ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠤᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2019/5/24
ᠣᠢᠢᠷ᠎ᠠ ᠳᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠭᠡᠷ ᠨᠠᠮ ᠤᠨ ᠡᠭᠦᠷ ︽ᠤᠭ ᠰᠠᠨᠠᠭ᠎ᠠ ᠪᠠᠨ ᠥᠯᠥ ᠮᠠᠷᠲᠠᠵᠤ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠪᠢᠴᠢᠭᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ︽ᠤᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠬᠥᠰᠢᠭᠡ ᠶᠢ ᠰᠡᠬᠦᠪᠡ᠃ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠪᠢᠴᠢᠭᠰᠡᠨ ᠪᠥᠭᠡᠳ ᠳᠡᠯᠭᠡᠨ ᠦᠵᠡᠭᠦᠯᠵᠦ ᠰᠣᠯᠢᠯᠴᠠᠵᠤ᠂ ᠨᠠᠮ ᠤᠨ ᠤᠭ ᠰᠠᠨᠠᠭ᠎ᠠ ᠶᠢ ᠨᠠᠩ ᠭᠦᠨᠵᠡᠭᠡᠢ ᠣᠶᠢᠯᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠶᠢ ᠪᠠᠲᠤ ᠴᠡᠭᠡᠵᠢᠯᠡᠪᠡ᠃ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠳ ᠢ ᠳᠠᠭᠠᠭᠤᠯᠤᠨ ᠨᠠᠮ ᠤᠨ ᠲᠤᠭ ᠳᠣᠣᠷ᠎ᠠ ᠵᠣᠭᠰᠣᠵᠤ᠂ ᠪᠠᠷᠠᠭᠤᠨ ᠭᠠᠷ ᠢᠶᠠᠨ ᠡᠷᠭᠦᠨ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠲᠠᠬᠢᠨ ᠳᠠᠪᠲᠠᠵᠤ᠂ ᠨᠠᠮ ᠤᠨ ᠭᠡᠰᠢᠭᠦᠨ ᠺᠠᠳ᠋ᠷᠴᠤᠳ ᠢ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠬᠤ ᠶᠢᠨ ᠬᠠᠮᠲᠤ ᠨᠠᠩ ᠴᠤ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠨ᠎ᠡ ᠴᠠᠭ ᠦᠶ᠎ᠡ ᠶᠢᠨ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠨ ᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠣᠯᠠᠨ ᠤ ᠠᠰᠢᠭ ᠲᠤᠰᠠ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠪᠠᠷ ᠡᠭᠦᠷᠭᠡ ᠪᠠᠨ ᠪᠣᠯᠭᠠᠵᠤ᠂ ᠪᠣᠳᠠᠲᠠᠢ ᠶᠢ ᠡᠷᠬᠢᠮᠯᠡᠬᠦ ᠰᠤᠷᠲᠠᠯ᠂ ᠰᠢᠯᠢᠳᠡᠭ ᠦᠢᠯᠡᠴᠢᠯᠡᠭᠡ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号