ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠬᠦ ᠵᠤᠭᠠᠴᠠᠭᠰᠠᠳ ᠣᠷᠣᠯᠭ᠎ᠠ ᠠᠪᠴᠢᠷᠠᠵᠤ᠂ ᠲᠣᠰᠬᠤᠨ ᠤ | ᠠᠷᠠᠳ ᠤᠨ ᠵᠣᠭᠤᠰᠣᠨ ᠪᠣᠭᠴᠣ ᠨᠢ ᠠᠭᠠᠵᠢᠮ ᠢᠶᠠᠷ ᠣᠪᠤᠶᠢᠪᠠ᠃ ᠬᠠᠷᠠᠴᠢᠨ ᠬᠤᠰᠢᠭᠤᠨ ᠤ ᠤᠯᠠᠮ ᠠᠴᠠ ᠤᠯᠠᠮ | ᠠᠷᠪᠢᠨ ᠬᠥᠳᠡᠭᠡ ᠲᠣᠰᠬᠤᠨ ᠵᠤᠭᠠᠴᠠᠯ ᠢᠶᠠᠷ ᠶᠠᠳᠠᠭᠤ ᠶᠢ ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ︽ᠰᠢᠪᠲᠤᠯᠤᠯᠲᠠ ᠶᠢᠨ ᠴᠡᠭ︾ ᠪᠠ ︽ᠬᠦᠴᠦᠯᠡᠬᠦ ᠴᠡᠭ︾ ᠪᠣᠯᠭᠠᠵᠤ᠂ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ︾ ᠭᠡᠬᠦ ᠬᠥᠭᠵᠢᠯᠲᠡ ᠶᠢᠨ ᠣᠢᠢᠯᠠᠭᠠᠭᠳᠠᠬᠤᠨ ᠢ | ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠤᠬᠠᠢ ᠶᠢᠨ ᠭᠠᠵᠠᠷ ᠤᠨ ᠰᠣᠶᠣᠯ | ᠪᠠ ᠠᠵᠤ ᠦᠢᠯᠡᠰ ᠲᠠᠢ ᠤᠶᠠᠯᠳᠤᠭᠤᠯᠤᠨ ᠵᠤᠭᠠᠴᠠᠯ ᠢ ᠬᠥᠭᠵᠢᠭᠦᠯᠵᠦ᠂ ᠨᠤᠲᠤᠭ ᠤᠨ ᠠᠬ᠎ᠠ ᠳᠡᠭᠦᠦ ᠨᠠᠷ ᠢᠶᠠᠨ | ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ ᠪᠠᠶᠢᠨ᠎ᠠ᠃ | ᠬᠠᠷᠠᠴᠢᠨ ᠬᠤᠰᠢᠭᠤᠨ ᠤ ᠮᠤᠵᠢ ᠶᠢᠨ ᠵᠠᠮ ᠢᠶᠠᠷ ᠡᠮᠦᠨᠡᠰᠢ ᠶᠠᠪᠤᠬᠤ ᠳᠤ᠂ ᠨᠢᠭᠡ ᠪᠦᠯᠦᠭ ᠲᠠᠷᠢᠶᠠᠴᠢᠨ ᠠᠶᠢᠯ ᠤᠨ | ᠬᠦᠷᠢᠶ᠎ᠡ ᠵᠠᠯᠭᠠᠯᠳᠤᠵᠤ᠂ ᠡᠨᠡ ᠨᠢ ᠳᠠᠷᠤᠶ ᠸᠠᠩ ᠤᠨ ᠣᠷᠳᠣᠨ ᠪᠠᠯᠭᠠᠰᠤᠨ ᠤ ᠰᠠᠨ ᠵᠢᠶᠠ ᠽᠦᠨ ᠲᠣᠰᠬᠤᠨ | ᠪᠣᠯᠤᠨ᠎ᠠ᠃ ᠲᠣᠰᠬᠤᠨ ᠳᠤ ᠤᠷᠤᠬᠤ ᠳᠤ᠂ ᠨᠢᠳᠦᠨ ᠳᠤ ᠤᠷᠤᠬᠤ ᠪᠤᠯᠭᠠᠨ ᠨᠢ ᠦᠵᠡᠮᠵᠢ᠂ ᠮᠤᠷᠤᠶ ᠰᠠᠷᠤᠶ | ᠠᠭᠤᠯᠠᠨ ᠳᠤᠮᠳᠠᠬᠢ ᠵᠠᠰᠠᠮᠠᠯ ᠵᠠᠮ ᠨᠢ ᠲᠠᠷᠢᠶᠠᠨ ᠳᠤᠮᠳᠠᠬᠢ ᠦᠩᠭᠡ ᠦᠵᠡᠮᠵᠢ ᠲᠠᠢ ᠵᠠᠯᠭᠠᠯᠳᠤᠵᠤ᠂ ᠤᠯᠠᠨ | ᠡᠷᠲᠡᠨ ᠤ ᠥᠩᠭᠡ ᠦᠨᠢᠷ ᠲᠠᠢ ᠰᠢᠨ᠎ᠡ ᠮᠠᠶ᠋ᠢᠭ ᠤᠨ ᠠᠷᠠᠳ ᠤᠨ ᠣᠷᠣᠨ ᠰᠠᠭᠤᠴᠠ ᠠᠭᠤᠯᠠᠨ ᠣᠢ ᠶᠢᠨ ᠳᠤᠮᠳᠠ | ᠲᠠᠷᠬᠠᠵᠤ᠂ ᠵᠤᠭᠠᠴᠠᠭᠰᠠᠳ ᠰᠡᠭᠦᠳᠡᠷᠯᠡᠬᠦ ᠮᠠᠰᠢᠨᠢᠶ᠋ᠠᠨ ᠭᠠᠷᠭᠠᠨ ᠪᠠᠶᠢᠨ ᠪᠠᠶᠢᠨ ᠰᠠᠶᠢᠨ ᠰᠠᠶᠢᠬᠠᠨ ᠴᠠᠭ ᠮᠥᠴᠡ ᠶᠢ | ᠰᠡᠭᠦᠳᠡᠷᠯᠡᠨ ᠦᠯᠡᠳᠡᠭᠡᠵᠦ ᠪᠠᠶᠢᠯ᠎ᠠ ᠁ | 4 ᠰᠠᠷ᠎ᠠ ᠶᠢᠨ 16 ᠤ ᠡᠳᠦᠷ᠂ ᠲᠡᠭᠷᠢ ᠰᠠᠶ᠋ᠢᠬᠠᠨ ᠭᠡᠭᠡᠷᠵᠦ᠂ ᠰᠠᠨ ᠵᠢᠶᠠ ᠽᠦᠨ ᠲᠤᠰᠬᠤᠨ ᠤ ᠶᠠᠳᠠᠭᠤ | ᠬᠦᠴᠢᠷᠳᠡᠯ ᠲᠠᠢ ᠡᠷᠦᠬᠡ ᠯᠢ ᠭᠠᠩ ᠠᠯᠢ ᠡᠷᠲᠡ ᠥᠪᠡᠷ ᠤᠨ ︽ᠵᠧᠩ ᠶᠠᠨ ᠵᠤᠰᠠᠯᠠᠩ ᠤ ᠤᠷᠳᠤᠨ︾ ᠤ | ᠳᠡᠯᠭᠡᠭᠦᠷ ᠢᠶᠠᠨ ᠨᠡᠭᠡᠭᠡᠵᠦ᠂ ᠬᠤᠲᠠ ᠠᠴᠠ ᠬᠤᠳᠠᠯᠳᠤᠨ ᠠᠪᠤᠭᠰᠠᠨ ᠢᠳᠡᠭᠡᠨ ᠤ ᠮᠠᠲ᠋ᠧᠷᠢᠶᠠᠯ ᠢᠶᠠᠨ | ᠬᠠᠳᠠᠭᠠᠯᠠᠮᠵᠢ ᠶᠢᠨ ᠥᠷᠥᠭᠡᠨ ᠳᠡᠭᠡᠨ ᠶᠠᠭᠠᠷᠠᠤ ᠰᠠᠨᠳᠤᠷᠤᠤ ᠲᠠᠯᠪᠢᠵᠤ᠂ ᠴᠡᠪᠡᠷᠯᠡᠭᠡ ᠬᠢᠵᠦ ᠂ ᠵᠢᠭᠤᠯᠴᠢᠯᠠᠭᠴᠢᠳ ᠢ | ᠤᠭᠲᠤᠬᠤ ᠪᠠᠷ ᠪᠡᠯᠡᠳᠬᠡᠪᠡ᠃ | ᠯᠢ ᠭᠠᠩ ᠭᠡᠷ ᠲᠡᠭᠡᠨ ᠵᠢᠮᠢᠰ ᠤᠨ ᠬᠦᠷᠢᠶᠡᠯᠡᠩ ᠲᠠᠢ᠂ 2018 ᠣᠨ ᠤ 6 ᠰᠠᠷ᠎ᠠ ᠶᠢᠨ ᠡᠬᠢ ᠪᠠᠷ᠂ ︽ | ᠲᠣᠪᠶᠤᠭ ᠤᠨ ᠮᠠᠶ᠋ᠢᠭ︾ ᠤᠨ ᠵᠤᠭᠠᠴᠠᠯ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ ᠮᠥᠩᠭᠦ ᠪᠠ | ᠥᠪᠡᠷᠲᠡᠭᠡᠨ ᠴᠤᠭᠯᠠᠭᠤᠯᠤᠭᠰᠠᠨ ᠪᠡᠯᠡ ᠮᠥᠩᠭᠦ ᠨᠡᠢᠲᠡ 28 ᠲᠦᠮᠡᠨ ᠲᠥᠭᠦᠷᠢᠭ ᠢᠶᠠᠷ ᠳᠠᠮᠵᠢᠨ᠂ ︽ᠴᠡᠴᠡᠭ | ᠰᠣᠨᠢᠷᠬᠠᠬᠤ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠲᠡᠭᠦᠬᠦ ᠪᠠ ᠲᠠᠷᠢᠶᠠᠴᠢᠨ ᠠᠶᠢᠯ ᠤᠨ ᠠᠮᠲᠠᠲᠤ | ᠢᠳᠡᠭᠡᠨ ᠶᠢ ᠡᠳ᠋ᠯᠡᠬᠦ︾ ᠵᠡᠷᠭᠡ ᠤᠯᠠᠨ ᠨᠢᠭᠡ ᠴᠣᠭᠴᠠᠵᠢᠭᠰᠠᠨ ᠬᠥᠭᠵᠢᠯᠲᠡ ᠶᠢᠨ ᠵᠠᠭᠪᠤᠷ ᠢ ᠡᠭᠦᠳᠴᠦ᠂ ᠲᠡᠭᠦᠨ ᠤ | ᠡᠷᠬᠢᠯᠡᠭᠰᠡᠨ ᠲᠠᠷᠢᠶᠠᠴᠢᠨ ᠠᠶᠢᠯ ᠤᠨ ᠵᠤᠭᠠᠴᠠᠯ ᠨᠢ ᠰᠢᠷᠤᠢ ᠶᠢᠨ ᠵᠤᠭᠤᠷᠢ ᠶᠢᠨ ᠰᠢᠷᠠᠭᠰᠠᠨ ᠮᠢᠬ᠎ᠠ ᠪᠠᠷ ᠭᠤᠣᠯ | ᠡᠵᠡᠩᠨᠡᠯᠲᠡ ᠪᠤᠯᠭᠠᠵᠤ ᠄ ᠰᠢᠷᠠᠭᠰᠠᠨ ᠬᠤᠨᠢᠨ ᠬᠠᠪᠢᠷᠭ᠎ᠠ᠂ ᠰᠢᠷᠠᠭᠰᠠᠨ ᠭᠠᠭ᠋ᠠᠢ ᠶᠢᠨ ᠬᠠᠪᠢᠷᠭ᠎ᠠ᠂ ᠰᠢᠷᠠᠭᠰᠠᠨ | ᠦᠬᠡᠷ ᠤᠨ ᠮᠢᠬ᠎ᠠ᠂ ᠰᠢᠷᠠᠭᠰᠠᠨ ᠨᠠᠭᠤᠷ ᠤᠨ ᠵᠢᠭᠠᠰᠤ᠂ ᠰᠢᠷᠠᠭᠰᠠᠨ ᠸᠠᠩ ᠤᠨ ᠣᠷᠳᠣᠨ ᠤ ᠨᠤᠲᠤᠭ ᠤᠨ ᠲᠠᠬᠢᠶ᠎ᠠ᠂ | ᠰᠢᠷᠠᠭᠰᠠᠨ ᠭᠡᠳᠡᠰᠦ ᠪᠣᠯᠤᠨ ᠡᠯ᠎ᠡ ᠵᠦᠢᠯ ᠤᠨ ᠬᠠᠭᠤᠷᠠᠭᠰᠠᠨ ᠨᠣᠭᠤᠭ᠎ᠠ ᠪᠣᠯᠤᠨ᠎ᠠ᠃ ᠠᠵᠢᠯ ᠡᠷᠬᠢᠯᠡᠭᠰᠡᠨ ᠠᠴᠠ | ᠣᠳᠣ ᠪᠣᠯᠲᠠᠯ᠎ᠠ 4 ᠲᠦᠮᠡ ᠭᠠᠷᠤᠶ ᠲᠥᠭᠦᠷᠢᠭ ᠤᠨ ᠠᠰᠢᠭ ᠬᠤᠨᠵᠢᠪᠣᠷᠢ ᠣᠯᠵᠠᠶ᠃ ︽ᠡᠷᠬᠢᠯᠡᠭᠰᠡᠨ ᠲᠠᠷᠢᠶᠠᠴᠢᠨ | ᠠᠶᠢᠯ ᠤᠨ ᠵᠤᠭᠠᠴᠠᠯ ᠳᠤ ᠲᠦᠰᠢᠭᠯᠡᠨ᠂ ᠪᠦᠬᠦ ᠭᠡᠷ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠵᠣᠯ ᠵᠢᠷᠭᠠᠯᠲᠤ | ᠠᠮᠢᠳᠤᠷᠠᠯ ᠢ ᠡᠳ᠋ᠯᠡᠪᠡ︾ ᠭᠡᠵᠦ ᠯᠢ ᠭᠠᠩ ᠬᠡᠯᠡᠭᠰᠡᠨ ᠪᠠᠶᠢᠨ᠎ᠠ᠂ ᠲᠡᠭᠦᠨ ᠤ ᠵᠣᠯ ᠵᠢᠷᠭᠠᠯᠲᠤ ᠠᠮᠢᠳᠤᠷᠠᠯ ᠨᠢ | ᠬᠤᠰᠢᠭᠤᠨ ᠠᠴᠠ ᠣᠯᠭᠤᠭᠰᠠᠨ ᠵᠤᠭᠠᠴᠠᠯ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠳᠤ ᠲᠠᠯᠠᠷᠬᠠᠨ᠎ᠠ᠃ | ᠯᠢ ᠭᠠᠩ ᠲᠠᠢ ᠠᠳᠠᠯᠢ ᠪᠠᠷ᠂ 2018 ᠣᠨ ᠳᠤ ᠲᠤᠰ ᠬᠤᠰᠢᠭᠤᠨ ᠤ ᠤᠯᠠᠮ ᠠᠴᠠ ᠤᠯᠠᠮ ᠣᠯᠠᠨ ᠶᠠᠳᠠᠭᠤ | ᠬᠦᠴᠢᠷᠳᠡᠯᠲᠡᠶ ᠡᠷᠦᠬᠡ ᠪᠡᠶ᠎ᠡ ᠪᠠᠨ ᠳᠠᠭᠠᠭᠠᠵᠤ ᠲᠠᠷᠢᠶᠠᠴᠢᠨ ᠠᠶᠢᠯ ᠤᠨ ᠵᠤᠭᠠᠴᠠᠯ ᠡᠷᠬᠢᠯᠡᠬᠦ᠂ ᠠᠷᠠᠳ ᠤᠨ ᠣᠷᠣᠨ | ᠰᠠᠭᠤᠴᠠ ᠡᠷᠬᠢᠯᠡᠬᠦ ᠵᠢᠴᠢ ᠭᠠᠷ ᠤᠷᠠᠯᠠᠯ ᠤᠨ ᠪᠡᠶᠡᠴᠢᠯᠡᠨ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠵᠢᠭᠤᠯᠴᠢᠯᠠᠯ ᠤᠨ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠳᠤ ᠣᠷᠣᠯᠴᠠᠵᠤ᠂ ᠣᠳᠣᠬᠠᠨ ᠳᠤ ᠪᠥᠬᠦ ᠬᠤᠰᠢᠭᠤᠨ ᠤ | 5 ᠰᠢᠶᠠᠩ ᠪᠠᠯᠭᠠᠰᠤᠨ ᠤ 7 ᠭᠠᠴᠠᠭ᠎ᠠ 15 ᠡᠷᠦᠬᠡ ᠤᠨ 39 ᠬᠦᠮᠥᠨ ᠣᠷᠣᠯᠭ᠎ᠠ ᠶᠢᠨ ᠨᠡᠮᠡᠭᠳᠡᠯ ᠤᠨ ᠪᠣᠳᠠᠲᠤ | ᠠᠰᠢᠭ ᠬᠦᠷᠲᠡᠭᠰᠡᠨ ᠪᠠᠶᠢᠨ᠎ᠠ᠃ | ᠵᠤᠭᠠᠴᠠᠯ ᠤᠨ ᠠᠵᠤ ᠦᠢᠯᠡᠰ ᠢ ᠪᠡᠶ᠎ᠡ ᠪᠠᠨ ᠳᠠᠭᠠᠭᠠᠵᠤ ᠬᠥᠭᠵᠢᠭᠦᠯᠬᠦ ᠶᠢᠨ ᠬᠠᠮᠲᠤ᠂ ᠵᠠᠷᠢᠮ ᠶᠠᠳᠠᠭᠤ ᠬᠦᠴᠢᠷᠳᠡᠯᠲᠡᠢ | ᠤᠯᠠᠨ ᠲᠦᠮᠡᠨ ᠪᠠᠰᠠ ᠬᠤᠷᠰᠢᠶ᠎ᠠ᠂ ᠳᠠᠭᠠᠭᠤᠯᠤᠭᠴᠢ ᠠᠵᠤ ᠠᠬᠤᠢᠢᠯᠠᠯ ᠲᠤ ᠬᠤᠪᠢ ᠣᠷᠣᠬᠤ ᠵᠡᠷᠭᠡ ᠠᠷᠭ᠎ᠠ | ᠬᠡᠯᠪᠡᠷᠢ ᠪᠠᠷ ᠡᠳ᠋ ᠬᠥᠷᠥᠩᠭᠡ ᠶᠢᠨ ᠴᠢᠨᠠᠷᠲᠠᠢ ᠠᠰᠢᠭ ᠣᠷᠣᠯᠭ᠎ᠠ ᠣᠯᠵᠤ ᠶᠠᠳᠠᠭᠤ ᠠᠴᠠ ᠠᠩᠭᠢᠵᠢᠷᠠᠭᠤᠯᠬᠤ ᠵᠠᠮ ᠢᠶᠠᠷ | ᠵᠠᠮᠨᠠᠵᠠᠢ᠃ ᠮᠧᠢ ᠯᠢᠨ ᠪᠠᠯᠭᠠᠰᠤᠨ ᠤ ᠳ᠋ᠦᠩ ᠵᠢᠤᠢ ᠽᠢ ᠲᠣᠰᠬᠤᠨ ᠤ ᠶᠠᠳᠠᠭᠤ ᠬᠦᠴᠢᠷᠳᠡᠯᠲᠡᠢ ᠡᠷᠦᠬᠡ ᠨᠢᠤ ᠶᠢᠩ | ᠴᠢᠤᠸᠠᠨ ᠪᠣᠯ ᠳᠠᠷᠤᠢ ᠲᠡᠭᠦᠨ ᠤ ᠳᠣᠲᠣᠷᠠᠬᠢ ᠨᠢᠭᠡᠨ ᠠᠰᠢᠭ ᠬᠦᠷᠲᠡᠭᠴᠢ ᠪᠣᠯᠤᠨ᠎ᠠ᠃ ︽2017 ᠣᠨ ᠳᠤ ᠱᠠᠨ | ᠷᠥᠩ ᠠᠢᠮᠠᠭ ᠲᠤ ᠬᠤᠪᠢ ᠣᠷᠣᠭᠤᠯᠵᠠᠢ᠂ ᠡᠨᠡ ᠬᠦ ᠠᠵᠤ ᠠᠬᠤᠢᠢᠯᠠᠯ ᠨᠡᠯᠢᠶᠡᠳ ᠰᠠᠶᠢᠨ ᠬᠥᠭᠵᠢᠵᠦ᠂ | ᠣᠳᠣᠬᠠᠨ ᠳᠤ ᠨᠢᠭᠡᠨᠲᠡ 2800 ᠲᠥᠭᠦᠷᠢᠭ ᠤᠨ ᠠᠰᠢᠭ ᠣᠷᠣᠯᠭ᠎ᠠ ᠬᠤᠪᠢᠶᠠᠬᠤ ᠮᠥᠩᠭᠦ ᠣᠯᠵᠤ᠂ ᠮᠠᠨ ᠤ ᠬᠢᠨ ᠢ | ᠬᠠᠪᠰᠤᠷᠤᠨ ᠶᠡᠭᠡ ᠠᠰᠠᠭᠤᠳᠠᠯ ᠢ ᠰᠢᠢᠳᠪᠦᠷᠢᠯᠡᠵᠦ ᠥᠭᠴᠡᠢ︾ ᠭᠡᠵᠦ ᠨᠢᠦ ᠶᠢᠩ ᠴᠢᠤᠸᠠᠨ ᠵᠤᠬᠢᠶᠠᠭᠴᠢ ᠶᠢᠨ ᠭᠠᠷ | ᠢ ᠪᠠᠷᠢᠨ ᠰᠡᠳᠬᠢᠯ ᠳᠤᠭᠳᠤᠯᠠᠨ ᠶᠠᠷᠢᠵᠤ ᠪᠠᠶᠢᠯ᠎ᠠ᠃ | ᠣᠶᠢᠯᠠᠭᠠᠭᠰᠠᠨ ᠢᠶᠠᠷ᠂ ᠲᠤᠰ ᠬᠤᠰᠢᠭᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠬᠥᠳᠡᠭᠡ | ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠶᠢᠨ ᠲᠥᠷᠥᠯ ᠵᠦᠢᠯ ᠳᠤ ᠣᠷᠣᠭᠤᠯᠬᠤ ᠪᠠᠷ ᠳᠠᠮᠵᠢᠭᠤᠯᠤᠨ᠂ ᠶᠠᠳᠠᠭᠤ | ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠡᠳ᠋ ᠬᠥᠷᠥᠩᠭᠡ ᠶᠢᠨ | ᠴᠢᠨᠠᠷᠲᠠᠶ ᠠᠰᠢᠭ ᠣᠷᠣᠯᠭ᠎ᠠ ᠶᠢ ᠪᠤᠢ ᠪᠣᠯᠭᠠᠵᠤ᠂ ᠶᠠᠳᠠᠭᠤ ᠬᠦᠴᠢᠷᠳᠡᠯᠲᠡᠶ ᠡᠷᠦᠬᠡ ᠳᠤ ᠠᠰᠢᠭ ᠣᠷᠣᠯᠭ᠎ᠠ | ᠬᠦᠷᠲᠡᠭᠡᠪᠡ ᠃ | ᠰᠢ ᠴᠢᠶᠣᠤ ᠪᠠᠯᠭᠠᠰᠤ ᠶᠢᠨ ᠯᠧᠢ ᠶᠢᠩᠽᠢ ᠲᠣᠰᠬᠤᠨ ᠨᠢ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ | ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠨ ᠢ ᠬᠤᠪᠢ | ᠣᠷᠣᠭᠤᠯᠤᠭᠴᠢ ᠪᠤᠯᠭᠤᠭᠠᠬᠤ ᠪᠠᠷ ᠭᠤᠣᠯ ᠠᠭᠤᠯᠭ᠎ᠠ ᠢᠶᠠᠨ ᠪᠣᠯᠭᠠᠭᠰᠠᠨ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠣᠰᠬᠤᠨ ᠤ ᠬᠠᠮᠲᠤ ᠨᠡᠶᠢᠲᠡ ᠪᠣᠯᠤᠨ ᠲᠠᠷᠢᠶᠠᠴᠢᠳ ᠤᠨ | ᠬᠤᠭᠤᠷᠣᠨᠳᠣ ︽ᠠᠰᠢᠭ ᠲᠤᠰᠠ ᠶᠢ ᠬᠠᠮᠲᠤ ᠪᠠᠷ ᠡᠳ᠋ᠯᠡᠬᠦ᠂ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ︾ | ᠬᠤᠪᠢ ᠣᠷᠣᠭᠤᠯᠵᠤ ᠬᠠᠮᠲᠤᠷᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠵᠤ᠂ ᠲᠣᠰᠬᠤᠨ ᠤ ᠠᠷᠠᠳ ᠪᠡᠯᠡᠨ | ᠵᠣᠭᠤᠰ ᠪᠤᠶᠤ ᠭᠠᠵᠠᠷ ᠰᠢᠷᠣᠢ ᠪᠠᠷ ᠬᠤᠪᠢ ᠣᠷᠣᠭᠤᠯᠬᠤ ᠬᠡᠯᠪᠡᠷᠢ ᠪᠠᠷ ᠬᠤᠷᠰᠢᠶ᠎ᠠ ᠳᠤ ᠣᠷᠣᠵᠤ᠂ ᠬᠥᠳᠡᠭᠡ | ᠲᠣᠰᠬᠤᠨ ᠤ ᠵᠤᠭᠠᠴᠠᠯ ᠤᠨ ᠦᠢᠯᠡᠰ ᠲᠤ ᠣᠷᠣᠯᠴᠠᠭᠰᠠᠨ ᠲᠣᠰᠬᠤᠨ ᠤ ᠠᠷᠠᠳ 90 % ᠠᠴᠠ ᠳᠡᠭᠡᠭᠰᠢ ᠪᠣᠯᠵᠤ᠂ | ᠪᠣᠶ ᠪᠦᠬᠦᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠠᠢ ᠡᠷᠦᠬᠡ ᠡᠭᠦᠨ ᠳᠤᠮᠳᠠ ᠠᠴᠠ ᠠᠰᠢᠭ ᠬᠦᠷᠲᠡᠪᠡ᠃ | ᠮᠧᠢ ᠯᠢᠨ ᠪᠠᠯᠭᠠᠰᠤᠨ ᠤ ᠬᠥ᠋ ᠱᠠᠨ ᠲᠣᠰᠬᠤᠨ ᠶᠧᠦ ᠶᠧᠦ ᠬᠥ᠋ ᠬᠥᠳᠡᠭᠡ ᠲᠣᠰᠬᠤᠨ ᠤ ᠵᠤᠭᠠᠴᠠᠯ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ ᠪᠠᠶᠢᠭᠤᠯᠵᠤ᠂ ᠪᠦᠬᠦ ᠲᠣᠰᠬᠤᠨ ᠤ ᠬᠥᠳᠡᠭᠡ ᠲᠣᠰᠬᠤᠨ ᠤ ᠵᠤᠭᠠᠴᠠᠯ ᠤᠨ | ᠡᠵᠡᠩᠨᠡᠯᠲᠡ ᠳᠤ ᠺᠣᠮᠫᠠᠨᠢ ᠶᠢᠨ ᠮᠠᠶ᠋ᠢᠭ ᠤᠨ ᠬᠠᠮᠢᠶᠠᠷᠤᠯᠲᠠ ᠶᠠᠪᠤᠭᠤᠯᠵᠤ᠂ ᠨᠡᠢᠲᠡ 87 ᠡᠷᠦᠬᠡ 212 ᠬᠥᠮᠦᠨ ᠢ | ᠪᠦᠷᠬᠦᠵᠡᠢ᠂ ᠡᠭᠦᠨ ᠳᠤ᠂ ᠭᠠᠵᠠᠷ ᠰᠢᠷᠣᠢ ᠶᠢ ᠰᠢᠯᠵᠢᠭᠦᠯᠬᠦ᠂ ᠠᠵᠢᠯ ᠬᠦᠳᠡᠯᠮᠦᠷᠢ ᠬᠢᠬᠦ ᠪᠠᠷ ᠳᠠᠶᠢᠴᠢᠯᠠᠬᠤ᠂ ᠠᠵᠤ | ᠦᠢᠯᠡᠰ ᠢᠶᠠᠷ ᠶᠠᠳᠠᠭᠤ ᠬᠦᠴᠢᠷᠳᠡᠯᠲᠡᠢ 32 ᠡᠷᠦᠬᠡ 55 ᠬᠦᠮᠥᠰ ᠶᠢ ᠳᠠᠶᠢᠴᠢᠯᠠᠵᠠᠢ᠃ ᠮᠧᠢ ᠯᠢᠨ ᠪᠠᠯᠭᠠᠰᠤ ᠮᠧᠢ | ᠯᠢᠨ ᠬᠥ᠋ ᠸᠧᠨ ᠯᠢᠦᠢ ᠪᠦᠯᠦᠭᠯᠡᠯ᠂ ᠱᠠᠨ ᠷᠦᠡᠭ ᠠᠢᠮᠠᠭ ᠤᠨ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠶᠢᠨ | ᠬᠢᠵᠠᠭᠠᠷᠲᠤ ᠺᠣᠮᠫᠠᠨᠢ ᠵᠡᠷᠭᠡ ᠵᠤᠭᠠᠴᠠᠯ ᠤᠨ ᠳᠠᠭᠠᠭᠤᠯᠤᠭᠴᠢ ᠠᠵᠤ ᠠᠬᠤᠢᠢᠯᠠᠯ ᠲᠤ ᠲᠦᠰᠢᠭᠯᠡᠨ᠂ ᠦᠵᠡᠮᠵᠢ ᠶᠢᠨ | ᠣᠷᠣᠨ ᠤ ᠬᠡᠪᠴᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠦᠵᠡᠮᠵᠢ ᠶᠢᠨ ᠣᠷᠣᠨ ᠤ ᠴᠢᠳᠠᠮᠵᠢ ᠶᠢ | ᠲᠡᠭᠦᠯᠳᠡᠷᠵᠢᠭᠦᠯᠬᠦ ᠶᠢᠨ ᠬᠠᠮᠲᠤ᠂ ︽ᠠᠵᠤ ᠠᠬᠤᠢᠢᠯᠠᠯ + ᠶᠠᠳᠠᠭᠤ ᠬᠦᠴᠢᠷᠳᠡᠯᠲᠡᠢ ᠡᠷᠦᠬᠡ︾ ᠶᠢᠨ ᠠᠷᠭ᠎ᠠ | ᠬᠡᠯᠪᠡᠷᠢ ᠶᠢ ᠠᠪᠴᠤ᠂ ᠪᠦᠬᠦ ᠪᠠᠯᠭᠠᠰᠤᠨ ᠤ 17 ᠵᠠᠰᠠᠭ ᠵᠠᠬᠢᠷᠭᠠᠨ ᠤ ᠲᠣᠰᠬᠤᠨ ᠤ 633 ᠶᠠᠳᠠᠭᠤ ᠬᠦᠴᠢᠷᠳᠡᠯᠲᠡᠢ | ᠡᠷᠦᠬᠡ ᠶᠢᠨ 1259 ᠬᠥᠮᠦᠨ ᠢ ᠳᠠᠶᠢᠴᠢᠯᠠᠵᠤ᠂ ᠵᠢᠯ ᠤᠨ ᠣᠯᠬᠤ ᠠᠰᠢᠭ ᠢ 10 % ᠢᠶᠠᠷ ᠨᠡᠮᠡᠭᠳᠡᠬᠦᠯᠵᠤ ᠂ | ᠶᠠᠳᠠᠭᠤ ᠬᠦᠴᠢᠷᠳᠡᠯᠲᠡᠢ ᠡᠷᠦᠬᠡ ᠵᠢᠯ ᠪᠦᠷᠢ ᠡᠳ᠋ ᠬᠥᠷᠥᠩᠭᠡ ᠶᠢᠨ ᠴᠢᠨᠠᠷᠲᠠᠢ ᠠᠰᠢᠭ ᠣᠷᠣᠯᠭ᠎ᠠ ᠶᠢᠨ ᠪᠡᠯᠡ | ᠮᠥᠩᠭᠦ ᠶᠢ 700 ᠲᠥᠭᠦᠷᠢᠭ ᠡᠳ᠋ᠯᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠵᠦ | ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠪᠠ᠃ | ᠡᠭᠦᠨ ᠤ ᠬᠠᠮᠲᠤ᠂ ᠲᠤᠰ ᠬᠤᠰᠢᠭᠤ ᠪᠠᠰᠠ ᠬᠥᠳᠡᠭᠡ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠬᠠᠮᠢᠶᠠᠷᠤᠯᠲᠠ᠂ | ᠦᠢᠯᠡᠴᠢᠯᠡᠭᠡ ᠬᠦᠯᠢᠶᠡᠨ ᠠᠪᠬᠤ ᠵᠡᠷᠭᠡ ᠲᠠᠯ᠎ᠠ ᠪᠠᠷ᠂ ᠡᠯ᠎ᠡ ᠬᠥᠳᠡᠭᠡ ᠲᠣᠰᠬᠤᠨ ᠤ ᠵᠢᠭᠤᠯᠴᠢᠯᠠᠯ ᠤᠨ | ᠡᠵᠡᠩᠨᠡᠯᠲᠡ ᠶᠢᠨ ᠡᠷᠦᠬᠡ᠂ ᠲᠠᠷᠢᠶᠠᠴᠢᠨ ᠠᠶᠢᠯ ᠤᠨ ᠵᠤᠭᠠᠴᠠᠯ ᠳᠤ ᠠᠵᠢᠯᠯᠠᠵᠤ ᠪᠠᠶᠢᠭ᠎ᠠ 43 ᠬᠥᠮᠦᠨ ᠳᠤ | ᠪᠣᠯᠪᠠᠰᠤᠷᠠᠯ ᠤᠨ ᠠᠩᠭᠢ ᠡᠷᠬᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠵᠢᠭᠤᠯᠴᠢᠯᠠᠯ ᠤᠨ ᠠᠵᠤ ᠦᠢᠯᠡᠰ | ᠡᠷᠬᠢᠯᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠲᠡᠷᠡᠴᠢᠯᠡᠨ ᠬᠥᠳᠡᠭᠡ ᠲᠣᠰᠬᠤᠨ ᠤ | ᠵᠤᠭᠠᠴᠠᠯ ᠤᠨ ᠭᠤᠣᠯᠳᠠᠯᠭ᠎ᠠ ᠲᠠᠢ ᠰᠢᠶᠠᠩ ᠪᠠᠯᠭᠠᠰᠤᠨ ᠤ ᠤᠳᠤᠷᠢᠳᠤᠯᠭ᠎ᠠ ᠪᠣᠯᠤᠨ ᠠᠵᠢᠯ ᠡᠷᠬᠢᠯᠡᠭᠴᠢᠳ ᠢ 70 | ᠬᠥᠮᠥᠨ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠪᠠᠷ ᠨᠡᠯᠢᠶᠡᠳ ᠰᠠᠶᠢᠨ ᠭᠠᠵᠠᠷ | ᠣᠷᠣᠨ ᠳᠤ ᠬᠦᠷᠴᠦ ᠲᠡᠷᠢᠭᠦᠨ ᠤ ᠣᠶᠢᠯᠠᠭᠠᠭᠳᠠᠬᠤᠨ ᠪᠣᠯᠤᠨ ᠠᠷᠭ᠎ᠠ ᠬᠢᠳᠡᠯ ᠢ ᠰᠤᠷᠤᠯᠴᠠᠭᠤᠯᠪᠠ ᠃ ᠮᠧᠶ ᠯᠢᠨ ᠬᠥ᠋ | ᠬᠤᠸᠠᠨ ᠬᠥ᠋ ᠵᠠᠰᠠᠮᠠᠯ ᠵᠠᠮ ᠳᠠᠭᠠᠤ᠂ ᠮᠠ ᠠᠨ ᠱᠠᠨ ᠦᠵᠡᠮᠵᠢ ᠶᠢᠨ ᠣᠷᠣᠨ ᠳᠠᠭᠠᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠬᠠᠭᠤᠴᠢᠷᠠᠭᠰᠠᠨ᠂ ᠲᠤᠭ᠎ᠠ ᠬᠡᠮᠵᠢᠶ᠎ᠡ ᠬᠦᠷᠦᠯᠴᠡᠬᠦ ᠥᠬᠡᠶ ᠵᠡᠷᠭᠡ | ᠪᠠᠶᠢᠳᠠᠯ ᠳᠤ ᠴᠢᠭᠯᠡᠭᠦᠯᠦᠨ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠠᠵᠢᠯ ᠲᠥᠷᠥᠯ ᠢᠶᠠᠷ ᠢᠶᠠᠨ | ᠬᠠᠪᠰᠤᠷᠤᠨ ᠲᠡᠳᠬᠦᠬᠦ ᠨᠢᠭᠡᠴᠡ ᠪᠡᠭᠡᠵᠢᠩ ᠤᠨ ᠰᠢ ᠴᠧᠩ ᠲᠣᠭᠤᠷᠢᠭ ᠣᠨᠣᠪᠴᠢᠲᠠᠶ ᠠᠷᠭ᠎ᠠ ᠪᠣᠳᠣᠯᠭ᠎ᠠ | ᠬᠡᠷᠡᠭᠵᠢᠭᠦᠯᠵᠦ᠂ 340 ᠢᠵᠢ ᠬᠤᠭ ᠨᠣᠪᠰᠢ ᠶᠢᠨ ᠬᠠᠶᠢᠷᠴᠠᠭ᠂ 10 ᠴᠠᠬᠢᠯᠭᠠᠨ ᠭᠤᠷᠪᠠᠨ ᠬᠦᠷᠳᠦᠲᠦ ᠬᠤᠭ | ᠨᠣᠪᠰᠢ ᠶᠢ ᠬᠤᠷᠢᠶᠠᠨ ᠴᠤᠭᠯᠠᠭᠤᠯᠬᠤ ᠲᠡᠷᠭᠡ᠂ 3 ᠰᠠᠭᠤᠷᠢ ᠠᠷᠤ ᠲᠠᠯ᠎ᠠ ᠳᠤ ᠰᠠᠪᠠᠯᠠᠨ ᠠᠪᠴᠢᠭᠤᠯᠬᠤ ᠮᠠᠶ᠋ᠢᠭ ᠤᠨ | ᠬᠤᠭ ᠨᠣᠪᠰᠢ ᠶᠢᠨ ᠲᠡᠷᠭᠡ᠂ 3 ᠰᠠᠭᠤᠷᠢ ᠬᠤᠭ ᠨᠣᠪᠰᠢ ᠶᠢᠨ ᠴᠡᠪᠡᠷᠯᠡᠭᠡ ᠶᠢᠨ ᠲᠡᠷᠭᠡ ᠵᠢᠴᠢ 6 ᠰᠠᠭᠤᠷᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠰᠤ ᠪᠠᠷ ᠤᠬᠢᠶᠠᠬᠤ ᠵᠣᠷᠯᠣᠩ ᠢ ᠲᠤᠰᠠᠯᠠᠭᠰᠠᠨ ᠪᠠᠶᠢᠨ᠎ᠠ᠃ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠦᠵᠡᠮᠵᠢ ᠶᠢᠨ | ᠣᠷᠣᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢᠯᠡᠳᠲᠡ ᠰᠠᠶᠢᠵᠢᠷᠠᠵᠠᠶ᠂ | ᠡᠨᠡ ᠨᠢ ᠵᠤᠭᠠᠴᠢᠭᠰᠠᠡᠳ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠡᠷᠭᠢᠨ | ᠲᠣᠭᠤᠷᠢᠨ ᠤ ᠮᠧᠶ ᠯᠢᠨ ᠲᠣᠰᠬᠤᠨ᠂ ᠰᠢᠶᠣᠤ ᠮᠧᠶ ᠯᠢᠨ ᠲᠣᠰᠬᠤᠨ᠂ ᠮᠠ ᠠᠨ ᠱᠠᠨ ᠲᠣᠰᠬᠤᠨ ᠵᠡᠷᠭᠡ ᠮᠠᠰᠢ | ᠣᠯᠠᠨ ᠶᠠᠳᠠᠭᠤ ᠬᠦᠴᠢᠷᠳᠡᠯᠲᠡᠶ ᠲᠣᠰᠬᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ | ᠳᠠᠶᠢᠴᠢᠯᠠᠭᠰᠠᠨ ᠤ ᠤᠯᠠᠮ ᠠᠴᠠ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠵᠤ᠂ ᠨᠡᠢᠭᠡᠮ ᠤᠨ ᠰᠠᠶᠢᠨ ᠰᠠᠶᠢᠬᠠᠨ ᠦᠷ᠎ᠡ ᠠᠰᠢᠭ ᠢ ᠪᠡᠶᠡᠯᠡᠭᠦᠯᠦᠭᠰᠡᠨ ᠪᠠᠶᠢᠨ᠎ᠠ᠃ | | | | | |