠ ᠬᠢᠷᠢ ᠬᠡᠮ ᠢ ᠨᠢ ᠰᠢᠯᠭᠠᠬᠤ ︵1︶ ᠨᠡᠷ᠎ᠡ ᠮᠡᠳᠡᠬᠦᠯᠬᠦ ᠬᠤᠭᠤᠴᠠᠭ᠎ᠠ᠄ 2019 ᠤᠨ ᠤ 5 ᠰᠠᠷ᠎ᠠ ᠶᠢᠨ 13 ᠤ ᠡᠳᠦᠷ ᠠᠴᠠ 2019 ᠤᠨ  ᠤ 5 ᠰᠠᠷ᠎ᠠ ᠶᠢᠨ 17 ᠤ ᠡᠳᠦᠷ  ᠪᠤᠯᠳᠠᠯ᠎ᠠ ︵ᠦᠳᠡ ᠶᠢᠨ ᠡᠮᠦᠨ᠎ᠡ ᠶᠢᠨ8:30-11:30, ᠦᠳᠡ ᠶᠢᠨ ᠬᠤᠶᠢᠨ᠎ᠠ 14:30-17:30︶᠂ ᠬᠤᠭᠤᠴᠠᠭ᠎ᠠ ᠠᠴᠠ ᠬᠡᠳᠦᠷᠡᠭᠰᠡᠳ ᠢ ᠬᠦᠯᠢᠶᠡᠨ ᠠᠪᠬᠤ ᠦᠭᠡᠢ᠃ ︵2︶ ᠨᠡᠷ᠎ᠡ ᠮᠡᠳᠡᠬᠦᠯᠬᠦ ᠬᠢᠷᠢ ᠬᠡᠮ ᠢ ᠬᠢᠨᠡᠨ ᠰᠢᠯᠭᠠᠬᠤ ᠭᠠᠵᠠᠷ ᠪᠠ ᠠᠷᠭ᠎ᠠ᠄ ᠲᠤᠬᠠᠢ ᠶᠢᠨ ᠭᠠᠵᠠᠷ ᠲᠤ ᠨᠡᠷ᠎ᠡ ᠮᠡᠳᠡᠬᠦᠯᠦᠨ᠎ᠡ᠃ᠨᠡᠷ᠎ᠡ ᠮᠡᠳᠡᠬᠦᠯᠬᠦ ᠭᠠᠵᠠᠷ᠄ᠬᠠᠷᠠᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠤ ᠨᠢᠬᠡᠳᠦᠭᠡᠷ ᠠᠰᠠᠷ ᠤᠨ ᠵᠡᠬᠦᠨᠳᠡᠬᠢ ᠬᠡᠷ ᠪᠦᠯᠢ ᠶᠢᠨ ᠠᠵᠥ ᠠᠮᠢᠳᠤᠷᠠᠯ ᠤᠨ ᠪᠠᠶᠢᠴᠠᠭᠠᠭᠴᠢ ᠶᠢᠨ ᠠᠯᠪᠠᠨ ᠭᠡᠷ᠃ ︵3︶ ᠨᠡᠷ᠎ᠡ ᠮᠡᠳᠡᠬᠦᠯᠬᠦ ᠱᠠᠭᠠᠷᠳᠠᠯᠭ᠎ᠠ᠄ ᠨᠡᠷ᠎ᠡ ᠮᠡᠳᠡᠬᠦᠯᠬᠦ ᠬᠦᠮᠦᠨ《ᠤᠯᠠᠭᠠᠨᠬᠠᠳᠠ ᠬᠤᠳᠠ ᠶᠢᠨ ᠬᠤᠢ ᠴᠦᠨ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ ᠤᠨ ᠢᠯᠡ ᠪᠠᠷ ᠠᠵᠢᠯᠳᠠᠨ ᠡᠯᠰᠡᠬᠦ ᠨᠡᠷ᠎ᠡ ᠮᠡᠳᠡᠬᠦᠯᠬᠦ ᠪᠦᠷᠢᠳᠬᠡᠯ ᠤᠨ ᠬᠦᠰᠦᠨᠦᠭᠳᠦ》 ︵ᠲᠠᠭᠠᠯᠳᠤᠭᠤᠯᠤᠯ ᠬᠤᠶᠠᠷ︶ ᠢ ᠠᠪᠴᠦ᠂ ᠲᠤᠰ ᠬᠦᠮᠦᠨ ᠤ ᠪᠠᠶ᠎ᠠ ᠶᠢᠨ ᠦᠨᠡᠮᠯᠡᠯ᠂ ᠲᠡᠭᠦᠰᠦᠭᠰᠡᠨ ᠦᠨᠡᠮᠯᠡᠯ᠂ ᠤᠶᠤᠳᠠᠨ ᠤ ᠦᠨᠡᠮᠯᠡᠯ᠂ ᠬᠠᠮᠢᠶ᠎ᠠ ᠪᠦᠬᠦᠢ ᠬᠢᠷᠢ ᠬᠡᠮ ᠤᠨ ᠦᠨᠡᠮᠯᠡᠯ ᠤᠨ ᠤᠤᠯ ᠬᠤᠪᠢ ᠪᠠ ᠬᠠᠭᠤᠯᠪᠤᠷᠢ ᠨᠢᠬᠡ ᠬᠤᠪᠢ᠂ ᠰᠤᠷᠤᠯᠭ᠎ᠠ ᠶᠢᠨ ᠨᠠᠮᠳᠠᠷ ᠪᠠᠳᠤᠯᠭᠠᠵᠢᠭᠤᠯᠤᠭᠰᠠᠨ ᠮᠡᠳᠡᠬᠦᠯᠦᠯᠳᠡ ᠨᠢᠬᠡ ᠬᠤᠪᠢ᠂ ᠤᠶᠢᠷ᠎ᠠ ᠶᠢᠨ ᠬᠤᠭᠤᠴᠠᠭᠠᠨ ᠤ ᠨᠢᠬᠡ ᠢᠮᠠᠬᠤ ᠴᠠᠭᠠᠨ ᠲᠡᠪᠢᠰᠭᠡᠷᠳᠦ ᠮᠠᠯᠠᠭᠠᠢ ᠦᠭᠡᠢ ᠰᠡᠬᠦᠳᠡᠷ 3 ᠬᠤᠪᠢ᠃ ᠨᠡᠷ᠎ᠡ ᠮᠡᠳᠡᠬᠦᠯᠬᠦ ᠬᠦᠮᠦᠨ ᠤ ᠲᠤᠰᠢᠶᠠᠭᠰᠠᠨ ᠨᠡᠷ᠎ᠡ ᠮᠡᠳᠡᠬᠦᠯᠬᠦ ᠮᠠᠲ᠋ᠧᠷᠢᠶᠡᠯ ᠨᠢ ᠦᠨᠡᠨ ᠪᠤᠳᠠᠳᠠᠢ ᠪᠢᠰᠢ᠂ ᠵᠦᠪ ᠪᠢᠰᠢ ᠪᠠᠶᠢᠵᠥ᠂ ᠨᠢᠬᠡᠨᠳᠡ ᠪᠠᠶᠢᠴᠠᠭᠠᠨ ᠨᠤᠳᠠᠯᠠᠪᠠᠯ᠂ ᠰᠢᠯᠭᠠᠯᠳᠠ ᠶᠢᠨ ᠬᠢᠷᠢ ᠬᠡᠮ ᠢ ᠬᠠᠰᠤᠨ᠎ᠠ᠃ ᠬᠤᠪᠢ ᠬᠦᠮᠦᠨ ᠤ ᠲᠤᠪᠴᠢ ᠨᠠᠮᠳᠠᠷ ᠢᠶᠠᠨ ᠲᠠᠭᠯᠠᠬᠤ ᠦᠶ᠎ᠡ ᠳᠤ᠂ ᠬᠤᠪᠢ ᠬᠦᠮᠦᠨ ᠤ ᠦᠨᠳᠦᠰᠦᠨ ᠰᠤᠷᠠᠭ ᠵᠠᠩᠬᠢ᠂ ᠰᠤᠷᠤᠯᠴᠠᠭᠰᠠᠨ ᠦᠩᠭᠡᠷᠡᠯᠳᠡ᠂ ᠠᠵᠢᠯᠯᠠᠭᠰᠠᠨ ᠲᠤᠪᠴᠢ ᠲᠡᠦᠬᠡ ᠪᠠᠨ ᠪᠦᠷᠢᠨ ᠬᠦᠢᠴᠠᠳ ᠲᠠᠭᠯᠠᠵᠤ᠂ ᠴᠠᠭ ᠬᠤᠭᠤᠴᠠᠭ᠎ᠠ ᠨᠢ ᠠᠯᠤᠰᠯᠠᠭᠳᠠᠬᠤ ᠪᠤᠶᠤ ᠬᠤᠭᠤᠰᠤᠨ ᠪᠠᠶᠢᠵᠥ ᠪᠤᠯᠬᠤ ᠦᠭᠡᠢ᠃ ᠱᠠᠭᠠᠷᠳᠠᠯᠭ᠎ᠠ ᠪᠠᠷ ᠲᠠᠭᠯᠠᠬᠤ ᠦᠭᠡᠢ ᠪᠤᠯ ᠬᠢᠨᠡᠨ ᠰᠢᠯᠭᠠᠯᠳᠠ ᠶᠢ ᠦᠩᠭᠡᠷᠡᠭᠡᠵᠥ ᠲᠡᠶᠢᠯᠬᠦ ᠦᠭᠡᠢ᠃ ︵4︶ ᠨᠡᠷ᠎ᠡ ᠮᠡᠳᠡᠬᠦᠯᠬᠦ ᠰᠦᠢᠳᠬᠡᠯ᠄ ᠲᠤᠰ ᠤᠳᠠᠭᠠᠨ ᠤ ᠰᠢᠯᠭᠠᠯᠳᠠ ᠳᠤ ᠬᠦᠮᠦᠨ ᠪᠦᠷᠢ ᠠᠴᠠ 80  ᠲᠦᠭᠦᠷᠢᠭ ᠤᠨ ᠪᠠᠷᠢᠮᠵᠢᠶ᠎ᠠ ᠪᠠᠷ ᠬᠤᠷᠢᠶᠠᠨ᠎ᠠ᠃ ︵5︶ ᠬᠢᠷᠢ ᠬᠡᠮ ᠢ ᠬᠢᠨᠡᠨ ᠰᠢᠯᠭᠠᠬᠤ᠄ ᠡᠯᠰᠡᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠪᠠ ᠨᠡᠷ᠎ᠡ ᠮᠡᠳᠡᠭᠦᠯᠦᠭᠰᠡᠳ ᠤᠨ ᠪᠤᠳᠠᠳᠠᠢ ᠪᠠᠶᠢᠳᠠᠯ ᠢ ᠦᠨᠳᠦᠰᠦᠯᠡᠵᠥ᠂ ᠨᠡᠷ᠎ᠡ ᠮᠡᠳᠡᠬᠦᠯᠦᠭᠰᠡᠨ ᠬᠦᠮᠦᠰ ᠲᠤ ᠬᠢᠷᠢ ᠬᠡᠮ ᠢ ᠬᠢᠨᠠᠨ ᠰᠢᠯᠭᠠᠵᠥ ᠰᠤᠩᠭᠤᠨ ᠠᠪᠤᠨ᠎ᠠ᠃ ︵6︶ ᠰᠢᠯᠭᠠᠭᠤᠯᠬᠤ ᠦᠨᠡᠮᠯᠡᠯ ᠭᠠᠷᠳᠠᠵᠥ ᠠᠪᠬᠤᠭᠠᠷᠳᠠᠵᠥ ᠠᠪᠬᠤ ᠴᠠᠭ᠄ 2019 ᠤᠨ ᠤ 5 ᠰᠠᠷ᠎ᠠ ᠶᠢᠨ18 ᠤ ᠡᠳᠦᠷᠭᠠᠷᠳᠠᠵᠥ ᠠᠪᠬᠤ ᠭᠠᠵᠠᠷ᠄ ᠬᠠᠷᠠᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠤ ᠨᠢᠬᠡᠳᠦᠭᠡᠷ ᠠᠰᠠᠷ ᠤᠨ ᠵᠡᠬᠦᠨᠳᠡᠬᠢ ᠬᠡᠷ ᠪᠦᠯᠢ ᠶᠢᠨ ᠠᠵᠥ ᠠᠮᠢᠳᠤᠷᠠᠯ ᠤᠨ ᠪᠠᠶᠢᠴᠠᠭᠠᠭᠴᠢ ᠶᠢᠨ ᠠᠯᠪᠠᠨ ᠭᠡᠷ᠃ ︵7︶ ᠠᠳᠠᠯᠢ ᠨᠢᠬᠡᠨ ᠠᠵᠢᠯ ᠤᠨ ᠪᠠᠶᠢᠷᠢ ᠡᠯᠰᠡᠬᠦ ᠲᠦᠯᠦᠪᠯᠡᠬᠡᠨ ᠤ ᠲᠤᠭ᠎ᠠ ᠪᠠ ᠪᠤᠳᠠᠳᠠᠢ ᠨᠡᠷ᠎ᠡ ᠮᠡᠳᠡᠬᠦᠯᠦᠨ ᠰᠢᠯᠭᠠᠬᠤ ᠬᠦᠮᠦᠨ ᠤ ᠲᠤᠭ᠎ᠠ ᠵᠠᠷᠴᠢᠮ ᠲᠡᠭᠡᠷ᠎ᠡ ᠪᠠᠨ1:3 ᠪᠤᠯ ᠰᠢᠯᠭᠠᠯᠳᠠ ᠬᠢᠵᠥ ᠪᠤᠯᠤᠨ᠎ᠠ᠃ ᠰᠢᠯᠭᠠᠬᠤ ᠬᠠᠷᠢᠴᠠᠯ  ᠳᠤ ᠬᠦᠷᠴᠦ ᠲᠡᠶᠢᠯᠦᠭᠰᠡᠨ ᠦᠭᠡᠢ ᠪᠤᠯ ᠪᠤᠳᠠᠳᠠᠢ ᠨᠡᠷ᠎ᠡ ᠮᠡᠳᠡᠬᠦᠯᠦᠭᠰᠡᠨ ᠬᠦᠮᠦᠨ ᠤ ᠲᠤᠭ᠎ᠠ ᠪᠠᠷ ᠪᠢᠷ ᠤᠨ ᠰᠢᠯᠭᠠᠯᠳᠠ ᠳᠤ ᠤᠷᠤᠯᠴᠠᠨ᠎ᠠ᠃ ︵ᠭᠤᠷᠪᠠ︶ ᠪᠢᠷ ᠤᠨ ᠰᠢᠯᠭᠠᠯᠳᠠ1᠂ ᠪᠢᠷ ᠤᠨ ᠰᠢᠯᠭᠠᠯᠳᠠ ᠶᠢᠨ ᠠᠭᠤᠯᠭ᠎ᠠ᠄ᠪᠢᠷ ᠤᠨ ᠰᠢᠯᠭᠠᠯᠳᠠ ᠰᠡᠳᠦᠪ ᠤᠨ ᠠᠭᠤᠯᠭ᠎ᠠ ᠶᠢ ᠤᠯᠠᠭᠠᠨᠬᠠᠳᠠ ᠬᠤᠳᠠ ᠶᠢᠨ ᠬᠤᠢ ᠴᠦᠨ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ ᠨᠡᠶᠢᠳᠡ ᠶᠢᠨ ᠦᠨᠳᠦᠰᠦᠨ ᠮᠡᠳᠡᠯᠬᠡ ᠪᠠ ᠨᠡᠶᠢᠬᠡᠮ ᠤᠨ ᠠᠵᠢᠯ ᠤᠨ ᠬᠠᠮᠢᠶ᠎ᠠ ᠪᠦᠬᠦᠢ ᠮᠡᠳᠡᠯᠬᠡ ᠶᠢ ᠦᠨᠳᠦᠰᠦᠯᠡᠵᠥ ᠰᠡᠳᠤᠪ ᠭᠠᠷᠭᠠᠨ᠎ᠠ᠃ ᠨᠡᠶᠢᠳᠡ ᠨᠢᠬᠡ ᠬᠠᠭᠤᠳᠠᠰᠤ ᠶᠢᠨ ᠰᠢᠯᠭᠠᠯᠳᠠ᠂ ᠪᠦᠬᠦᠯᠢ ᠬᠤᠪᠢ 100 ᠬᠤᠪᠢ᠃ ᠪᠢᠷ ᠤᠨ ᠰᠢᠯᠭᠠᠯᠳᠠ ᠳᠤ ᠨᠢᠬᠡᠳᠦᠯᠳᠡᠢ ᠵᠤᠬᠢᠶᠠᠨ ᠪᠠᠶᠢᠭᠤᠯᠵᠥ᠂ ᠨᠢᠬᠡᠳᠦᠯᠳᠡᠢ ᠰᠡᠳᠦᠪ ᠭᠠᠷᠭᠠᠵᠥ᠂ ᠨᠢᠬᠡᠳᠦᠯᠳᠡᠢ ᠬᠢᠨᠠᠬᠤ ᠬᠡᠯᠪᠡᠷᠢ ᠪᠠᠷ ᠶᠠᠪᠤᠭᠳᠠᠭᠤᠯᠤᠨ᠎ᠠ᠃2᠂ ᠪᠢᠷ ᠤᠨ ᠰᠢᠯᠭᠠᠯᠳᠠ ᠶᠢᠨ ᠴᠠᠭ᠄ 2019 ᠤᠨ ᠨᠣᠨ 5 ᠰᠠᠷ᠎ᠠ ᠶᠢᠨ19 ᠤ ᠡᠳᠦᠷ ᠤᠨ ᠦᠳᠡ ᠶᠢᠨ ᠡᠮᠦᠨ᠎ᠡ ᠶᠢᠨ9:00—11:003᠂ ᠪᠢᠷ ᠤᠨ ᠰᠢᠯᠭᠠᠯᠳᠠ ᠬᠢᠬᠦ ᠭᠠᠵᠠᠷ᠄《ᠰᠢᠯᠭᠠᠭᠤᠯᠬᠤ ᠦᠨᠡᠮᠯᠡᠯ》ᠲᠡᠭᠡᠷ᠎ᠡ ᠠᠴᠠ ᠰᠢᠯᠭᠠᠬᠤ ᠭᠠᠵᠠᠷ ᠢ ᠨᠠᠷᠢᠨ ᠯᠠᠪᠯᠠᠭᠠᠷᠠᠢ᠃ ᠰᠢᠯᠭᠠᠯᠳᠠ ᠬᠢᠬᠦ ᠬᠦᠮᠦᠨ ᠪᠢᠷ ᠤᠨ ᠰᠢᠯᠭᠠᠯᠳᠠ ᠬᠢᠬᠦ ᠳᠤ ᠬᠤᠶᠠᠳᠤᠭᠠᠷ ᠦᠶ᠎ᠡ ᠶᠢᠨ ᠪᠠᠶ᠎ᠠ ᠶᠢᠨ ᠦᠨᠡᠮᠯᠡᠯ ︵ ᠰᠠᠭᠤᠭᠠᠯᠢ ᠠᠷᠠᠳ ᠤᠨ ᠲᠦᠷ ᠴᠠᠭ ᠤᠨ ᠪᠡᠶ᠎ᠡ ᠶᠢᠨ ᠦᠨᠡᠮᠯᠡᠯ᠂ ᠫᠠᠰᠫᠦ᠋ᠷᠲ︶ ᠪᠠ ᠰᠢᠯᠭᠠᠭᠤᠯᠬᠤ ᠦᠨᠡᠮᠯᠡᠯ ᠢ ᠠᠪᠴᠦ ᠤᠴᠢᠭᠰᠠᠨ ᠪᠠᠶᠢᠬᠤ ᠬᠡᠷᠡᠭᠳᠡᠢ᠂ ᠡᠰᠡ ᠲᠡᠭᠡᠪᠡᠯ ᠰᠢᠯᠭᠠᠯᠳᠠ ᠳᠤ ᠤᠷᠤᠯᠴᠠᠭᠤᠯᠬᠤ ᠦᠭᠡᠢ᠃4᠂ ᠪᠢᠷ ᠤᠨ ᠰᠢᠯᠭᠠᠯᠳᠠ ᠶᠢᠨ ᠬᠢᠷᠢ ᠪᠦᠳᠦᠮᠵᠢ ᠶᠢ ᠢᠯᠡ ᠨᠡᠶᠢᠳᠡᠯᠡᠬᠦᠪᠢᠷ ᠤᠨ ᠰᠢᠯᠭᠠᠯᠳᠠ ᠶᠢᠨ ᠬᠢᠷᠢ ᠪᠦᠳᠦᠮᠵᠢ ᠳᠤ ᠪᠤᠳᠠᠷᠬᠠᠢ ᠶᠢᠨ ᠴᠡᠭ ᠠᠴᠠ ᠬᠤᠶᠢᠰᠢᠬᠢ ᠬᠤᠶᠠᠷ ᠤᠷᠤᠨᠳᠦ ᠪᠠᠭ᠎ᠠ ᠲᠤᠭ᠎ᠠ ᠶᠢ ᠦᠯᠡᠳᠡᠭᠡᠨ᠎ᠠ᠂ ᠬᠢᠷᠢ ᠪᠦᠳᠦᠮᠵᠢ ᠠᠳᠠᠯᠢᠬᠠᠨ ᠪᠤᠯᠪᠠᠯ ᠲᠠᠷᠠᠭᠠᠬᠢ ᠨᠢᠬᠡ ᠪᠠᠭ᠎ᠠ ᠲᠤᠭ᠎ᠠ ᠪᠠᠷ ᠵᠢᠭᠰᠠᠭᠠᠬᠤ ᠪᠤᠶᠤ ᠮᠦᠨ ᠲᠠᠷᠠᠭᠠᠬᠢ ᠪᠠᠭ᠎ᠠ ᠲᠤᠭ᠎ᠠ ᠪᠠᠷ ᠦᠨᠳᠦᠷ ᠪᠤᠭᠤᠨᠢ ᠶᠢ ᠲᠤᠭᠳᠠᠭᠠᠨ᠎ᠠ᠂ ᠢᠵᠢᠯ ᠨᠢᠬᠡ ᠪᠠᠶᠢᠷᠢ ᠶᠢᠨ ᠡᠯᠰᠡᠬᠦ ᠲᠦᠯᠦᠪᠯᠡᠬᠡᠨ ᠳᠠᠬᠢ ᠡᠴᠦᠰ ᠤᠨ ᠪᠠᠶᠢᠷᠢ ᠶᠢᠨ ᠶᠡᠷᠦᠩᠭᠡᠢ ᠬᠢᠷᠢ ᠪᠦᠳᠦᠮᠵᠢ ᠵᠡᠷᠭᠡᠴᠡᠭᠰᠡᠨ ᠪᠠᠶᠢᠪᠠᠯ ᠪᠢᠷ ᠤᠨ ᠰᠢᠯᠭᠠᠯᠳᠠ ᠶᠢᠨ ᠬᠤᠪᠢ ᠦᠨᠳᠦᠷ ᠢ ᠡᠩ ᠲᠡᠷᠢᠬᠦᠨ ᠳᠤ ᠡᠯᠰᠡᠨ᠎ᠡ᠂ ᠪᠢᠷ ᠤᠨ ᠰᠢᠯᠭᠠᠯᠳᠠ ᠶᠢᠨ ᠬᠤᠪᠢ ᠠᠳᠠᠯᠢ ᠪᠠᠶᠢᠪᠠᠯ ᠲᠠᠬᠢᠨᠳᠠ ᠨᠡᠮᠡᠵᠥ ᠰᠢᠯᠭᠠᠵᠥ ᠲᠤᠭᠳᠠᠭᠠᠨ᠎ᠠ᠃ ᠪᠢᠷ ᠤᠨ ᠰᠢᠯᠭᠠᠯᠳᠠ ᠶᠢ ᠬᠢᠨᠠᠬᠤ ᠠᠵᠢᠯ ᠢ ᠠᠦ᠋ᠲ᠋ᠤᠴᠢᠯᠠᠭᠰᠠᠨ ᠰᠢᠰᠲ᠋ᠧᠮ᠂ ᠬᠦᠮᠦᠨ ᠤ ᠬᠦᠴᠦᠨ ᠪᠤᠰᠤ ᠬᠤᠪᠢ ᠲᠡᠮᠳᠡᠭᠯᠡᠬᠦ᠂ ᠬᠤᠪᠢ ᠬᠠᠷᠭᠤᠭᠤᠯᠬᠤ ᠶᠠᠪᠤᠴᠠ  ᠶᠢ ᠬᠡᠷᠡᠭᠯᠡᠨ᠎ᠡ᠂ ᠰᠢᠯᠭᠠᠯᠳᠠ ᠳᠤ ᠤᠷᠤᠯᠴᠠᠭᠰᠠᠨ ᠦᠭᠡᠢ᠂ ᠰᠠᠬᠢᠯᠭ᠎ᠠ ᠵᠦᠢᠷᠢᠴᠡᠭᠰᠡᠨ᠂ ᠲᠡᠭ ᠬᠤᠪᠢ ᠵᠡᠷᠬᠡ ᠤᠨᠴᠠᠭᠠᠢ ᠪᠠᠶᠢᠳᠠᠯ ᠠᠴᠠ ᠭᠠᠳᠠᠨ᠎ᠠ᠂ ᠰᠢᠯᠭᠠᠯᠳᠠ ᠬᠢᠭᠰᠡᠨ ᠬᠦᠮᠦᠨ ᠢ ᠬᠤᠪᠢ ᠪᠠᠨ ᠪᠠᠶᠢᠴᠠᠭᠠᠵᠥ ᠦᠵᠡᠬᠦ ᠶᠢ ᠵᠦᠪᠰᠢᠶᠡᠷᠡᠬᠦ ᠦᠭᠡᠢ᠃ ᠰᠢᠯᠭᠠᠯᠳᠠ ᠬᠢᠨᠠᠵᠥ ᠪᠠᠷᠠᠭᠰᠠᠨ ᠤ ᠲᠠᠷᠠᠭ᠎ᠠ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ ᠲᠡᠭᠡᠷ᠎ᠡ ᠰᠢᠯᠭᠠᠭᠰᠠᠳ ᠤᠨ ᠪᠢᠷ ᠤᠨ ᠰᠢᠯᠭᠠᠯᠳᠠ ᠶᠢᠨ ᠬᠢᠷᠢ ᠪᠦᠳᠦᠮᠢᠵᠢ ᠶᠢ ᠢᠯᠡ ᠨᠡᠶᠢᠳᠠᠯᠠᠨ᠎ᠠ᠃5᠂ ᠰᠢᠯᠭᠠᠯᠳᠠ ᠬᠢᠬᠦ ᠬᠠᠷᠢᠴᠠᠯ ᠳᠤ ᠬᠦᠷᠴᠦ ᠲᠡᠶᠢᠯᠦᠬᠡ ᠦᠭᠡᠢ ᠠᠵᠢᠯ ᠤᠨ ᠪᠠᠶᠢᠷᠢ ᠳᠤ ᠰᠢᠯᠭᠠᠭᠴᠢ ᠶᠢᠨ ᠪᠢᠷ ᠤᠨ ᠰᠢᠯᠭᠠᠯᠳᠠ ᠶᠢᠨ ᠬᠤᠪᠢ ᠨᠢ ᠪᠢᠷ ᠤᠨ ᠰᠢᠯᠭᠠᠯᠳᠠ ᠳᠤ ᠤᠷᠤᠯᠴᠠᠭᠰᠠᠨ ᠶᠡᠷᠦᠩᠬᠡᠢ ᠪᠦᠳᠦᠮᠵᠢ ᠶᠢᠨ ᠲᠡᠭᠰᠢᠳᠭᠡᠭᠰᠡᠨ ᠬᠤᠪᠢ ᠠᠴᠠ ᠦᠨᠳᠦᠷ ᠪᠠᠶᠢᠪᠠᠯ ᠰᠠᠶ᠋ᠢ ᠨᠢᠭᠤᠷᠳᠠᠨ ᠰᠢᠯᠭᠠᠯᠳᠠ ᠳᠤ ᠤᠷᠤᠯᠴᠠᠵᠥ ᠪᠤᠯᠤᠨ᠎ᠠ᠃ ︵ᠲᠦᠷᠪᠡ︶ ᠨᠢᠭᠤᠷᠳᠠᠨ ᠰᠢᠯᠭᠠᠬᠤ1᠂ ᠨᠢᠭᠤᠷᠳᠠᠨ ᠰᠢᠯᠭᠠᠬᠤ ᠶᠢ ᠤᠯᠠᠭᠠᠨᠬᠠᠳᠠ ᠬᠤᠳᠠ ᠶᠢᠨ ᠬᠤᠢ ᠴᠦᠨ ᠨᠡᠶᠢᠬᠡᠮ ᠲᠤᠭᠤᠷᠢᠭ ᠤᠨ ᠦᠢᠯᠡᠴᠢᠯᠡᠭᠡᠨ  ᠤ ᠲᠦᠪ ᠠᠴᠠ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠂ ᠰᠢᠯᠭᠠᠭᠰᠠᠳ ᠪᠢᠷ ᠤᠨ ᠰᠢᠯᠭᠠᠯᠳᠠ ᠶᠢᠨ ᠶᠡᠷᠦᠩᠭᠡᠢ ᠬᠢᠷᠢ ᠪᠦᠳᠦᠮᠵᠢ ᠶᠢ ᠦᠨᠳᠦᠷ ᠠᠴᠠ ᠪᠤᠭᠤᠨᠢ ᠤᠷᠤᠭᠤ ᠲᠠᠷᠠᠭᠠᠯᠠᠯ ᠢᠶᠠᠷ 1:3 ᠬᠠᠷᠢᠴᠠᠯ ᠢᠶᠠᠷ ᠨᠢᠭᠤᠷᠳᠠᠨ ᠰᠢᠯᠭᠠᠯᠳᠠ ᠳᠤ ᠤᠷᠤᠯᠴᠠᠨ᠎ᠠ᠃ ᠬᠠᠷᠢᠴᠠᠯ ᠤᠨ ᠨᠤᠷᠮ᠎ᠠ ᠳᠤ ᠬᠦᠷᠬᠦ ᠦᠭᠡᠢ ᠪᠤᠯ ᠪᠤᠳᠠᠳᠠᠢ ᠰᠢᠯᠭᠠᠭᠰᠠᠨ ᠬᠦᠮᠦᠨ ᠤ ᠲᠤᠭ᠎ᠠ ᠨᠢᠭᠤᠷᠳᠠᠨ ᠰᠢᠯᠭᠠᠯᠳᠠ ᠳᠤ ᠤᠷᠤᠯᠴᠠᠨ᠎ᠠ᠃2᠂ ᠨᠢᠭᠤᠷᠳᠠᠨ ᠰᠢᠯᠭᠠᠬᠤ ᠬᠦᠮᠦᠰ ᠤᠨ ᠨᠡᠷᠡᠰ ᠪᠠ ᠴᠠᠭ᠂ ᠭᠠᠵᠠᠷ ᠢ ᠲᠤᠰ ᠲᠤ ᠨᠢ ᠮᠡᠳᠡᠭᠳᠡᠨ᠎ᠡ᠂ ᠨᠢᠭᠤᠷᠳᠠᠨ ᠰᠢᠯᠭᠠᠬᠤ ᠬᠦᠮᠦᠰ ᠬᠤᠶᠠᠳᠤᠭᠠᠷ ᠦᠶ᠎ᠡ ᠶᠢᠨ ᠪᠠᠶ᠎ᠠ ᠶᠢᠨ ᠦᠨᠡᠮᠯᠡᠯ ᠢᠶᠠᠨ ᠠᠪᠴᠦ ᠤᠴᠢᠬᠤ ᠭᠡᠷᠡᠭᠳᠡᠢ᠃3᠂ ᠨᠢᠭᠤᠷᠳᠠᠨ ᠰᠢᠯᠭᠠᠯᠳᠠ ᠪᠦᠬᠦ ᠬᠤᠪᠢ 100 ᠬᠤᠪᠢ᠃ ᠰᠢᠯᠭᠠᠭᠰᠠᠳ ᠤᠨ ᠤᠯᠤᠰ ᠲᠦᠷᠦ ᠦᠵᠡᠯ ᠰᠠᠨᠠᠭ᠎ᠠ᠂ ᠶᠡᠷᠦᠩᠭᠡᠶᠢᠯᠡᠨ ᠵᠠᠳᠠᠯᠬᠤ᠂ ᠵᠤᠬᠢᠶᠠᠨ ᠪᠠᠶᠢᠭᠤᠯᠤᠨ ᠵᠤᠬᠢᠴᠠᠭᠤᠯᠬᠤ᠂ ᠶᠠᠷᠢᠵᠥ ᠢᠯᠡᠳᠬᠡᠬᠦ᠂ ᠯᠤᠬᠢᠭ ᠰᠡᠳᠬᠢᠬᠦᠢ᠂ ᠰᠠᠨᠠᠮᠰᠠᠷ ᠦᠭᠡᠢ ᠲᠤᠬᠢᠶᠠᠯᠳᠤᠯ ᠢ ᠠᠷᠭᠠᠴᠠᠭᠠᠬᠤ᠂ ᠬᠦᠮᠦᠰ ᠤᠨ ᠬᠠᠷᠢᠴᠠᠭᠠᠨ ᠤ ᠤᠶᠢᠯᠠᠭᠠᠯᠴᠠᠯᠭ᠎ᠠ ᠵᠡᠷᠬᠡ ᠶᠡᠷᠦᠩᠭᠡᠶᠢᠯᠡᠭᠰᠡᠨ ᠬᠡᠪ ᠴᠢᠨᠡᠷ ᠢ ᠰᠤᠷᠢᠨ ᠰᠢᠯᠭᠠᠨ᠎ᠠ᠃4᠂ ᠰᠢᠯᠭᠠᠯᠳᠠ ᠬᠢᠬᠦ ᠬᠠᠷᠢᠴᠠᠯ ᠳᠤ ᠬᠦᠷᠦᠭᠰᠡᠨ ᠦᠭᠡᠢ ᠠᠵᠢᠯ ᠪᠠᠶᠢᠷᠢ ᠶᠢᠨ ᠨᠢᠭᠤᠷᠳᠠᠨ ᠰᠢᠯᠭᠠᠯᠳᠠ ᠳᠤ ᠤᠷᠤᠯᠴᠠᠭᠰᠠᠳ ᠤᠨ ᠨᠢᠭᠤᠷᠳᠠᠨ ᠰᠢᠯᠭᠠᠯᠳᠠ ᠶᠢᠨ ᠬᠢᠷᠢ ᠪᠦᠳᠦᠮᠵᠢ ᠨᠢ ᠪᠦᠬᠦ ᠨᠢᠭᠤᠷᠳᠠᠨ ᠰᠢᠯᠭᠠᠭᠰᠠᠳ ᠤᠨ ᠶᠡᠷᠦᠩᠭᠡᠢ ᠬᠤᠪᠢ ᠠᠴᠠ ᠲᠤᠤᠷ᠎ᠠ ᠪᠠᠶᠢᠵᠥ ᠪᠤᠯᠬᠤ ᠦᠭᠡᠢ ᠪᠠᠶᠢᠳᠠᠯ ᠳᠤ ᠰᠠᠶ᠋ᠢ ᠪᠡᠶ᠎ᠡ ᠶᠢᠨ ᠪᠠᠶᠢᠴᠠᠭᠠᠯᠳᠠ ᠳᠤ ᠤᠷᠤᠯᠴᠠᠨ᠎ᠠ᠃5᠂ ᠨᠢᠭᠤᠷᠳᠠᠨ ᠰᠢᠯᠭᠠᠯᠳᠠ ᠶᠢᠨ ᠬᠢᠷᠢ ᠪᠦᠳᠦᠮᠵᠢ ᠶᠢ ᠨᠡᠶᠢᠳᠡᠯᠡᠬᠦ ᠠᠷᠭ᠎ᠠ ᠨᠢ ᠪᠢᠷ ᠤᠨ ᠰᠢᠯᠭᠠᠯᠳᠠ ᠠᠳᠠᠯᠢᠬᠠᠨ ᠨᠡᠶᠢᠳᠡᠯᠡᠨ᠎ᠡ᠃ ︵ᠲᠠᠪᠤ︶ ᠰᠢᠯᠭᠠᠯᠳᠠ ᠶᠢᠨ ᠶᠡᠷᠦᠩᠭᠡᠢ ᠬᠢᠷᠢ ᠪᠦᠳᠦᠮᠵᠢ ᠶᠢ ᠪᠤᠳᠤᠬᠤ ᠠᠷᠭ᠎ᠠᠰᠢᠯᠭᠠᠯᠳᠠ ᠶᠢᠨ ᠶᠡᠷᠦᠩᠭᠡᠢ ᠬᠢᠷᠢ ᠪᠦᠳᠦᠮᠵᠢ ᠶᠢ ᠪᠢᠷ ᠤᠨ ᠰᠢᠯᠭᠠᠯᠳᠠ᠂ ᠨᠢᠭᠤᠷᠳᠠᠨ ᠰᠢᠯᠭᠠᠯᠳᠠ ᠶᠢᠨ ᠬᠢᠷᠢ ᠪᠦᠳᠦᠮᠵᠢ ᠲᠤᠰᠪᠤᠷᠢ 50%   ᠪᠠᠷ ᠨᠡᠮᠡᠨ ᠪᠤᠳᠤᠭᠰᠠᠨ ᠤ ᠲᠠᠷᠠᠭᠠᠬᠢ ᠶᠡᠷᠦᠩᠭᠡᠢ ᠬᠤᠪᠢ ᠶᠤᠮ᠃ ᠰᠢᠯᠭᠠᠯᠳᠠ ᠶᠢᠨ ᠬᠢᠷᠢ ᠪᠦᠳᠦᠮᠵᠢ ᠳᠤ ᠪᠤᠳᠠᠷᠬᠠᠢ ᠶᠢᠨ ᠴᠡᠭ ᠠᠴᠠ ᠬᠤᠶᠢᠰᠢᠬᠢ ᠬᠤᠶᠠᠷ ᠤᠷᠤᠨᠳᠦ ᠪᠠᠭ᠎ᠠ ᠲᠤᠭ᠎ᠠ  ᠶᠢ ᠦᠯᠡᠳᠡᠭᠡᠨ᠎ᠠ᠂ ᠬᠢᠷᠢ ᠪᠦᠳᠦᠮᠵᠢ ᠠᠳᠠᠯᠢᠬᠠᠨ ᠪᠤᠯᠪᠠᠯ ᠲᠠᠷᠠᠭᠠᠬᠢ ᠨᠢᠬᠡ ᠪᠠᠭ᠎ᠠ ᠲᠤᠭ᠎ᠠ ᠪᠠᠷ ᠵᠢᠭᠰᠠᠭᠠᠨ ᠲᠤᠭᠳᠠᠭᠠᠨ᠎ᠠ᠃ ︵ᠵᠢᠷᠭᠤᠭ᠎ᠠ︶ ᠪᠡᠶ᠎ᠡ ᠶᠢᠨ ᠪᠠᠶᠢᠴᠠᠭᠠᠯᠳᠠᠪᠡᠶ᠎ᠡ ᠶᠢᠨ ᠪᠠᠶᠢᠴᠠᠭᠠᠯᠳᠠ ᠶᠢ ᠦᠪᠡᠷᠳᠡᠭᠡᠨ ᠵᠠᠰᠠᠬᠤ ᠤᠷᠤᠨ ᠤ ᠠᠯᠪᠠᠳᠠᠨ ᠤ ᠬᠠᠮᠢᠶ᠎ᠠ ᠪᠦᠬᠦᠢ ᠲᠤᠭᠳᠠᠭᠠᠯ ᠢᠶᠠᠷ ᠬᠡᠷᠭᠵᠢᠬᠦᠯᠦᠨ᠎ᠡ᠃ ᠪᠡᠶ᠎ᠡ ᠶᠢᠨ ᠪᠠᠶᠢᠴᠠᠭᠠᠯᠳᠠ ᠳᠤ ᠤᠷᠤᠯᠴᠠᠬᠤ ᠬᠦᠮᠦᠨ ᠤ ᠲᠤᠭ᠎ᠠ ᠶᠢ ᠲᠦᠰᠦᠪᠯᠡᠨ ᠲᠤᠭᠳᠠᠭᠠᠭᠰᠠᠨ ᠡᠯᠰᠡᠬᠦ ᠬᠦᠮᠦᠨ ᠤ ᠲᠤᠭ᠎ᠠ ᠶᠢᠨ 1:1 ᠪᠠᠷ ᠲᠤᠭᠳᠠᠭᠠᠨ᠎ᠠ᠃ ᠲᠤᠭᠳᠠᠭᠰᠠᠨ ᠴᠠᠭ᠂ ᠭᠠᠵᠠᠷ ᠲᠤ ᠪᠠᠶ᠎ᠠ ᠶᠢᠨ ᠪᠠᠶᠢᠴᠠᠭᠠᠯᠳᠠ ᠬᠢᠬᠦ ᠦᠭᠡᠢ ᠪᠤᠯ ᠲᠠᠶᠠᠭᠳᠠᠭᠰᠠᠨ ᠢᠶᠠᠷ ᠪᠤᠳᠤᠨ᠎ᠠ᠃ ᠪᠡᠶ᠎ᠡ ᠪᠠᠶᠢᠴᠠᠭᠠᠬᠤ ᠰᠦᠢᠳᠬᠡᠯ ᠢ ᠰᠢᠯᠭᠠᠭᠰᠠᠨ ᠬᠦᠮᠦᠨ ᠦᠪᠡᠷᠳᠡᠭᠡᠨ ᠬᠠᠷᠢᠭᠤᠴᠠᠨ᠎ᠠ᠂ ᠪᠠᠶ᠎ᠠ ᠪᠠᠶᠢᠴᠠᠭᠠᠭᠰᠠᠨ ᠦᠷ᠎ᠡ ᠳ᠋ᠦᠩ ᠳᠤ ᠡᠷᠡᠭᠡᠯᠵᠡᠭᠡ ᠲᠠᠢ ᠪᠤᠯ ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠠᠬᠢᠨ ᠪᠠᠶᠢᠴᠠᠭᠠᠯᠳᠠ ᠬᠢᠬᠦ ᠪᠠᠷ ᠡᠷᠡᠮᠡᠯᠵᠡᠯᠡᠵᠥ ᠪᠤᠯᠤᠨ᠎ᠠ᠂ ᠰᠦᠢᠳᠬᠡᠯ ᠢ ᠡᠷᠡᠮᠡᠯᠵᠡᠯᠡᠭᠰᠡᠨ ᠬᠦᠮᠦᠨ ᠬᠠᠷᠢᠭᠤᠴᠠᠨ᠎ᠠ᠂ ᠲᠠᠬᠢᠨ ᠪᠠᠶᠢᠴᠠᠭᠠᠯᠳᠠ ᠶᠢ ᠵᠦᠪᠬᠡᠨ ᠨᠢᠬᠡᠯᠡ ᠤᠳᠠᠭ᠎ᠠ ᠬᠢᠨ᠎ᠡ᠂ ᠪᠠᠶ᠎ᠠ ᠶᠢᠨ ᠪᠠᠶᠢᠴᠠᠭᠠᠯᠳᠠ ᠶᠢᠨ ᠦᠷ᠎ᠡ ᠳ᠋ᠦᠩ ᠢ ᠲᠠᠬᠢᠨ ᠪᠠᠶᠢᠴᠠᠭᠠᠭᠰᠠᠨ ᠰᠢᠢᠳᠪᠤᠷᠢ ᠪᠠᠷ ᠦᠨᠳᠦᠰᠦᠯᠡᠯ ᠪᠤᠯᠭᠠᠨ᠎ᠠ᠃ ᠪᠠᠶ᠎ᠠ ᠪᠠᠶᠢᠴᠠᠭᠠᠬᠤ ᠪᠤᠳᠠᠳᠠᠢ ᠴᠠᠭ ᠪᠠ ᠭᠠᠵᠠᠷ ᠢ ᠲᠤᠰ ᠲᠤ ᠨᠢ ᠮᠡᠳᠡᠭᠳᠡᠨ᠎ᠡ᠃ ︵ᠲᠤᠯᠤᠭ᠎ᠠ︶ ᠢᠯᠡ ᠨᠡᠶᠢᠳᠡᠯᠡᠬᠦ ᠪᠠ ᠡᠯᠰᠡᠬᠦ1᠂ ᠰᠢᠯᠭᠠᠭᠴᠢ ᠶᠢᠨ ᠰᠢᠯᠭᠠᠯᠳᠠ᠂ ᠪᠡᠶ᠎ᠡ ᠶᠢᠨ ᠪᠠᠶᠢᠴᠠᠭᠠᠯᠳᠠ ᠬᠢᠷᠢ ᠲᠡᠩᠴᠡᠪᠡᠯ ᠡᠯᠰᠡᠬᠦ ᠬᠦᠮᠦᠨ ᠢᠶᠠᠷ ᠲᠤᠭᠳᠠᠭᠠᠵᠤ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶᠠᠨ ᠲᠡᠭᠡᠷ᠎ᠡ ᠢᠯᠡ ᠨᠡᠶᠢᠳᠡᠯᠡᠨ᠎ᠡ᠂ ᠢᠯᠡᠴᠢᠯᠡᠨ ᠮᠡᠳᠡᠬᠦᠯᠬᠦ ᠤᠳᠠᠰᠤ ᠶᠢ ᠬᠠᠮᠳᠤ ᠳᠤ ᠨᠢ ᠨᠡᠶᠢᠳᠡᠯᠡᠵᠥ᠂ ᠨᠡᠶᠢᠬᠡᠮ ᠤᠨ ᠬᠢᠨᠠᠯᠳᠠ ᠶᠢ ᠬᠦᠯᠢᠶᠡᠨ᠎ᠡ᠂ ᠢᠯᠡ ᠨᠡᠶᠢᠳᠡᠯᠡᠬᠦ ᠬᠤᠭᠤᠴᠠᠭ᠎ᠠ 7 ᠡᠳᠦᠷ᠃2᠂ ᠢᠯᠡ ᠨᠡᠶᠢᠳᠡᠯᠡᠵᠥ ᠲᠠᠭᠤᠰᠤᠭᠰᠠᠠ ᠤ ᠲᠠᠷᠠᠭ᠎ᠠ᠂ ᠠᠰᠠᠭᠤᠳᠠᠯ ᠦᠭᠡᠢ ᠪᠤᠶᠤ ᠲᠤᠰᠬᠠᠭᠰᠠᠨ ᠠᠰᠠᠭᠤᠳᠠᠯ ᠨᠢ ᠡᠯᠰᠡᠨ ᠬᠡᠷᠡᠭᠯᠡᠬᠦ ᠳᠤ ᠨᠦᠯᠦᠬᠡᠯᠡᠯ ᠦᠬᠡᠢ ᠪᠤᠯ ᠡᠯᠰᠡᠨ ᠠᠪᠤᠭᠰᠠᠨ ᠭᠠᠷ ᠬᠦᠢᠴᠡᠳᠭᠡᠯ ᠬᠢᠨ᠎ᠡ᠃ ᠲᠤᠰᠬᠠᠭᠰᠠᠨ ᠠᠰᠠᠭᠤᠳᠠᠯ ᠨᠢ ᠡᠯᠰᠡᠨ ᠭᠡᠷᠡᠭᠯᠡᠬᠦ ᠳᠤ ᠨᠦᠯᠦᠬᠡᠯᠡᠯ ᠲᠠᠢ ᠪᠦᠬᠡᠳ ᠦᠨᠡᠨ ᠪᠤᠳᠠᠳᠠᠢ ᠪᠤᠯ ᠡᠯᠰᠡᠨ ᠭᠡᠷᠡᠭᠯᠡᠬᠦ ᠦᠭᠡᠢ᠃3᠂ ᠡᠯᠰᠡᠭᠳᠡᠭᠰᠡᠨ ᠬᠦᠮᠦᠨ ᠲᠤᠭᠳᠠᠭᠰᠠᠨ ᠬᠤᠭᠤᠴᠠᠭᠠᠨ ᠳᠤ ᠨᠡᠷ᠎ᠡ ᠮᠡᠳᠡᠬᠦᠯᠦᠨ᠎ᠡ᠂ ᠡᠰᠡ ᠲᠡᠭᠡᠪᠡᠯ ᠦᠪᠡᠷᠳᠡᠭᠡᠨ ᠤᠭᠤᠷᠤᠭᠰᠠᠨ ᠢᠶᠠᠷ ᠲᠤᠭᠠᠴᠢᠵᠥ᠂ ᠡᠯᠰᠡᠬᠦ ᠬᠢᠷᠢ ᠬᠡᠮ ᠢ ᠨᠢ ᠬᠠᠰᠤᠨ᠎ᠠ᠃ ᠡᠯᠰᠡᠭᠳᠡᠭᠰᠡᠨ ᠬᠦᠮᠦᠨ ᠤ ᠬᠢᠷᠢ ᠬᠡᠮ ᠢ ᠬᠠᠰᠤᠵᠥ ᠠᠵᠢᠯ ᠤᠨ ᠪᠠᠶᠢᠷᠢ ᠨᠢ ᠬᠤᠭᠤᠰᠤᠨ ᠪᠠᠶᠢᠪᠠᠯ ᠰᠢᠯᠭᠠᠯᠳᠠ ᠶᠢᠨ ᠶᠡᠷᠦᠩᠭᠡᠢ ᠬᠢᠷᠢ ᠪᠦᠳᠦᠮᠵᠢ ᠶᠢ ᠦᠨᠳᠦᠷ  ᠠᠴᠠ ᠲᠤᠷᠤᠭᠰᠢ ᠲᠡᠰ ᠲᠠᠷᠠᠭ᠎ᠠ ᠪᠠᠷ ᠨᠦᠬᠦᠪᠦᠷᠢᠯᠡᠨ᠎ᠡ᠃4᠂ ᠡᠯᠰᠡᠭᠳᠡᠭᠰᠡᠨ ᠬᠦᠮᠦᠨ ᠢ ᠬᠦᠳᠡᠯᠮᠦᠷᠢ ᠶᠢᠨ ᠬᠡᠷ᠎ᠡ ᠶᠢᠨ ᠲᠦᠷᠢᠮ ᠢᠶᠠᠷ ᠬᠠᠮᠢᠶᠠᠷᠴᠦ᠂ ᠬᠦᠳᠡᠯᠮᠦᠷᠢ ᠶᠢᠨ ᠭᠡᠷ᠎ᠡ ᠳᠤ ᠨᠢᠬᠡᠳᠦᠯᠳᠡᠢ ᠭᠠᠷ ᠤᠨ ᠦᠰᠦᠭ ᠵᠢᠷᠤᠨ᠎ᠠ᠂ ᠲᠤᠷᠰᠢᠨ ᠬᠡᠷᠡᠭᠡᠯᠡᠬᠦ ᠬᠤᠭᠤᠴᠠᠭ᠎ᠠ ᠶᠢ ᠪᠤᠯᠵᠤᠨ ᠲᠤᠭᠳᠠᠭᠠᠵᠤ᠂ ᠠᠵᠢᠯ ᠤᠨ ᠪᠠᠶᠢᠷᠢ ᠠᠴᠠ ᠡᠮᠦᠨᠡᠬᠢ ᠪᠤᠯᠪᠠᠰᠤᠷᠠᠯ ᠳᠤ ᠬᠢᠯᠬᠡᠨ᠂ ᠲᠤᠷᠰᠢᠨ ᠬᠡᠷᠡᠭᠯᠡᠬᠦ ᠪᠠ ᠪᠤᠯᠪᠠᠰᠤᠷᠠᠯ  ᠳᠤ ᠬᠢᠷᠢ ᠲᠡᠩᠴᠡᠬᠦ ᠦᠭᠡᠢ ᠪᠤᠯ ᠬᠡᠷ᠎ᠡ ᠶᠢ ᠬᠦᠴᠦᠨ ᠦᠭᠡᠢ ᠪᠤᠯᠭᠠᠨ᠎ᠠ᠃5᠂ ᠠᠩᠬ᠎ᠠ ᠤᠳᠠᠭ᠎ᠠ ᠡᠯᠰᠡᠨ ᠬᠡᠷᠡᠭᠯᠡᠭᠰᠡᠨ ᠬᠡᠷ᠎ᠡ ᠳᠤ ᠭᠠᠷ ᠤᠨ ᠦᠰᠦᠭ ᠵᠢᠷᠤᠭᠰᠠᠨ ᠡᠳᠦᠷ ᠠᠴᠠ ᠡᠬᠢᠯᠡᠵᠥ ᠬᠦᠮᠦᠨ ᠤ ᠤᠷᠤ ᠬᠤᠭᠤᠰᠤᠨ ᠪᠠᠶᠢᠪᠠᠯ᠂ ᠰᠢᠯᠭᠠᠯᠳᠠ ᠶᠢᠨ ᠶᠡᠷᠦᠩᠭᠡᠢ ᠬᠢᠷᠢ ᠪᠦᠳᠦᠮᠵᠢ ᠶᠢ ᠦᠨᠳᠦᠷ ᠠᠴᠠ ᠲᠤᠷᠤᠭᠰᠢ ᠲᠡᠰ ᠲᠠᠷᠠᠭ᠎ᠠ ᠪᠠᠷ ᠨᠦᠬᠦᠪᠦᠷᠢᠯᠡᠨ᠎ᠡ᠃ᠲᠠᠪᠤ᠂ ᠲᠠᠳᠤᠯᠭᠠᠵᠢᠭᠤᠯᠤᠨ ᠪᠤᠯᠪᠠᠰᠤᠷᠠᠭᠤᠯᠬᠤᠡᠯᠰᠡᠭᠳᠡᠭᠰᠡᠨ ᠬᠦᠮᠦᠨ ᠡᠷᠬᠡᠪᠰᠢ ᠲᠠᠳᠤᠯᠭ᠎ᠠ ᠪᠤᠯᠪᠠᠰᠤᠷᠠᠯ ᠳᠤ ᠤᠷᠤᠯᠴᠠᠬᠤ ᠬᠡᠷᠡᠭᠳᠡᠢ᠂ ᠪᠤᠯᠪᠠᠰᠤᠷᠠᠯ ᠤᠨ ᠬᠤᠭᠤᠴᠠᠭᠠᠨ ᠳᠤ ᠶᠤᠰᠤ ᠬᠦᠨᠳᠦᠳᠭᠡᠯ᠂ ᠲᠤᠬᠠᠶᠢᠯᠠᠭᠰᠠᠨ ᠠᠵᠢᠯ ᠤᠨ ᠶᠤᠰᠤ ᠮᠤᠷᠠᠯ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠬᠡ ᠵᠡᠷᠭᠡ ᠪᠠᠷ ᠠᠵᠢᠯ ᠤᠨ ᠪᠠᠶᠢᠷᠢ ᠠᠴᠠ ᠡᠮᠦᠨᠡᠬᠢ ᠰᠤᠷᠤᠯᠴᠠᠭ᠎ᠠ ᠬᠢᠨ᠎ᠡ᠃ᠵᠢᠷᠭᠤᠭ᠎ᠠ᠂ ᠴᠠᠯᠢᠩ ᠬᠦᠯᠦᠰᠦ᠂ ᠠᠵᠢᠯᠳᠠᠨ ᠬᠡᠷᠡᠭᠯᠡᠬᠦ ᠠᠷᠭ᠎ᠠ᠂ ᠭᠡᠷ᠎ᠡ ᠶᠢᠨ ᠬᠤᠭᠤᠴᠠᠭ᠎ᠠ1᠂ ᠲᠤᠷᠰᠢᠨ ᠬᠡᠷᠡᠭᠯᠡᠬᠦ ᠬᠤᠭᠤᠴᠠᠭᠠᠨ ᠳᠤ ᠴᠠᠯᠢᠩ ᠬᠦᠯᠦᠰᠦ ᠶᠢ 2000 ᠲᠦᠬᠦᠷᠢᠭ / ᠰᠠᠷ᠎ᠠ᠂ ᠵᠢᠩᠬᠢᠨᠢᠯᠡᠭᠰᠡᠨ  ᠤ ᠲᠠᠷᠠᠭ᠎ᠠ  3000 ᠲᠦᠬᠦᠷᠢᠭ / ᠰᠠᠷ᠎ᠠ  ︵ᠠᠵᠥ ᠠᠬᠤᠢ ᠨᠡᠶᠢᠬᠡᠮ ᠤᠨ ᠬᠦᠭᠵᠢᠯᠳᠡ ᠪᠠ ᠪᠤᠳᠠᠰ ᠤᠨ ᠦᠨ᠎ᠡ ᠶᠢᠨ ᠵᠢᠭᠠᠯᠳᠠ ᠲᠤᠭ᠎ᠠ ᠶᠢᠨ ᠬᠤᠪᠢᠷᠠᠯᠳᠠ ᠶᠢ ᠲᠠᠭᠠᠵᠥ᠂ ᠶᠠᠷᠢᠯᠴᠠᠨ ᠰᠤᠳᠤᠯᠤᠭᠰᠠᠨ ᠤ ᠲᠠᠷᠠᠭ᠎ᠠ ᠴᠠᠭ ᠲᠤᠬᠠᠢ ᠳᠤ ᠨᠢ ᠲᠤᠭᠢᠷᠠᠭᠤᠯᠤᠯᠳᠠ ᠬᠢᠨ᠎ᠡ︶᠂ ᠡᠬᠦᠨ ᠳᠤ ᠦᠨᠳᠦᠰᠦᠨ ᠴᠠᠯᠢᠩ 1560 ᠲᠦᠭᠦᠷᠢᠭ᠂ ᠲᠠᠪᠤᠨ ᠪᠠᠳᠤᠯᠠᠭ᠎ᠠ ᠶᠢᠨ ᠪᠠᠶᠢᠭᠤᠯᠤᠯᠭ᠎ᠠ ᠪᠠ ᠬᠤᠪᠢ ᠬᠦᠮᠦᠨ ᠤ ᠲᠤᠰᠢᠶᠠᠭᠰᠠᠨ ᠬᠡᠰᠡᠭ ᠢ ᠪᠠᠭᠳᠠᠭᠠᠨ᠎ᠠ᠃2᠂ ᠡᠯᠰᠡᠨ ᠬᠡᠷᠡᠭᠯᠡᠬᠦ ᠠᠷᠭ᠎ᠠ᠄  ᠤᠷᠢᠨ ᠭᠡᠷᠡᠭᠯᠡᠬᠦ ᠲᠦᠷᠢᠮ ︵ ᠬᠦᠳᠡᠯᠮᠦᠷᠢ ᠶᠢᠨ ᠬᠡᠷ᠎ᠡ ᠲᠤᠭᠳᠠᠨ᠎ᠠ︶᠃3᠂ ᠭᠡᠷ᠎ᠡ ᠶᠢᠨ ᠴᠠᠭ ᠤᠨ ᠬᠢᠵᠠᠭᠠᠷ᠄ ᠠᠩᠬ᠎ᠠ ᠤᠳᠠᠭ᠎ᠠ ᠤᠷᠢᠨ ᠬᠡᠷᠡᠭᠯᠡᠬᠦ ᠭᠡᠷ᠎ᠡ ᠶᠢᠨ ᠬᠤᠭᠤᠴᠠᠭ᠎ᠠ 1 ᠵᠢᠯ᠂ ᠨᠢᠬᠡ ᠵᠢᠯ ᠤᠨ ᠲᠠᠷᠠᠭ᠎ᠠ ᠤᠷᠢᠨ ᠬᠡᠷᠡᠭᠯᠡᠭᠰᠡᠨ ᠪᠠᠶᠢᠭᠤᠯᠤᠯᠭ᠎ᠠ ᠶᠢᠨ ᠬᠢᠨᠠᠨ ᠰᠢᠯᠭᠠᠯᠳᠠ ᠳᠤ ᠬᠢᠷᠢ ᠲᠡᠩᠴᠡᠪᠡᠯ ᠦᠷᠬᠦᠯᠵᠢᠯᠡᠨ ᠭᠡᠷ᠎ᠡ ᠲᠤᠭᠳᠠᠨ᠎ᠠ ︵ ᠪᠤᠳᠠᠳᠠᠢ ᠭᠠᠷ ᠤᠨ ᠦᠰᠦᠭ ᠵᠢᠷᠤᠬᠤ ᠬᠤᠭᠤᠴᠠᠭ᠎ᠠ ᠶᠢ ᠲᠤᠰ ᠲᠤ ᠨᠢ ᠲᠤᠭᠳᠠᠭᠠᠨ᠎ᠠ︶᠃ᠲᠤᠯᠤᠭ᠎ᠠ᠂ ᠰᠠᠬᠢᠯᠭ᠎ᠠ ᠪᠠᠳᠤ ᠪᠠ ᠬᠢᠨᠠᠯᠳᠠ ᠬᠢᠬᠦ1᠂ ᠤᠷᠢᠵᠥ ᠬᠡᠷᠡᠭᠯᠡᠭᠳᠡᠭᠰᠡᠳ ᠤᠨ ᠦᠨᠡᠨᠴᠢ ᠪᠠᠶᠢᠬᠤ ᠤᠬᠠᠮᠰᠠᠷ ᠢ ᠴᠢᠩᠭᠠᠳᠬᠠᠵᠥ᠂ ᠤᠷᠤᠯᠠᠨ ᠰᠢᠯᠭᠠᠬᠤ᠂ ᠬᠡᠮ ᠬᠢᠬᠦ ᠵᠡᠷᠬᠡ ᠰᠠᠬᠢᠯᠭ᠎ᠠ ᠵᠦᠢᠷᠢᠴᠡᠭᠰᠡᠨ ᠠᠵᠢᠯᠯᠠᠭ᠎ᠠ ᠶᠢ ᠡᠷᠡᠰ ᠵᠤᠭᠰᠤᠭᠠᠨ᠂ ᠢᠯᠡ ᠪᠠᠷ ᠡᠯᠰᠡᠨ ᠤᠷᠢᠬᠤ ᠠᠵᠢᠯ ᠢ ᠡᠷᠬᠡ ᠲᠡᠭᠰᠢ᠂ ᠲᠦᠪ ᠭᠤᠤᠯᠴᠢ ᠶᠠᠪᠤᠭᠳᠠᠭᠤᠯᠬᠤ ᠶᠢ ᠪᠠᠳᠤᠯᠠᠵᠥ᠂ ᠤᠷᠢᠵᠥ ᠬᠡᠷᠡᠭᠯᠡᠭᠳᠡᠭᠰᠡᠳ ᠨᠡᠷ᠎ᠡ ᠮᠡᠳᠡᠭᠦᠯᠵᠥ ᠰᠢᠯᠭᠠᠬᠤ ᠬᠦᠮᠦᠰ ᠤᠨ ᠢᠳᠡᠭᠡᠮᠵᠢ ᠶᠢᠨ ᠲᠠᠩᠰᠠ ᠪᠠᠶᠢᠭᠤᠯᠤᠨ᠎ᠠ᠃2᠂ ᠤᠷᠢᠵᠥ ᠬᠡᠷᠡᠭᠯᠡᠭᠳᠡᠭᠰᠡᠳ ᠤᠨ ᠬᠢᠷᠢ ᠬᠡᠮ ᠢ ᠬᠢᠨᠠᠬᠤ ᠳᠤ ᠢᠯᠡ ᠪᠠᠷ ᠡᠯᠰᠡᠬᠦ ᠠᠵᠢᠯ ᠤᠨ ᠪᠦᠬᠦ ᠶᠠᠪᠤᠴᠠ ᠶᠢ ᠲᠤᠤᠱᠯᠠᠭᠤᠯᠵᠥ᠂ ᠡᠯᠰᠡᠬᠦ ᠶᠠᠮᠠᠷᠪᠠ ᠱᠠᠳᠤ ᠦᠶ᠎ᠡ ᠵᠢᠴᠢ ᠲᠤᠷᠰᠢᠨ ᠭᠡᠷᠡᠭᠯᠡᠬᠦ ᠬᠤᠭᠤᠴᠠᠭᠠᠨ ᠳᠤ ᠡᠯᠰᠡᠭᠳᠡᠭᠰᠡᠨ ᠬᠦᠮᠦᠨ ᠨᠢ ᠡᠯᠰᠡᠬᠦ ᠨᠦᠬᠦᠴᠡᠯ ᠲᠠᠢ ᠨᠡᠶᠢᠴᠡᠬᠦ ᠦᠭᠡᠢ ᠪᠤᠶᠤ ᠬᠠᠭᠤᠷᠮᠠᠭᠯᠠᠭᠰᠠᠨ ᠪᠤᠯ ᠤᠷᠢᠨ ᠬᠡᠷᠡᠭᠯᠡᠬᠦ ᠬᠢᠷᠢ ᠬᠡᠮ ᠢ  ᠨᠢ ᠬᠠᠰᠤᠵᠥ᠂ ᠰᠢᠯᠭᠠᠭᠴᠢ ᠶᠢᠨ ᠢᠳᠡᠬᠡᠮᠵᠢ ᠶᠢᠨ ᠲᠠᠩᠰᠠ ᠡᠪᠬᠡᠮᠡᠯ ᠳᠤ ᠤᠷᠤᠭᠤᠯᠤᠨ᠎ᠠ᠃3᠂ ᠲᠤᠰ ᠤᠳᠠᠭᠠᠨᠨ ᠤ ᠢᠯᠡ ᠪᠠᠷ ᠡᠯᠰᠡᠬᠦ ᠰᠢᠯᠭᠠᠯᠳᠠ ᠳᠤ ᠰᠢᠯᠭᠠᠯᠳᠠ ᠶᠢᠨ ᠲᠠᠪᠳᠠᠬᠤ ᠨᠤᠮ ᠬᠡᠵᠥ ᠵᠢᠭᠠᠨ ᠲᠤᠭᠳᠠᠭᠠᠬᠤ ᠦᠭᠡᠢ᠂ ᠰᠢᠯᠭᠠᠯᠳᠠ ᠶᠢ ᠵᠢᠯᠤᠭᠤᠳᠬᠤ ᠠᠩᠬᠢ ᠡᠷᠬᠢᠯᠡᠬᠦ ᠦᠭᠡᠢ ᠪᠦᠭᠡᠳ ᠶᠠᠮᠠᠷᠪᠠ ᠪᠠᠶᠢᠭᠤᠯᠤᠮᠵᠢ ᠳᠤ ᠴᠤ ᠨᠡᠶᠢᠳᠡᠬᠤ  ᠦᠬᠡᠢ᠃4᠂ ᠲᠤᠰ ᠤᠳᠠᠭᠠᠨᠨ ᠤ ᠢᠯᠡ ᠪᠠᠷ ᠡᠯᠰᠡᠬᠦ ᠠᠯᠪᠠᠨ ᠵᠠᠷ ᠲᠤ ᠬᠦᠢᠴᠡᠳ ᠲᠠᠶᠢᠯᠪᠤᠷᠢᠯᠠᠭᠰᠠᠨ ᠦᠭᠡᠢ ᠤᠴᠢᠷ ᠢ ᠤᠯᠠᠭᠠᠨᠬᠠᠳᠠ ᠬᠤᠳᠠ ᠶᠢᠨ ᠬᠤᠢ ᠴᠦᠨ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ ᠬᠠᠷᠢᠭᠤᠴᠠᠨ ᠲᠠᠶᠢᠯᠪᠤᠷᠢᠯᠠᠨ᠎ᠠ᠃ᠠᠰᠠᠭᠤᠨ ᠯᠠᠪᠯᠠᠬᠤ ᠤᠳᠠᠰᠤ  ᠄ 18304882817᠂ 18304876694ᠠᠰᠠᠭᠤᠨ ᠯᠠᠪᠯᠠᠬᠤ ᠴᠠᠭ  ᠄  ᠦᠳᠡ ᠶᠢᠨ ᠡᠮᠦᠨ᠎ᠡ 8:30-11:30᠂ ᠦᠳᠡ ᠶᠢᠨ ᠬᠤᠶᠢᠨ᠎ᠡ 2:30-5:30ᠲᠠᠭᠠᠯᠳᠤᠭᠤᠯᠤᠯ 1᠂  ᠤᠯᠠᠭᠠᠨᠬᠠᠳᠠ ᠬᠤᠳᠠ ᠶᠢᠨ ᠬᠤᠢ ᠴᠦᠨ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ ᠤᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠳᠦ᠄ᠲᠠᠭᠠᠯᠳᠤᠭᠤᠯᠤᠯ 2᠂ ︵ᠲᠤᠪᠴᠢᠯᠠᠪᠠ︶ᠲᠠᠭᠠᠯᠳᠤᠭᠤᠯᠤᠯ 3᠂ ᠠᠵᠢᠯ ᠤᠨ ᠠᠭᠤᠯᠭ᠎ᠠ ︵ᠨᠢᠬᠡ︶ ᠲᠡᠳᠬᠦᠨ ᠲᠡᠮᠵᠢᠬᠦ ᠡᠳᠡᠭᠡᠳ ᠢ ᠬᠠᠪᠰᠤᠷᠤᠨ ᠢᠳᠡᠪᠬᠢᠳᠡᠢ ᠢᠯᠡᠷᠡᠬᠦᠯᠤᠨ ᠮᠡᠳᠡᠬᠦᠯᠬᠦ ᠠᠵᠢᠯ᠃ᠲᠡᠳᠬᠦᠨ ᠲᠡᠮᠵᠢᠬᠦ ᠡᠳᠡᠭᠡᠳ ᠤᠨ ᠠᠵᠢᠯ ᠤᠨ ᠲᠠᠩᠰᠠ ᠪᠠ ᠲᠡᠳᠬᠦᠨ ᠲᠡᠮᠵᠢᠬᠦ ᠡᠳᠡᠭᠡᠳ ᠤᠨ ᠲᠠᠩᠰᠠ ᠶᠢ ᠪᠠᠶᠢᠭᠤᠯᠵᠥ᠂ ᠰᠠᠭᠤᠭᠠᠯᠢ ᠠᠷᠠᠳ ᠤᠨ ᠭᠡᠷ ᠲᠤ ᠦᠷᠬᠦᠯᠵᠢ ᠤᠴᠢᠵᠥ ᠰᠤᠷᠪᠤᠯᠵᠢᠯᠡᠵᠥ᠂ ᠶᠠᠳᠠᠭᠤ ᠬᠦᠴᠢᠷᠳᠡᠢ ᠤᠯᠠᠨ ᠲᠦᠮᠡᠨ ᠤ ᠤᠳᠤᠬᠢ ᠪᠠᠶᠢᠳᠠᠯ ᠤᠨ ᠰᠤᠷᠠᠭ ᠵᠠᠩᠬᠢ ᠶᠢ ᠤᠶᠢᠯᠠᠭᠠᠵᠥ ᠴᠤᠭᠯᠠᠭᠤᠯᠬᠤ᠂ ᠬᠠᠷᠢᠶᠠᠳᠤ ᠲᠤᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠬᠦᠴᠢᠷᠳᠡᠯ ᠪᠠ ᠬᠡᠨᠡᠳᠳᠡ ᠶᠢᠨ ᠬᠡᠷᠡᠭ᠂ ᠰᠠᠨᠠᠮᠰᠡᠷ ᠦᠭᠡᠢ ᠬᠡᠷᠡᠭ ᠠᠳᠡᠯ᠂ ᠬᠦᠨᠳᠦ ᠡᠪᠡᠳᠴᠢᠨ ᠳᠤ ᠨᠡᠷᠪᠡᠭᠳᠡᠬᠦ ᠵᠡᠷᠬᠡ ᠪᠠᠴᠢᠮ ᠲᠦᠪᠡᠭᠳᠡᠢ ᠪᠠᠶᠢᠳᠠᠯ ᠢ ᠡᠵᠡᠮᠰᠢᠵᠥ ᠬᠠᠷᠭᠤᠭᠤᠯᠬᠤ ᠪᠠ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠮᠡᠳᠡᠬᠦᠯᠤᠨ᠎ᠠ᠃ ᠬᠠᠷᠢᠶᠠᠳᠤ ᠲᠤᠭᠤᠷᠢᠭ ᠤᠨ ᠬᠡᠷ ᠬᠤᠴᠤᠷᠤᠭᠰᠠᠨ ᠬᠡᠦᠬᠡᠳ᠂ ᠭᠤᠤᠨᠢ ᠬᠦᠭᠰᠢᠨ᠂ ᠵᠡᠮᠳᠡᠭ ᠬᠦᠮᠦᠨ᠂ ᠬᠦᠨᠳᠦ ᠡᠪᠡᠳᠴᠢᠳᠡᠨ ᠵᠡᠷᠬᠡ ᠠᠮᠢᠳᠤᠷᠠᠯ ᠤᠨ ᠬᠦᠴᠢᠷᠳᠡᠯ ᠳᠤ ᠠᠪᠳᠠᠭᠰᠠᠨ ᠤᠯᠠᠨ ᠲᠦᠮᠡᠨ ᠢᠶᠠᠷ ᠭᠤᠤᠯᠳᠠᠯᠭ᠎ᠠ ᠪᠤᠯᠭᠠᠵᠥ᠂ ᠦᠷᠬᠦᠯᠵᠢ ᠰᠤᠷᠪᠤᠯᠵᠢᠯᠠᠨ᠂ ᠠᠰᠠᠭᠤᠵᠥ ᠰᠤᠷᠠᠵᠥ᠂ ᠬᠦᠴᠢᠷᠳᠡᠢ ᠬᠡᠷ ᠪᠦᠯᠢ ᠪᠠ ᠬᠤᠪᠢ ᠬᠦᠮᠦᠨ ᠢ ᠬᠠᠪᠰᠤᠷᠤᠨ ᠲᠡᠳᠬᠦᠨ ᠲᠡᠮᠵᠢᠬᠦ ᠡᠷᠡᠮᠡᠯᠵᠡᠯ ᠲᠤᠷᠠᠳᠤᠨ᠎ᠠ᠃ ︵ᠬᠤᠶᠠᠷ︶  ᠨᠡᠶᠢᠬᠡᠮ ᠤᠨ ᠲᠡᠳᠬᠦᠨ ᠲᠡᠮᠵᠢᠬᠦ ᠡᠷᠡᠮᠡᠯᠵᠡᠯ ᠢ ᠬᠢᠨᠡᠨ ᠵᠦᠪᠰᠢᠶᠡᠷᠡᠬᠦ ᠠᠵᠢᠯ ᠢ ᠬᠠᠪᠰᠤᠷᠤᠨ ᠰᠠᠶᠢᠨ ᠬᠢᠨ᠎ᠡ᠃ᠨᠢᠬᠡ᠂《ᠨᠢᠬᠡ ᠡᠭᠦᠳᠡ ᠪᠠᠷ ᠬᠦᠯᠢᠶᠡᠨ ᠠᠪᠴᠦ᠂ ᠬᠠᠮᠵᠢᠯᠴᠠᠨ ᠰᠢᠢᠳᠪᠤᠷᠢᠯᠡᠬᠦ》ᠠᠵᠢᠯ ᠢ ᠬᠠᠷᠢᠭᠤᠴᠠᠨ ᠰᠠᠶᠢᠳᠤᠷ ᠬᠢᠨ᠎ᠡ᠃ ᠰᠢᠶᠠᠩ ᠪᠠᠯᠭᠠᠰᠤᠨ ︵ᠵᠡᠬᠡᠯᠢ ᠭᠤᠳᠤᠮᠵᠢ︶ ᠤ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ᠂ ᠤᠨᠴᠠ ᠬᠦᠴᠢᠷᠳᠡᠢ ᠬᠦᠮᠦᠰ ᠢ ᠠᠰᠠᠷᠠᠬᠤ ᠲᠦᠷ ᠴᠠᠭ ᠲᠡᠳᠬᠦᠨ ᠲᠡᠮᠵᠢᠬᠦ ᠵᠡᠷᠭᠡ ᠨᠡᠶᠢᠬᠡᠮ ᠠᠴᠠ ᠲᠡᠳᠬᠦᠨ ᠲᠡᠮᠵᠢᠬᠦ ᠬᠦᠴᠢᠷᠳᠡᠢ ᠬᠡᠷ ᠪᠦᠯᠢ ᠪᠠ ᠬᠤᠪᠢ ᠬᠦᠮᠦᠨ ᠤ ᠡᠷᠡᠮᠡᠯᠵᠡᠯ ᠢ ᠴᠠᠭ ᠲᠤᠬᠠᠢ ᠳᠤ ᠨᠢ ᠬᠦᠯᠢᠶᠠᠨ ᠠᠪᠴᠦ᠂ ᠡᠷᠡᠮᠡᠯᠵᠡᠯᠡᠭᠰᠡᠨ ᠬᠦᠮᠦᠨ ᠤ ᠲᠤᠰᠢᠶᠠᠭᠰᠠᠨ ᠪᠢᠴᠢᠭ ᠬᠠᠷ᠎ᠠ ᠶᠢ ᠬᠢᠨᠠᠵᠥ ᠪᠦᠬᠦᠨ ᠢ ᠲᠡᠭᠡᠭᠡᠰᠢ ᠲᠤᠰᠢᠶᠡᠨ᠎ᠡ᠂ ᠦᠪᠡᠷ ᠤᠨ ᠲᠤᠷ᠎ᠠ ᠪᠠᠷ ᠬᠦᠯᠢᠶᠡᠨ ᠠᠪᠬᠤ ᠦᠭᠡᠢ ᠪᠤᠶᠤ ᠲᠡᠳᠬᠦᠨ ᠲᠡᠮᠵᠢᠬᠦ ᠨᠦᠬᠦᠴᠡᠯ ᠳᠤ ᠲᠤᠬᠢᠷᠠᠬᠤ ᠦᠭᠡᠢ ᠲᠤᠭᠳᠠᠭᠠᠯ ᠭᠠᠷᠭᠠᠵᠥ ᠪᠤᠯᠬᠤ ᠦᠭᠡᠢ᠃1᠂ ᠡᠷᠡᠮᠡᠯᠵᠡᠬᠦ᠂ ᠬᠦᠯᠢᠶᠡᠨ ᠠᠪᠬᠤ᠃ ᠰᠢᠶᠠᠩ ᠪᠠᠯᠭᠠᠰᠤ  ᠂ ᠵᠡᠬᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠭᠡᠷ ᠠᠴᠠ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠡᠷᠡᠮᠡᠯᠵᠡᠯ ᠤᠨ ᠮᠠᠲ᠋ᠧᠷᠢᠶᠠᠯ ᠢ ᠬᠦᠯᠢᠶᠡᠨ ᠠᠪᠤᠨ᠎ᠠ᠃ ᠪᠠᠶ᠎ᠠ ᠶᠢᠨ ᠦᠨᠡᠮᠯᠡᠯ᠂ ᠡᠷᠦᠬᠡ ᠭᠡᠷ ᠠᠮᠠ ᠶᠢᠨ ᠲᠠᠩᠰᠠ᠂ ᠤᠨᠤᠰᠢᠯᠡᠯ ︵ᠡᠪᠡᠳᠴᠢᠨ ᠤ ᠨᠡᠮᠳᠡᠷ︶᠂ ᠡᠷᠡᠮᠡᠯᠵᠡᠯ ᠤᠨ ᠪᠢᠴᠢᠭ᠂ ᠵᠡᠮᠳᠡᠭ ᠤᠨ ᠬᠡᠷᠡᠴᠢ᠂ ᠢᠯᠡᠷᠬᠡᠶᠢᠯᠡᠯᠳᠡ ︵ᠡᠷᠬᠡᠵᠢᠬᠦᠯᠬᠦ ᠪᠢᠴᠢᠭ︶᠂ ᠠᠰᠠᠷᠠᠨ ᠲᠡᠵᠢᠬᠡᠬᠦ᠂ ᠠᠰᠠᠷᠠᠬᠤ᠂ ᠡᠷᠬᠦᠨ ᠲᠡᠵᠢᠬᠡᠬᠦ ᠵᠡᠷᠭᠡ ᠰᠤᠷᠠᠭ ᠵᠡᠩᠬᠢ ᠪᠠᠭᠳᠠᠨ᠎ᠠ᠃ ᠰᠢᠶᠠᠩ ᠪᠠᠯᠭᠠᠰᠤ᠂ ᠵᠡᠬᠡᠯᠢ ᠭᠤᠳᠤᠮᠵᠢ《ᠨᠡᠶᠢᠬᠡᠮ ᠠᠴᠠ ᠲᠡᠳᠬᠦᠨ ᠲᠡᠮᠵᠢᠬᠦ ᠬᠡᠷ ᠪᠦᠯᠢ ᠶᠢᠨ ᠠᠵᠥ ᠠᠬᠤᠢ ᠶᠢᠨ ᠪᠠᠶᠢᠳᠠᠯ ᠤᠨ ᠰᠤᠷᠠᠭ ᠵᠠᠩᠬᠢ  ᠶᠢ ᠬᠢᠨᠠᠨ ᠪᠠᠶᠢᠴᠠᠭᠠᠬᠤ ᠭᠠᠷᠳᠠᠮ》 ᠢ ᠲᠠᠭᠯᠠᠵᠤ᠂ ᠠᠷᠠᠳ ᠤᠨ ᠶᠠᠪᠤᠳᠠᠯ ᠤᠨ ᠲᠤᠪᠴᠢᠶᠠᠨ ᠤ ᠲᠤᠭᠠᠴᠢᠨ ᠪᠤᠳᠤᠬᠤ ᠲᠦᠪ ᠲᠤ ᠲᠤᠰᠢᠶᠠᠵᠥ ᠰᠤᠷᠠᠭ ᠵᠠᠩᠬᠢ ᠶᠢ ᠬᠢᠨᠠᠭᠤᠯᠤᠨ᠎ᠠ᠂ ᠲᠤᠭᠠᠴᠢᠨ ᠪᠤᠳᠤᠬᠤ ᠲᠦᠪ ᠠᠴᠠ 5 ᠠᠵᠢᠯᠠᠯᠬᠤ ᠡᠳᠦᠷ ᠤᠨ ᠲᠤᠳᠤᠷ᠎ᠠ ᠰᠤᠷᠠᠭ ᠵᠠᠩᠬᠢ ᠶᠢ ᠬᠢᠨᠠᠭᠠᠳ《ᠨᠡᠶᠢᠬᠡᠮ ᠠᠴᠠ ᠲᠡᠳᠬᠦᠨ ᠲᠡᠮᠵᠢᠬᠦ ᠬᠡᠷ ᠪᠦᠯᠢ ᠶᠢᠨ ᠠᠵᠥ ᠠᠬᠤᠢ ᠶᠢᠨ ᠪᠠᠶᠢᠳᠠᠯ ᠤᠨ ᠰᠤᠷᠠᠭ ᠵᠠᠩᠬᠢ ᠶᠢ ᠬᠢᠨᠠᠨ ᠪᠠᠶᠢᠴᠠᠭᠠᠬᠤ ᠭᠠᠷᠳᠠᠮ》 ᠢ ᠲᠠᠭᠯᠠᠵᠤ᠂ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠬᠡᠷ ᠲᠤ ᠰᠢᠯᠵᠢᠬᠦᠯᠦᠨ ᠦᠭᠭᠦᠨ᠎ᠡ᠃2᠂ ᠬᠢᠨᠠᠬᠤ᠃ ᠰᠢᠶᠠᠩ ᠪᠠᠯᠭᠠᠰᠤ᠂ ᠵᠡᠬᠡᠯᠢ ᠭᠤᠳᠤᠮᠵᠢ ᠠᠴᠠ ᠵᠤᠬᠢᠶᠠᠨ ᠪᠠᠶᠢᠭᠤᠯᠵᠥ ᠡᠷᠦᠬᠡ ᠳᠤ ᠬᠦᠨᠵᠡᠬᠡᠶᠢᠷᠡᠨ ᠪᠠᠶᠢᠴᠠᠭᠠᠨ ᠰᠤᠳᠤᠯᠵᠥ᠂ ᠠᠷᠠᠳᠴᠢᠯᠠᠭᠰᠠᠨ ᠦᠨᠡᠯᠡᠯᠳᠡ ᠬᠢᠬᠦ᠂ ᠢᠯᠡ ᠨᠡᠶᠢᠳᠡᠯᠡᠬᠦ᠂《ᠨᠡᠶᠢᠬᠡᠮ ᠠᠴᠠ ᠲᠡᠳᠬᠦᠨ ᠲᠡᠮᠵᠢᠬᠦ ᠬᠡᠷ ᠪᠦᠯᠢ ᠶᠢ ᠬᠢᠨᠠᠨ ᠪᠠᠶᠢᠴᠠᠭᠠᠬᠤ ᠬᠦᠰᠦᠨᠦᠭ》 ᠢ ᠲᠠᠭᠯᠠᠨ ᠮᠡᠳᠡᠬᠦᠯᠦᠨ᠎ᠡ᠂ ᠬᠦᠮᠦᠨ ᠤ ᠵᠢᠰᠦ ᠶᠢᠨ ᠰᠤᠷᠠᠭ ᠵᠠᠩᠬᠢ ᠶᠢ ᠴᠤᠭᠯᠠᠭᠤᠯᠤᠨ ᠺᠤᠮᠫᠢᠦ᠋ᠲ᠋ᠧᠷ ᠲᠤ ᠪᠢᠴᠢᠵᠥ ᠤᠷᠤᠭᠤᠯᠤᠨ᠎ᠠ᠃ ᠡᠷᠦᠬᠡ ᠳᠤ ᠤᠷᠤᠵᠥ ᠬᠢᠨᠠᠨ ᠪᠠᠶᠢᠴᠠᠭᠠᠬᠤ ᠪᠠᠷ ᠲᠠᠮᠵᠢᠵᠥ ᠬᠢᠨᠠᠨ ᠪᠠᠶᠢᠴᠠᠭᠠᠭᠰᠠᠨ ᠰᠠᠨᠠᠯ ᠲᠤᠷᠠᠳᠴᠦ᠂ ᠡᠷᠡᠮᠡᠯᠵᠡᠯ ᠬᠢᠭᠰᠡᠨ ᠬᠦᠮᠦᠨ ᠤ ᠪᠠᠶᠢᠭ᠎ᠠ ᠲᠤᠰᠬᠤᠨ ︵ᠨᠡᠶᠢᠬᠡᠮ ᠲᠤᠭᠤᠷᠢᠭ︶ ᠲᠤ ᠢᠯᠡ ᠨᠡᠶᠢᠳᠡᠯᠡᠨ᠎ᠡ᠃ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠬᠡᠷ‌ᠡᠴᠡ ᠬᠢᠨᠠᠨ ᠪᠠᠶᠢᠴᠠᠭᠠᠭᠠᠳ ᠬᠢᠷᠢ ᠲᠡᠩᠴᠡᠬᠦ ᠬᠤᠳᠠ ᠪᠠᠯᠭᠠᠰᠤᠨ ᠤ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ ᠰᠢᠨ᠎ᠡ ᠪᠠᠷ ᠨᠡᠮᠡᠭᠳᠡᠬᠦᠯᠬᠦ ᠬᠦᠮᠦᠰ ᠤᠨ ᠨᠡᠷᠡᠰ ᠤᠨ ᠲᠠᠪᠳᠡᠷ ᠪᠠ ᠨᠠᠮᠳᠠᠷ ᠢ ᠠᠷᠠᠳ ᠤᠨ ᠶᠠᠪᠤᠳᠠᠯ ᠤᠨ ᠲᠤᠪᠴᠢᠶᠠᠨ ᠤ ᠲᠤᠤᠷ᠎ᠠ ᠪᠠᠳᠤᠯᠠᠭᠠᠨ ᠤ ᠲᠠᠰᠤᠭ ᠲᠤ ᠮᠡᠳᠡᠬᠦᠯᠦᠨ᠎ᠡ᠂  ᠬᠤᠳᠠ ᠪᠠᠯᠭᠠᠰᠤᠨ ᠤ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ ᠶᠢ ᠰᠠᠷ᠎ᠠ ᠪᠦᠷᠢ ᠶᠢᠨ 3 ᠤ ᠡᠳᠦᠷ ᠠᠴᠠ ᠡᠮᠦᠨ᠎ᠡ ᠮᠡᠳᠡᠬᠦᠯᠵᠥ᠂ ᠬᠦᠳᠡᠭᠡ ᠲᠤᠰᠬᠤᠨ ᠤ ᠲᠤᠤᠷ᠎ᠠ ᠪᠠᠳᠤᠯᠠᠭᠠᠨ ᠤ ᠶᠠᠪᠤᠳᠠᠯ ᠢ ᠤᠯᠠᠷᠢᠯ ᠪᠦᠷᠢ ᠶᠢᠨ ᠬᠤᠶᠠᠳᠠᠬᠢ ᠰᠠᠷ᠎ᠠ ᠶᠢᠨ 25   ᠤ ᠡᠳᠦᠷ ᠠᠴᠠ ᠡᠮᠦᠨ᠎ᠡ ᠮᠡᠳᠡᠬᠦᠯᠦᠨ᠎ᠡ᠃ ᠲᠤᠤᠷ᠎ᠠ ᠪᠠᠳᠤᠯᠠᠭᠠᠨ ᠤ ᠲᠠᠰᠤᠭ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠬᠢ ᠲᠠᠢ ᠭᠠᠷ ᠬᠦᠢᠴᠡᠳᠬᠡᠯ ᠢᠶᠠᠨ ᠰᠤᠯᠢᠯᠴᠠᠨ᠎ᠠ᠃3᠂ ᠬᠢᠨᠠᠨ ᠵᠦᠪᠰᠢᠶᠡᠷᠡᠬᠦ᠃ ᠲᠤᠤᠷ᠎ᠠ ᠪᠠᠳᠤᠯᠠᠭᠠᠨ ᠤ ᠲᠠᠰᠤᠭ ᠰᠢᠨ᠎ᠡ ᠪᠠᠷ ᠨᠡᠮᠡᠭᠳᠡᠭᠰᠡᠨ ᠬᠤᠳᠠ ᠪᠠᠯᠭᠠᠰᠤᠨ ᠤ ᠲᠤᠤᠷ᠎ᠠ ᠪᠠᠳᠤᠯᠠᠭᠠᠨ ᠤ ᠬᠦᠮᠦᠰ ᠤᠨ ᠨᠡᠷᠡᠰ ᠪᠠ ᠨᠠᠮᠳᠠᠷ ᠢ ᠲᠢᠭᠯᠡᠵᠥ ᠪᠠᠷᠠᠭᠰᠠᠨ ᠤ ᠲᠠᠷᠠᠭ᠎ᠠ᠂ ᠭᠤᠤᠯᠯᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠪᠠᠷ ᠭᠠᠷ ᠤᠨ ᠦᠰᠦᠭ ᠵᠢᠷᠤᠭᠤᠯᠵᠤ ᠲᠤᠭᠠᠴᠢᠨ ᠪᠤᠳᠤᠬᠤ ᠲᠦᠪ ᠲᠤ ᠦᠭᠴᠦ ᠬᠢᠨᠠᠭᠤᠯᠤᠨ᠎ᠠ᠂ ᠬᠤᠳᠠ ᠪᠠᠯᠭᠠᠰᠤᠨ ᠤ ᠲᠤᠤᠷ᠎ᠠ ᠪᠠᠳᠤᠯᠠᠭ᠎ᠠ ᠶᠢ100% ᠪᠠᠷ ᠬᠢᠨᠠᠵᠥ᠂ ᠬᠦᠳᠡᠭᠡ ᠲᠤᠰᠬᠤᠨ ᠤ ᠲᠤᠤᠷ᠎ᠠ ᠪᠠᠳᠤᠯᠠᠭ᠎ᠠ ᠶᠢ 30% ᠪᠠᠷ ᠰᠤᠭᠤᠴᠢᠨ ᠪᠠᠶᠢᠴᠠᠭᠠᠨ᠎ᠠ᠃ ᠲᠤᠭᠠᠴᠢᠨ ᠪᠤᠳᠤᠬᠤ ᠲᠦᠪ ᠠᠴᠠ ᠬᠢᠨᠠᠨ ᠪᠠᠶᠢᠴᠠᠭᠠᠭᠰᠠᠨ ᠳ᠋ᠦᠩ ᠢᠶᠠᠨ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠪᠠᠷ ᠬᠢᠨᠠᠭᠤᠯᠵᠥ ᠂ ᠲᠤᠪᠴᠢᠶᠠᠨ ᠤ ᠨᠠᠮ ᠤᠨ ᠲᠤᠭᠤᠶᠢᠯᠠᠩ ᠤᠨ ᠬᠤᠷᠠᠯ ᠲᠡᠭᠡᠷ᠎ᠡ ᠬᠢᠨᠠᠨ ᠵᠦᠪᠰᠢᠶᠡᠷᠡᠨ᠎ᠡ᠃ ᠲᠤᠭᠠᠴᠢᠨ ᠪᠤᠳᠤᠬᠤ ᠲᠦᠪ ᠠᠴᠠ ᠨᠠᠮ ᠤᠨ ᠲᠤᠭᠤᠶᠢᠯᠠᠩ ᠤᠨ ᠬᠢᠨᠠᠨ ᠵᠦᠪᠰᠢᠶᠡᠷᠡᠭᠰᠡᠨ ᠦᠷ᠎ᠡ ᠳ᠋ᠦᠩ ᠢ ᠲᠤᠤᠷ᠎ᠠ ᠪᠠᠳᠤᠯᠠᠭᠠᠨ ᠤ ᠲᠠᠰᠤᠭ ᠲᠤ ᠪᠤᠴᠠᠭᠠᠵᠥ᠂ ᠲᠤᠤᠷ᠎ᠠ ᠪᠠᠳᠤᠯᠠᠭᠠᠨ ᠤ ᠲᠠᠰᠤᠭ ᠠᠴᠠ ᠬᠢᠨᠠᠨ ᠵᠦᠪᠰᠢᠶᠡᠷᠡᠭᠰᠡᠨ ᠦᠷ᠎ᠡ ᠳ᠋ᠦᠩ ᠢ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠬᠡᠷ ᠲᠤ ᠪᠤᠴᠠᠭᠠᠨ ᠶᠠᠪᠤᠭᠤᠯᠵᠥ᠂ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠬᠡᠷ ᠠᠴᠠ ᠲᠤᠰᠬᠤᠨ ︵ᠨᠡᠶᠢᠬᠡᠮ ᠲᠤᠭᠤᠷᠢᠭ︶᠂ ᠪᠠᠯᠭᠠᠰᠤ ︵ᠵᠡᠬᠡᠯᠢ︶ ᠶᠢᠨ ᠬᠤᠶᠠᠷ ᠱᠠᠳᠤᠨ ᠳᠤ ᠬᠤᠶᠠᠳᠠᠭᠴᠢ ᠤᠳᠠᠭ᠎ᠠ ᠢᠯᠡ ᠨᠡᠶᠢᠳᠡᠯᠡᠨ᠎ᠡ᠃ ᠬᠢᠷᠢ ᠲᠡᠩᠴᠡᠭᠰᠡᠨ ᠦᠭᠡᠢ ᠬᠦᠮᠦᠨ ᠢ ᠪᠢᠴᠢᠭ ᠢᠶᠠᠷ ᠡᠷᠡᠮᠡᠯᠵᠡᠯᠡᠭᠰᠡᠨ ᠬᠦᠮᠦᠨ ᠳᠤ ᠮᠡᠳᠡᠭᠳᠡᠨ᠎ᠡ᠃ ᠢᠯᠡ ᠨᠡᠶᠢᠳᠡᠯᠡᠬᠡᠳ ᠤᠨᠳᠤᠤ ᠰᠠᠨᠠᠯ ᠦᠭᠡᠢ ᠪᠤᠯ ᠲᠤᠤᠷ᠎ᠠ ᠪᠠᠳᠤᠯᠠᠭᠠᠨ ᠤ ᠲᠠᠰᠤᠭ ᠠᠴᠠ ᠲᠤᠭᠠᠴᠢᠨ ᠪᠤᠳᠤᠬᠤ ᠲᠦᠪ ᠲᠤ ᠦᠭᠴᠦ ᠪᠡᠯᠡ ᠮᠦᠩᠭᠦ ᠲᠠᠷᠬᠠᠭᠠᠬᠤ ᠲᠡᠪᠳᠡᠷ ᠢ ᠤᠯᠠᠨ ᠨᠢᠬᠡ ᠠᠯᠬᠤᠮ ᠬᠢᠨᠠᠭᠤᠯᠵᠥ᠂ ᠵᠦᠷᠢᠶ᠎ᠠ ᠦᠭᠡᠢ ᠪᠤᠯ ᠪᠠᠳᠤᠯᠠᠭᠠᠨ ᠤ ᠲᠠᠰᠤᠭ ᠰᠢᠶᠠᠩ ᠪᠠᠯᠭᠠᠰᠤ ︵ᠵᠡᠬᠡᠯᠢ ᠭᠤᠳᠤᠮᠵᠢ︶ ᠲᠠᠷᠠᠭᠠᠬᠢ ᠰᠠᠷ᠎ᠠ ᠶᠢᠨ 10 ᠤ ᠡᠳᠦᠷ  ᠠᠴᠠ ᠡᠮᠦᠨ᠎ᠡ ᠲᠠᠷᠬᠠᠭᠠᠨ ᠦᠭᠭᠦ ᠠᠵᠢᠯ ᠢ ᠲᠠᠭᠤᠰᠬᠠᠨ᠎ᠠ᠃ ᠬᠤᠳᠠ ᠪᠠᠯᠭᠠᠰᠤᠨ ᠤ ᠲᠤᠤᠷ᠎ᠠ ᠪᠠᠳᠤᠯᠠᠭᠠᠨ ᠤ ᠤᠴᠢᠷ ᠢ ᠰᠠᠷ᠎ᠠ ᠪᠤᠯᠭᠠᠨ ᠬᠢᠨᠡᠨ ᠵᠦᠪᠰᠢᠶᠡᠷᠡᠵᠥ᠂ ᠬᠦᠳᠡᠭᠡ ᠲᠤᠰᠬᠤᠨ ᠤ ᠲᠤᠤᠷ᠎ᠠ ᠪᠠᠳᠤᠯᠠᠭᠠᠨ ᠤ ᠤᠴᠢᠷ ᠢ ᠤᠯᠠᠷᠢᠯ ᠢᠶᠠᠷ ᠬᠢᠨᠡᠨ ᠵᠦᠪᠰᠢᠶᠡᠷᠡᠨ᠎ᠡ᠃4᠂ ᠬᠢᠵᠥ ᠲᠡᠬᠦᠰᠬᠡᠬᠦ᠃ ᠲᠠᠩᠰᠠ ᠡᠪᠬᠡᠮᠡᠯ ᠳᠤ ᠤᠷᠤᠭᠤᠯᠵᠥ᠂ ᠲᠠᠪᠴᠠᠩ ᠤᠨ ᠰᠤᠷᠠᠭ ᠵᠠᠩᠬᠢ ᠳᠤ ᠪᠢᠴᠢᠵᠥ ᠤᠷᠤᠭᠤᠯᠤᠨ᠎ᠠ᠃ ᠲᠤᠤᠷ᠎ᠠ ᠪᠠᠳᠤᠯᠠᠭᠠᠨ ᠤ ᠲᠠᠰᠤᠭ ᠪᠠᠳᠤᠯᠠᠭᠠᠨ ᠤ ᠮᠦᠩᠭᠦ ᠲᠠᠷᠬᠠᠭᠠᠬᠤ ᠲᠡᠪᠳᠡᠷ ᠢ ᠡᠳ᠋ ᠤᠨ ᠵᠠᠰᠠᠭ ᠤᠨ ᠲᠤᠪᠴᠢᠶ᠎ᠠ ᠳᠤ ᠦᠭᠴᠦ᠂ ᠡᠳ᠋ ᠤᠨ ᠵᠠᠰᠠᠭ ᠤᠨ ᠲᠤᠪᠴᠢᠶ᠎ᠠ ᠠᠴᠠ《ᠨᠢᠬᠡ ᠺᠠᠷᠲ》 ᠪᠠᠷ ᠪᠠᠳᠤᠯᠠᠭᠠᠨ  ᠤ ᠮᠦᠩᠭᠦ ᠶᠢ ᠲᠠᠷᠬᠠᠭᠠᠵᠥ ᠦᠭᠭᠦᠨ᠎ᠡ᠃ᠬᠤᠶᠠᠷ ᠲᠤ᠂ ᠨᠡᠶᠢᠬᠡᠮ ᠤᠨ ᠲᠡᠳᠬᠦᠨ ᠲᠡᠮᠵᠢᠬᠦ ᠲᠠᠪᠴᠠᠩ ᠳᠤ ᠰᠤᠷᠠᠭ ᠵᠠᠩᠬᠢ ᠶᠢ ᠪᠢᠴᠢᠬᠦ ᠠᠵᠢᠯ ᠢ ᠬᠠᠷᠢᠭᠤᠴᠠᠨ᠎ᠠ ᠃ ᠬᠠᠷᠢᠶ᠎ᠠ ᠲᠤᠭᠤᠷᠢᠭ ᠤᠨ ᠬᠡᠪᠴᠢᠶᠡᠨ ᠳᠠᠬᠢ ᠨᠡᠶᠢᠬᠡᠮ ᠤᠨ ᠲᠡᠳᠬᠦᠨ ᠲᠡᠮᠵᠢᠬᠦ ᠡᠳᠡᠭᠡᠳ ᠤᠨ ᠰᠤᠷᠠᠭ ᠵᠠᠩᠬᠢ ᠶᠢ ᠴᠤᠭᠯᠠᠭᠤᠯᠵᠤ᠂ ᠨᠡᠶᠢᠬᠡᠮ ᠤᠨ ᠲᠡᠳᠬᠦᠨ ᠲᠡᠮᠵᠢᠬᠦ ᠲᠠᠪᠴᠠᠩ ᠳᠤ ᠲᠡᠳᠬᠦᠨ ᠲᠡᠮᠵᠢᠬᠦ ᠬᠡᠷ ᠪᠦᠯᠢ᠂ ᠬᠤᠪᠢ ᠬᠦᠮᠦᠨ  ᠤ ᠪᠤᠳᠠᠳᠠᠢ ᠰᠤᠷᠠᠭ ᠵᠠᠩᠬᠢ ᠶᠢ ᠪᠢᠴᠢᠵᠥ᠂ ᠱᠠᠭᠠᠷᠳᠠᠯᠭ᠎ᠠ ᠶᠤᠰᠤᠭᠠᠷ ᠪᠢᠴᠢᠬᠦ ᠶᠢ ᠪᠠᠳᠤᠯᠠᠵᠥ᠂ ᠲᠡᠳᠬᠦᠨ ᠲᠡᠮᠵᠢᠭᠳᠡᠬᠦ ᠬᠦᠮᠦᠰ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠲᠠᠩᠰᠠ ᠪᠠ ᠬᠠᠮᠢᠶ᠎ᠠ ᠪᠦᠬᠦᠢ ᠬᠦᠴᠢᠷᠳᠡᠯ ᠤᠨ ᠭᠡᠷᠡᠴᠢ᠂ ᠡᠷᠬᠡ ᠤᠯᠭᠤᠭᠰᠠᠨ ᠪᠢᠴᠢᠭ ᠢ ᠬᠢᠨᠠᠨ ᠬᠠᠷᠭᠤᠭᠤᠯᠤᠭᠰᠠᠨ ᠵᠡᠷᠭᠡ ᠠᠭᠤᠯᠭ᠎ᠠ ᠶᠢ ᠪᠦᠷᠢᠨᠰᠢᠬᠦᠯᠦᠨ ᠰᠢᠨᠡᠳᠬᠡᠨ᠎ᠡ᠃ ᠨᠡᠶᠢᠬᠡᠮ ᠤᠨ ᠲᠡᠳᠬᠦᠨ ᠲᠡᠮᠵᠢᠬᠦ ᠱᠠᠭᠠᠷᠳᠠᠯᠭ᠎ᠠ ᠶᠤᠰᠤᠭᠠᠷ ᠰᠠᠷ᠎ᠠ᠂ ᠤᠯᠠᠷᠢᠯ ᠪᠦᠷᠢ ᠶᠢᠨ ᠲᠤᠭᠳᠠᠭᠰᠠᠨ‌‍ᠴᠠᠭ ᠲᠤᠨᠢ ᠪᠠᠳᠤᠯᠠᠭᠠᠨ ᠤ ᠮᠦᠩᠭᠦ ᠲᠠᠷᠠᠬᠠᠭᠠᠬᠤ ᠲᠡᠪᠳᠡᠷ ᠢ ᠲᠤᠰᠢᠶᠠᠨ ᠦᠭᠴᠦ᠂ ᠪᠠᠳᠤᠯᠠᠭᠠᠨ ᠤ ᠮᠦᠩᠭᠦ ᠶᠢ ᠴᠠᠭ ᠲᠤᠬᠠᠢ ᠳᠤ ᠨᠢ ᠲᠠᠷᠬᠠᠭᠠᠬᠤ ᠶᠢ ᠪᠠᠳᠤᠯᠠᠬᠤ ᠬᠡᠷᠡᠭᠳᠡᠢ᠃ᠭᠤᠷᠪᠠ ᠳᠤ᠂ ᠪᠠᠶᠢᠴᠠᠭᠠᠨ ᠬᠠᠷᠭᠤᠭᠤᠯᠬᠤ ᠠᠵᠢᠯ ᠢ ᠬᠠᠪᠰᠤᠷᠤᠨ ᠦᠷᠨᠢᠬᠦᠯᠦᠨ᠎ᠡ᠃ ᠰᠢᠶᠡᠩ ᠪᠠᠯᠭᠠᠰᠤ ︵ᠵᠡᠬᠡᠯᠢ ᠭᠤᠳᠤᠮᠵᠢ︶ ᠲᠠᠢ ᠬᠠᠮᠵᠢᠯᠴᠠᠨ ᠡᠷᠦᠬᠡ ᠳᠤ ᠤᠷᠤᠵᠥ᠂ ᠵᠡᠷᠬᠡᠯᠡᠳᠡᠭᠡ ᠠᠶᠢᠯ ᠠᠴᠠ ᠰᠤᠷᠪᠤᠯᠵᠢᠯᠠᠬᠤ ᠵᠡᠷᠬᠡ ᠬᠡᠯᠪᠡᠷᠢ  ᠪᠠᠷ ᠨᠡᠶᠢᠬᠡᠮ ᠤᠨ ᠲᠡᠳᠬᠦᠮᠵᠢ ᠶᠢ ᠡᠷᠡᠮᠡᠯᠵᠡᠯᠡᠭᠰᠡᠨ ᠬᠦᠮᠦᠨ ᠤ ᠬᠡᠯᠡᠳᠡᠭ ᠬᠡᠷ ᠪᠦᠯᠢ ᠶᠢᠨ ᠠᠵᠥ ᠠᠬᠤᠢ ᠶᠢᠨ ᠪᠠᠶᠢᠳᠠᠯ᠂ ᠬᠦᠮᠦᠨ ᠪᠦᠯᠢ ᠶᠢᠨ ᠪᠠᠶᠢᠳᠠᠯ᠂ ᠬᠦᠴᠢᠷ ᠵᠤᠪᠠᠭᠤᠷᠢ ᠤᠴᠠᠷᠠᠭᠰᠠᠨ ᠲᠦᠷᠦᠯ ᠵᠦᠢᠯ ᠵᠡᠷᠬᠡ ᠶᠢ ᠵᠠᠬ᠎ᠠ ᠲᠠᠷᠠᠭᠠᠯᠠᠨ ᠪᠠᠶᠢᠴᠠᠭᠠᠨ ᠬᠢᠨᠠᠵᠥ᠂ ᠪᠠᠶᠢᠴᠠᠭᠠᠯᠳᠠ ᠬᠢᠭᠰᠡᠨ ᠬᠦᠮᠦᠨ ᠪᠠ ᠡᠷᠡᠮᠡᠯᠵᠡᠯᠡᠭᠰᠡᠨ ᠬᠦᠮᠦᠨ ᠭᠠᠷ ᠤᠨ ᠦᠰᠦᠭ ᠵᠢᠷᠤᠵᠥ ᠨᠤᠳᠠᠯᠠᠭᠰᠠᠨ ᠪᠠᠶᠢᠬᠤ ᠬᠡᠷᠡᠭᠳᠡᠢ᠃ᠲᠦᠷᠪᠡ ᠳᠤ᠂ ᠨᠡᠶᠢᠬᠡᠮ ᠤᠨ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ ᠤᠬᠠᠭᠤᠯᠬᠤ ᠠᠵᠢᠯ ᠢ ᠰᠠᠶᠢᠳᠤᠷ ᠬᠠᠪᠰᠤᠷᠤᠨ ᠬᠢᠨ᠎ᠡ᠃ᠢᠯᠡ ᠨᠡᠶᠢᠳᠡᠯᠡᠬᠦ ᠰᠠᠮᠪᠠᠷ᠎ᠠ᠂ ᠰᠤᠷᠠᠭ ᠵᠠᠩᠬᠢ ᠤᠬᠠᠭᠤᠯᠬᠤ ᠰᠠᠮᠪᠠᠷ᠎ᠠ᠂ ᠤᠬᠠᠭᠤᠯᠭ᠎ᠠ ᠶᠢᠨ ᠨᠤᠮ᠂ ᠲᠤᠬᠠᠢ ᠶᠢᠨ ᠲᠠᠯᠠᠪᠠᠢ ᠲᠠᠶᠢᠯᠪᠤᠷᠢᠯᠠᠬᠤ ᠵᠡᠷᠬᠡ ᠤᠯᠠᠨ ᠲᠦᠮᠡᠨ ᠤ ᠦᠵᠡᠵᠥ ᠰᠤᠨᠢᠷᠬᠠᠬᠤ ᠲᠤᠷᠠᠳᠠᠢ ᠠᠷᠭ᠎ᠠ ᠬᠡᠯᠪᠡᠷᠢ ᠶᠢ ᠠᠰᠢᠭᠯᠠᠨ ᠂ ᠨᠡᠶᠢᠬᠡᠮ ᠤᠨ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ ᠶᠢ ᠤᠬᠠᠭᠤᠯᠤᠨ ᠲᠦᠬᠡᠮᠡᠯᠵᠢᠬᠦᠯᠬᠦ ᠬᠦᠴᠦᠯᠡᠴᠡ ᠪᠠᠨ ᠲᠠᠰᠤᠷᠠᠯᠳᠠ ᠦᠭᠡᠢ ᠶᠡᠬᠡᠰᠬᠡᠵᠥ᠂ ᠨᠡᠶᠢᠬᠡᠮ ᠤᠨ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ ᠶᠢ ᠬᠦᠮᠦᠨ ᠪᠤᠯᠭᠠᠨ ᠮᠡᠳᠡᠬᠦᠯᠬᠦ ᠪᠤᠯᠭᠠᠬᠤ ᠬᠡᠷᠡᠭᠳᠡᠢ᠃ ᠤᠯᠠᠨ ᠲᠦᠮᠡᠨ ᠳᠤ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ᠂ ᠤᠨᠴᠠ ᠬᠦᠴᠢᠷᠳᠡᠢ ᠬᠦᠮᠦᠰ ᠢ ᠠᠰᠠᠷᠠᠨ ᠲᠡᠵᠢᠬᠡᠬᠦ ᠪᠠ ᠲᠦᠷ ᠴᠠᠭ ᠤᠨ ᠲᠡᠳᠬᠦᠨ ᠲᠡᠮᠵᠢᠬᠦ ᠵᠡᠷᠭᠡ ᠲᠦᠷᠦ ᠶᠢᠨ ᠪᠤᠳᠤᠯᠭ᠎ᠠ ᠶᠢᠨ ᠬᠢᠷᠢ ᠬᠡᠮ ᠤᠨ ᠨᠦᠬᠦᠴᠡᠯ ᠪᠠ ᠡᠷᠡᠮᠡᠯᠵᠡᠯᠡᠯ ᠢ ᠬᠢᠨᠡᠨ ᠵᠦᠪᠰᠢᠶᠡᠷᠡᠬᠦ ᠲᠠᠷᠠᠭᠠᠯᠠᠯ ᠢᠶᠠᠷ ᠭᠤᠤᠯᠳᠠᠯᠭ᠎ᠠ ᠪᠤᠯᠭᠠᠵᠥ᠂ ᠨᠡᠶᠢᠬᠡᠮ ᠤᠨ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ ᠶᠢᠨ ᠢᠯᠡ ᠪᠤᠯᠭᠠᠬᠤ ᠪᠠ ᠤᠶᠢᠯᠠᠭᠠᠬᠤ ᠬᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ︵ᠲᠠᠪᠤ︶ ᠤᠨᠴᠠ ᠬᠦᠴᠢᠷᠳᠡᠢ ᠬᠦᠮᠦᠰ ᠤᠨ ᠪᠡᠶ᠎ᠡ ᠪᠠᠨ ᠲᠠᠭᠠᠭᠠᠬᠤ ᠴᠢᠳᠠᠪᠤᠷᠢ ᠶᠢ ᠦᠨᠡᠯᠡᠬᠦ ᠠᠵᠢᠯ᠃ᠪᠦᠬᠦ ᠬᠤᠰᠢᠭᠤᠨ ᠤ ᠤᠨᠴᠠ ᠬᠦᠴᠢᠷᠳᠡᠢ ᠬᠦᠮᠦᠰ ᠤᠨ ᠪᠡᠶ᠎ᠡ ᠪᠠᠨ ᠲᠠᠭᠠᠭᠠᠬᠤ ᠴᠢᠳᠠᠪᠤᠷᠢ ᠶᠢ ᠮᠠᠭᠠᠳᠯᠠᠨ ᠲᠤᠭᠳᠠᠭᠠᠵᠤ᠂ ᠪᠦᠷᠢᠮᠦᠰᠤᠨ ᠪᠠᠶ᠎ᠠ ᠪᠠᠨ ᠲᠠᠭᠠᠭᠠᠬᠤ᠂ ᠪᠠᠶ᠎ᠠ ᠪᠠᠨ ᠲᠠᠭᠠᠭᠠᠬᠤ ᠴᠢᠳᠠᠪᠤᠷᠢ ᠪᠠᠨ ᠬᠠᠭᠠᠰ ᠠᠯᠳᠠᠭᠰᠠᠨ᠂ ᠪᠠᠶ᠎ᠠ ᠪᠠᠨ ᠲᠠᠭᠠᠭᠠᠬᠤ ᠴᠢᠳᠠᠪᠤᠷᠢ ᠪᠠᠨ ᠪᠦᠷᠢᠮᠦᠰᠤᠨ ᠠᠯᠳᠠᠭᠰᠠᠨ ᠢ ᠲᠤᠰ ᠪᠦᠷᠢ ᠦᠨᠡᠯᠡᠨ ᠲᠤᠭᠳᠠᠭᠠᠵᠤ᠂ ᠤᠨᠴᠠ ᠬᠦᠴᠢᠷᠳᠡᠢ ᠬᠦᠮᠦᠨ ᠤ ᠪᠠᠶ᠎ᠠ ᠪᠠᠨ ᠲᠠᠭᠠᠭᠠᠬᠤ ᠴᠢᠳᠠᠪᠤᠷᠢ ᠶᠢᠨ ᠬᠤᠪᠢᠷᠠᠯᠳᠠ ᠶᠢ ᠴᠠᠭ ᠲᠤᠬᠠᠢ ᠳᠤ ᠨᠢ ᠡᠵᠡᠮᠰᠢᠵᠥ᠂ ᠲᠠᠷᠤᠢ ᠳᠤ ᠨᠢ ᠲᠡᠭᠡᠭᠡᠰᠢ ᠮᠡᠳᠡᠬᠦᠯᠦᠨ᠎ᠡ᠃ ︵ᠵᠢᠷᠭᠤᠭ᠎ᠠ︶ ᠤᠨᠴᠠ ᠬᠦᠴᠢᠷᠳᠡᠢ ᠬᠦᠮᠦᠰ ᠤᠨ ᠠᠮᠢᠳᠤᠷᠠᠯ ᠢ ᠬᠠᠷᠠᠭᠠᠯᠵᠠᠬᠤ ᠦᠢᠯᠡᠴᠢᠯᠡᠬᠡᠨ ᠢ ᠬᠠᠮᠢᠶᠠᠷᠬᠤ ᠪᠠ ᠬᠢᠨᠠᠬᠤ ᠤᠨᠴᠠ ᠬᠦᠴᠢᠷᠳᠡᠢ ᠬᠦᠮᠦᠰ ᠤᠨ ᠠᠮᠢᠳᠤᠷᠠᠯ ᠢ ᠬᠠᠷᠠᠭᠠᠯᠵᠠᠬᠤ ᠦᠢᠯᠡᠴᠢᠯᠡᠬᠡᠨ‌ᠨᠢ ᠪᠦᠬᠦ ᠬᠤᠰᠢᠭᠤᠨ ᠤ ᠪᠡᠶ᠎ᠡ ᠪᠠᠨ ᠲᠠᠭᠠᠭᠠᠬᠤ ᠴᠢᠳᠠᠪᠤᠷᠢ ᠪᠠᠨ ᠪᠦᠷᠢᠮᠦᠰᠦᠨ ᠪᠤᠶᠤ ᠬᠠᠭᠠᠰ ᠢ ᠨᠢ ᠠᠯᠳᠠᠭᠰᠠᠨ ᠡᠳᠡᠬᠡᠳ ᠢ ᠬᠠᠷᠠᠵᠥ ᠬᠠᠷᠠᠭᠠᠯᠵᠠᠬᠤ᠂ ᠡᠷᠡᠬᠦᠯᠵᠢᠬᠦᠯᠬᠦ᠂ ᠡᠮᠨᠡᠯᠬᠡ ᠳᠤ ᠬᠦᠷᠭᠡᠨ ᠠᠰᠠᠷᠠᠬᠤ᠂ ᠨᠡᠶᠢᠬᠡᠮ ᠳᠤ ᠤᠶᠢᠷᠠᠳᠤᠭᠤᠯᠬᠤ᠂ ᠴᠢᠳᠠᠪᠤᠷᠢ ᠶᠢ ᠲᠡᠭᠡᠭᠰᠢᠯᠡᠬᠦᠯᠬᠦ᠂ ᠰᠡᠳᠬᠢᠬᠦᠢ ᠶᠢᠨ ᠵᠢᠯᠤᠭᠤᠳᠤᠯᠭ᠎ᠠ ᠬᠢᠬᠦ ᠵᠡᠷᠬᠡ ᠶᠢ ᠪᠠᠭᠳᠠᠭᠠᠨ᠎ᠠ᠂ ᠲᠡᠭᠡᠷ᠎ᠡ ᠲᠤᠷᠠᠳᠤᠭᠰᠠᠨ ᠦᠢᠯᠡᠴᠢᠯᠡᠬᠡᠨ ᠤ ᠴᠢᠨᠰᠠᠭ᠎ᠠ ᠪᠠ ᠦᠢᠯᠡᠴᠢᠯᠡᠬᠡᠨ ᠤ ᠬᠦᠮᠦᠰ ᠲᠤ ᠬᠢᠨᠠᠯᠳᠠ ᠬᠠᠮᠢᠶᠠᠷᠤᠯᠳᠠ ᠶᠢᠨ ᠠᠵᠢᠯ ᠬᠢᠨ᠎ᠡ᠃ ︵ ᠲᠤᠯᠤ︶ ᠦᠨᠳᠦᠷ ᠠᠰᠢᠭᠳᠠᠢ ᠦᠢᠯᠡᠴᠢᠯᠡᠵᠥ᠂ ᠬᠠᠮᠢᠶᠠᠷᠤᠯᠳᠠ ᠶᠢ ᠲᠠᠭᠠᠨ᠎ᠠ᠃ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠪᠠ ᠰᠢᠶᠠᠩ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠭᠡᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠬᠦᠯᠵᠥ᠂ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠪᠠ ᠰᠢᠶᠠᠩ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠭᠡᠷ ᠤᠨ ᠬᠠᠮᠢᠶᠠᠷᠤᠯᠳᠠ ᠪᠠ ᠬᠢᠨᠠᠯᠳᠠ ᠶᠢ ᠬᠦᠯᠢᠶᠡᠨ᠎ᠡ        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号