ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠢᠣᠳ᠋ ᠳᠤᠲᠠᠭᠳᠠᠬᠤ ᠡᠪᠡᠳᠴᠢᠨ ᠢ ᠰᠡᠷᠭᠡᠶᠢᠯᠡᠨ ᠵᠠᠰᠠᠬᠤ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2019/5/24
ᠣᠢᠢᠷ᠎ᠠ ᠳᠤ᠂ 26 ᠳ᠋ᠤᠭᠠᠷ ᠬᠤᠭᠤᠴᠠᠭᠠᠨ ᠤ ︽ᠪᠥᠬᠦ ᠤᠯᠤᠰ ᠤᠨ ᠢᠣᠳ᠋ ᠳᠤᠲᠠᠭᠳᠠᠬᠤ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠡᠳᠦᠷ︾ ᠪᠣᠯᠵᠤ᠂ ᠢᠣᠳ᠋ ᠳᠤᠲᠠᠭᠳᠠᠬᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠬᠦ ᠶᠢᠨ ᠲᠥᠯᠥᠭᠡ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠮᠲᠤᠷᠠᠨ ᠵᠢᠨᠱᠠᠨ ᠪᠠᠯᠭᠠᠰᠤᠨ ᠤ ᠲᠣᠮᠣ ᠠᠰᠠᠷ ᠤᠨ ᠪᠠᠷᠠᠭᠤᠨ ᠲᠠᠯ᠎ᠠ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ︽ᠰᠢᠨᠵᠢᠯᠡᠬᠦ ᠤᠬᠠᠭᠠᠨᠴᠢ ᠪᠠᠷ ᠢᠣᠳ᠋ ᠢ ᠨᠥᠬᠦᠪᠥᠷᠢᠯᠡᠵᠦ ᠣᠶᠣᠨ ᠢ ᠨᠡᠮᠡᠭᠳᠡᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠵᠦ ᠠᠷᠠᠳ ᠲᠤ ᠠᠰᠢᠭᠲᠠᠶ ᠪᠠᠶᠢᠯᠭᠠᠬᠤ︾ ᠪᠠᠷ ᠭᠤᠤᠯ ᠰᠡᠳᠦᠪ ᠪᠣᠯᠭᠠᠵᠤ᠂ ᠣᠯᠠᠨ ᠲᠦᠮᠡᠨ ᠳᠤ ︽ᠶᠠᠭᠤ ᠶᠢ ᠢᠣᠳ᠋ ᠳᠤᠲᠠᠭᠳᠠᠬᠤ ᠡᠪᠡᠳᠴᠢᠨ ᠭᠡᠬᠦ ᠪᠤᠢ︾᠂ ︽ᠢᠣᠳ᠋ ᠳᠤᠲᠠᠭᠳᠠᠬᠤ ᠨᠢ ᠶᠠᠮᠠᠷ ᠶᠠᠮᠠᠷ ᠬᠤᠤᠷ ᠬᠥᠨᠥᠭᠡᠯ ᠲᠠᠢ ᠪᠤᠢ︾᠂ ︽ᠢᠣᠳ᠋ ᠳᠤᠲᠠᠭᠳᠠᠬᠤ ᠡᠪᠡᠳᠴᠢᠨ ᠢ ᠰᠡᠷᠭᠡᠶᠢᠯᠡᠨ ᠵᠠᠰᠠᠬᠤ ᠬᠠᠮᠤᠭ ᠤᠨ ᠰᠠᠶᠢᠨ ᠠᠷᠭ᠎ᠠ  — ᠢᠤᠳ᠋ ᠲᠠᠢ ᠳᠠᠪᠤᠰᠤ ᠢᠳᠡᠬᠦ︾᠂ ︽ᠦᠨᠡᠨ ᠬᠤᠳᠠᠯ ᠢᠣᠳ᠋ ᠲᠠᠢ ᠳᠠᠪᠤᠰᠤ ᠶᠢ ᠬᠡᠷᠬᠢᠨ ᠢᠯᠭᠠᠨ ᠲᠠᠨᠢᠬᠤ︾ ᠵᠡᠷᠭᠡ ᠠᠭᠤᠯᠭ᠎ᠠ ᠶᠢ ᠤᠬᠠᠭᠤᠯᠪᠠ᠃ ᠤᠬᠠᠭᠤᠯᠬᠤ ᠶᠠᠪᠤᠴᠠ ᠳᠤ ᠤᠬᠠᠭᠤᠯᠬᠤ ᠥᠷᠲᠡᠭᠡ᠂  ᠯᠠᠪᠯᠠᠯᠭ᠎ᠠ ᠥᠭᠬᠦ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠬᠥᠨᠳᠡᠯᠡᠨ ᠪᠢᠴᠢᠭᠡᠰᠦ ᠡᠯᠭᠦᠨ᠂ ᠤᠬᠠᠭᠤᠯᠬᠤ ᠬᠠᠭᠤᠳᠠᠰᠤ᠂ ᠤᠬᠠᠭᠤᠯᠬᠤ ᠳᠡᠪᠲᠡᠷ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠮᠠᠶ᠋ᠢᠭ ᠪᠠᠷ ᠢᠣᠳ᠋ ᠳᠤᠲᠠᠭᠳᠠᠵᠤ  ᠪᠠᠶᠢᠭ᠎ᠠ ᠡᠪᠡᠳᠴᠢᠨ ᠤ ᠬᠥᠨᠥᠭᠡᠯ ᠪᠣᠯᠤᠨ ᠢᠣᠳ᠋ ᠳᠤᠲᠠᠭᠳᠠᠵᠤ ᠪᠠᠶᠢᠭ᠎ᠠ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠤᠬᠠᠭᠤᠯᠵᠤ᠂ ᠢᠣᠳ᠋ ᠳᠤᠲᠠᠭᠳᠠᠵᠤ  ᠪᠠᠶᠢᠭ᠎ᠠ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠲᠤ ᠪᠦᠬᠦ ᠨᠡᠢᠭᠡᠮ ᠢ ᠲᠡᠶᠢᠴᠢᠯᠡᠨ ᠬᠠᠮᠲᠤᠪᠠᠷ  ᠣᠷᠤᠯᠴᠠᠭᠤᠯᠣᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号