ᠬᠠᠷᠠᠴᠢᠨ ᠬᠤᠰᠢᠭᠤ ᠭᠤᠤᠯᠳᠠᠯᠭ᠎ᠠ ᠲᠠᠢ ᠣᠷᠣᠨ ᠪᠦᠰᠡ ᠳᠤ ᠰᠠᠭᠤᠵᠤ ᠠᠷᠠᠯᠵᠢᠶᠠᠴᠢᠨ ᠤᠷᠢᠬᠤ ᠠᠵᠢᠯᠯᠠᠭ᠎ᠠ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019/5/7
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠦᠨᠡᠨᠬᠦ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠷᠭ᠎ᠠ ᠵᠠᠮ ᠢ ᠥᠷᠭᠡᠳᠬᠡᠨ᠂ ᠬᠥᠭᠵᠢᠭᠰᠡᠨ ᠭᠠᠵᠠᠷ ᠣᠷᠣᠨ ᠤ ᠳᠠᠪᠠᠭᠤᠯᠢᠭ ᠡᠬᠢ ᠪᠠᠶᠠᠯᠢᠭ ᠢ ᠭᠦᠢᠴᠡᠳ ᠲᠠᠲᠠᠵᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ 2019 ᠣᠨ ᠠᠴᠠ ᠡᠬᠢᠯᠡᠨ ᠺᠠᠳ᠋ᠷ ᠢ ᠰᠣᠩᠭᠤᠨ ᠲᠣᠮᠢᠯᠠᠵᠤ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠧᠢ ᠂  ᠪᠦᠸᠧᠬᠠᠶ ᠲᠠᠩᠭᠢᠰ ᠢ ᠲᠤᠭᠤᠷᠢᠭᠰᠠᠨ ᠵᠡᠷᠭᠡ ᠠᠵᠤ ᠠᠬᠤᠶ ᠬᠥᠭᠵᠢᠭᠰᠡᠨ ᠭᠠᠵᠠᠷ ᠣᠷᠣᠨ ᠳᠤ ᠣᠴᠢᠭᠤᠯᠤᠨ ᠰᠠᠭᠤᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠵᠦ᠂ ᠣᠨᠴᠠᠭᠠᠢᠯᠠᠨ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠲᠣᠭᠲᠠᠭᠠᠪᠠ᠃ ᠨᠢᠭᠡ᠂ ᠰᠠᠭᠤᠭ᠎ᠠ ᠭᠠᠵᠠᠷ ᠲᠤ ᠬᠤᠳᠠᠯᠳᠤᠭᠠᠴᠢᠨ ᠤᠷᠢᠬᠤ ᠭᠤᠣᠯᠳᠠᠯᠭ᠎ᠠ ᠬᠠᠷᠠᠴᠢᠨ ᠬᠤᠰᠢᠭᠤᠨ ᠤ ᠳᠠᠪᠠᠭᠤᠯᠢᠭ ᠡᠬᠢ ᠪᠠᠶᠠᠯᠢᠭ ᠤᠨ ᠠᠵᠤ ᠦᠢᠯᠡᠰ ᠤᠨ ᠲᠠᠪᠴᠠᠩ ᠳᠤ ᠲᠦᠰᠢᠭᠯᠡᠨ᠂ ᠵᠡᠰ ᠬᠠᠶᠢᠯᠤᠭᠤᠯᠬᠤ᠂ ᠹᠯᠣᠷ ᠬᠢᠮᠢ ᠶᠢᠨ ᠠᠵᠤ ᠦᠶ᠋ᠯᠡᠳᠪᠦᠷᠢ ᠶᠢᠨ ᠬᠡᠯᠬᠢᠶᠡᠰᠦ ᠶᠢ ᠤᠷᠲᠤᠳᠬᠠᠬᠤ ᠪᠠ ᠠᠵᠤ ᠦᠢᠯᠡᠰ ᠤᠨ ᠲᠥᠪᠯᠡᠷᠡᠯ ᠲᠠᠢ ᠤᠶᠠᠯᠳᠤᠭᠤᠯᠤᠨ᠂ ᠴᠣᠬᠤᠢ ᠶᠢᠨ ᠴᠢᠯᠠᠭᠤ᠂ ᠰᠤᠪᠤᠳᠯᠢᠭ ᠴᠢᠯᠠᠭᠤᠯᠢᠭ ᠵᠡᠷᠭᠡ ᠲᠡᠮᠦᠷᠯᠢᠭ ᠪᠤᠰᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ ᠲᠠᠢ ᠤᠶᠠᠯᠳᠤᠭᠤᠯᠤᠨ᠂ ᠨᠡᠬᠡᠮᠡᠯ ᠬᠤᠪᠴᠠᠰᠤ ᠬᠤᠨᠠᠷ ᠪᠠ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠲᠠᠢ ᠤᠶᠠᠯᠳᠤᠭᠤᠯᠤᠨ᠂ ᠣᠨᠴᠠᠯᠢᠭᠲᠤ ᠲᠠᠷᠢᠮᠠᠯ ᠲᠠᠷᠢᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠭᠦᠨᠵᠡᠭᠡᠶ ᠡᠳ᠋ᠰᠢᠭᠦᠯᠬᠦ ᠶᠢᠨ ᠲᠣᠭᠤᠷᠢᠨ ᠳᠤ ᠂ ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ᠠᠵᠤ ᠦᠢᠯᠡᠰ ᠤᠨ ᠰᠢᠯᠵᠢᠯᠲᠡ ᠪᠠ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ ᠳᠠᠭᠠᠭᠠᠨ ᠠᠪᠬᠤ ᠲᠣᠭᠤᠷᠢᠨ ᠳᠤ᠂ ᠭᠤᠤᠯᠳᠠᠯᠭ᠎ᠠ ᠲᠠᠢ ᠣᠷᠣᠨ ᠪᠦᠰᠡ ᠳᠤ ᠬᠤᠳᠠᠯᠳᠤᠭᠠᠴᠢᠨ ᠤᠷᠢᠬᠤ ᠳᠤᠭᠤᠢᠢᠯᠠᠩ ᠲᠣᠮᠢᠯᠠᠨ ᠰᠠᠭᠤᠯᠭᠠᠵᠤ᠂ ᠣᠷᠣᠨ ᠪᠦᠰᠡ ᠶᠢᠨ ᠴᠢᠨᠠᠷᠲᠠᠶ ᠴᠡᠭ ᠲᠤ ᠰᠠᠭᠤᠭ᠎ᠠ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠦᠨ᠎ᠡ᠃ ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ ︵ᠨᠢᠭᠡ︶ ᠤᠬᠠᠭᠤᠯᠤᠨ ᠲᠠᠨᠢᠯᠴᠠᠭᠤᠯᠤᠨ᠎ᠠ᠃ ᠬᠠᠷᠠᠴᠢᠨ ᠬᠤᠰᠢᠭᠤᠨ ᠤ ᠣᠷᠣᠨ ᠪᠠᠶᠢᠷᠢ᠂ ᠡᠬᠢ ᠪᠠᠶᠠᠯᠢᠭ ᠪᠠ ᠵᠠᠮ ᠬᠠᠷᠢᠯᠴᠠᠭ᠎ᠠ ᠵᠡᠷᠭᠡ ᠶᠡᠷᠦᠩᠬᠡᠶᠢᠯᠡᠭᠰᠡᠨ ᠳᠠᠪᠠᠭᠤᠯᠢᠭ ᠢ ᠳᠣᠪᠤᠶᠢᠯᠭᠠᠵᠤ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠲᠠᠢ ᠤᠶᠠᠯᠳᠤᠭᠤᠯᠤᠨ᠂ ᠰᠠᠭᠤᠭ᠎ᠠ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠷᠣᠨ ᠪᠦᠰᠡ ᠶᠢᠨ ᠵᠠᠭᠤᠴᠢᠯᠠᠭᠤᠷ ᠵᠢᠴᠢ ᠡᠯ᠎ᠡ ᠲᠥᠷᠥᠯ ᠤᠨ ᠵᠠᠰᠠᠭ ᠤᠨ ᠶᠠᠪᠤᠳᠠᠯ ᠬᠤᠳᠠᠯᠳᠤᠭᠠᠨ ᠤ ᠶᠠᠪᠤᠳᠠᠯ ᠤᠨ ᠠᠵᠢᠯᠯᠠᠭᠠᠨ ᠤ ᠲᠠᠪᠴᠠᠩ ᠢ ᠭᠦᠢᠴᠡᠳ ᠠᠰᠢᠭᠯᠠᠨ᠂ ᠪᠥᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠤᠬᠠᠭᠤᠯᠤᠨ ᠲᠠᠨᠢᠯᠴᠠᠭᠤᠯᠵᠤ᠂ ᠠᠯᠳᠠᠷᠰᠢᠯ ᠪᠠ ᠨᠥᠯᠥᠭᠡᠯᠡᠬᠦ ᠬᠦᠴᠦᠨ ᠢ ᠥᠷᠭᠡᠳᠬᠡᠨ᠎ᠡ᠃ ︵ᠬᠤᠶᠠᠷ︶ ᠮᠡᠳᠡᠭᠡ ᠵᠠᠩᠭᠢ ᠴᠤᠭᠯᠠᠭᠤᠯᠬᠤ᠃ ᠲᠣᠮᠢᠯᠠᠨ ᠰᠠᠭᠤᠯᠭᠠᠭᠰᠠᠨ ᠭᠠᠵᠠᠷ ᠣᠷᠣᠨ ᠵᠢᠴᠢ ᠲᠡᠭᠦᠨ ᠤ ᠡᠷᠭᠢᠨ ᠲᠣᠭᠤᠷᠢᠨ ᠤ ᠣᠷᠣᠨ ᠪᠦᠰᠡ ᠶᠢᠨ ᠠᠵᠤ ᠠᠬᠤᠶ ᠨᠡᠢᠭᠡᠮ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠶ ᠰᠤᠳᠤᠯᠵᠤ᠂ ᠲᠤᠬᠠᠶ ᠶᠢᠨ ᠭᠠᠵᠠᠷ ᠤᠨ ᠠᠵᠤ ᠠᠬᠤᠢᠢᠯᠠᠯ᠂ ᠬᠤᠳᠠᠯᠳᠤᠭᠠᠴᠢᠳ ᠤᠨ ᠡᠪᠯᠡᠯ᠂ ᠠᠵᠢᠯ ᠲᠥᠷᠥᠯ ᠤᠨ ᠨᠡᠶᠢᠭᠡᠮᠯᠢᠭ ᠪᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠡᠲᠡᠭᠡᠳ ᠤᠨ ᠠᠵᠤ ᠦᠢᠯᠡᠰ ᠤᠨ ᠪᠦᠲᠦᠴᠡ᠂ ᠠᠵᠢᠯ ᠲᠥᠷᠥᠯ ᠤᠨ ᠪᠠᠶᠢᠷᠢ ᠰᠠᠭᠤᠷᠢ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠠᠵᠤ ᠦᠢᠯᠡᠰ ᠤᠨ ᠭᠠᠳᠠᠭᠰᠢ ᠰᠢᠯᠵᠢᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠪᠥᠬᠦ ᠲᠠᠯ᠎ᠠ ᠪᠠᠷ ᠣᠶᠢᠯᠠᠭᠠᠵᠤ᠂ ᠭᠠᠳᠠᠨ᠎ᠠ ᠶᠢᠨ  ᠬᠤᠳᠠᠯᠳᠤᠭᠠᠴᠢᠨ ᠤ ᠡᠬᠢ ᠪᠠᠶᠠᠯᠢᠭ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠲᠥᠷᠥᠯ ᠵᠦᠢᠯ ᠤᠨ ᠮᠡᠳᠡᠭᠡ ᠵᠠᠩᠭᠢ ᠶᠢ ᠰᠢᠭᠰᠢᠨ ᠰᠣᠩᠭᠤᠵᠤ᠂ ᠰᠠᠭᠤᠭ᠎ᠠ ᠭᠠᠵᠠᠷ ᠤᠨ ᠳᠠᠪᠠᠭᠤᠯᠢᠭ ᠠᠵᠤ ᠠᠬᠤᠢᠢᠯᠠᠯ ᠤᠨ ᠬᠠᠷᠠᠴᠢᠨ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠬᠤ ᠳᠤ ᠬᠥᠭᠦᠷᠭᠡ ᠲᠠᠯᠪᠢᠬᠤ ᠶᠢ ᠠᠬᠢᠭᠤᠯᠤᠨ᠎ᠠ᠃ ︵ᠭᠤᠷᠪᠠ︶ ᠲᠥᠷᠥᠯ ᠵᠦᠢᠯ ᠢ ᠣᠷᠣᠭᠤᠯᠵᠤ ᠢᠷᠡᠬᠦ᠃ ᠠᠵᠤ ᠦᠢᠯᠡᠰ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠪᠠᠷ ᠬᠤᠳᠠᠯᠳᠤᠭᠠᠴᠢᠨ ᠤᠷᠢᠬᠤ ᠪᠠᠨ ᠴᠢᠩᠭᠠᠳᠬᠠᠵᠤ᠂ ᠰᠠᠭᠤᠭ᠎ᠠ ᠭᠠᠵᠠᠷ ᠤᠨ ᠵᠠᠰᠠᠭ ᠤᠨ ᠣᠷᠳᠣᠨ ᠪᠠ ᠬᠤᠳᠠᠯᠳᠤᠭᠠᠴᠢᠳ ᠤᠨ ᠡᠪᠯᠡᠯ ᠤᠨ ᠲᠠᠪᠴᠠᠩ ᠢ ᠠᠰᠢᠭᠯᠠᠨ᠂ ᠬᠠᠮᠲᠤᠷᠠᠯᠴᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠬᠠᠷᠠᠴᠢᠨ ᠬᠤᠰᠢᠭᠤᠨ ᠤ ᠠᠵᠤ ᠦᠢᠯᠡᠰ ᠯᠦᠭᠡ ᠬᠤᠯᠪᠣᠭᠳᠠᠬᠤ ᠬᠡᠮᠵᠢᠶ᠎ᠡ ᠪᠠᠷ ᠥᠨᠳᠥᠷ᠂ ᠠᠵᠤ ᠦᠢᠯᠡᠰ ᠤᠨ ᠬᠡᠯᠬᠢᠶ᠎ᠡ ᠨᠢ ᠣᠷᠳᠣ᠂ ᠢᠵᠢ ᠪᠦᠷᠢᠳᠦᠭᠰᠡᠨ ᠭᠤᠤᠯᠳᠠᠯᠭ᠎ᠠ ᠲᠠᠢ ᠠᠵᠤ ᠠᠬᠤᠢᠢᠯᠠᠯ ᠢ ᠪᠤᠢ ᠪᠣᠯᠭᠠᠵᠤ᠂ ᠬᠠᠨᠳᠤᠯᠭ᠎ᠠ ᠲᠠᠢ ᠪᠠᠷ ᠭᠠᠳᠠᠨ᠎ᠠ ᠶᠢᠨ ᠬᠤᠳᠠᠯᠳᠤᠭᠠᠴᠢᠨ ᠢ ᠬᠠᠷᠠᠴᠢᠨ ᠬᠤᠰᠢᠭᠤᠨ ᠳᠤ ᠤᠷᠢᠵᠤ ᠰᠢᠨᠵᠢᠯᠡᠨ ᠪᠠᠶᠢᠴᠠᠭᠠᠬᠤ ᠶᠢᠨ ᠬᠠᠮᠲᠤ ᠲᠥᠷᠥᠯ ᠵᠦᠢᠯ ᠢ ᠮᠥᠷᠳᠡᠨ ᠠᠬᠢᠭᠤᠯᠵᠤ᠂ ᠲᠥᠷᠥᠯ ᠵᠦᠢᠯ ᠤᠨ ᠭᠡᠷ᠎ᠡ ᠲᠣᠭᠲᠠᠵᠤ ᠰᠠᠭᠤᠷᠢᠰᠢᠬᠤ ᠶᠢ ᠴᠢᠷᠮᠠᠶᠢᠨ ᠠᠬᠢᠭᠤᠯᠤᠨ᠎ᠠ᠃ ︵ᠳᠥᠷᠪᠡ︶ ᠠᠵᠢᠯᠯᠠᠭ᠎ᠠ ᠳᠤ ᠣᠷᠣᠯᠴᠠᠬᠤ᠃ ᠰᠠᠭᠤᠭ᠎ᠠ ᠣᠷᠣᠨ ᠪᠦᠰᠡ ᠶᠢᠨ ᠵᠠᠰᠠᠭ ᠤᠨ ᠣᠷᠳᠣᠨ ᠪᠣᠯᠤᠨ ᠡᠯ᠎ᠡ ᠲᠥᠷᠥᠯ ᠤᠨ ᠠᠵᠤ ᠠᠬᠤᠢᠯᠠᠯ ᠤᠨ ᠬᠤᠳᠠᠯᠳᠤᠭᠠᠴᠢᠨ ᠤ ᠡᠪᠯᠡᠯ ᠤᠨ ᠡᠷᠬᠢᠯᠡᠭᠰᠡᠨ ᠠᠵᠤ ᠦᠢᠯᠡᠰ ᠤᠨ ᠰᠢᠯᠵᠢᠯᠲᠡ  ᠶᠢᠨ ᠬᠠᠮᠢᠶ᠎ᠠ ᠪᠦᠬᠦᠢ ᠲᠥᠯᠥᠪᠵᠢᠭᠦᠯᠪᠡ ᠶᠢᠨ ᠲᠠᠰ ᠳᠡᠪᠰᠢᠬᠦ ᠵᠡᠷᠭᠡ ᠳᠠᠶᠢᠴᠢᠯᠠᠬᠤ ᠠᠵᠢᠯᠯᠠᠭ᠎ᠠ ᠲᠤ ᠢᠳᠡᠪᠬᠢᠲᠡᠢ ᠣᠷᠣᠯᠴᠠᠵᠤ᠂ ᠣᠷᠣᠨ ᠪᠦᠰᠡ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ᠶᠢᠨ ᠪᠠᠶᠢᠳᠠᠯ ᠪᠣᠯᠤᠨ ᠠᠵᠤ ᠠᠬᠤᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ  ᠶᠢᠨ ᠪᠠᠶᠢᠷᠢᠰᠢᠭᠤᠯᠤᠯ ᠤᠨ ᠪᠡᠯᠡ ᠣᠷᠣᠭᠤᠯᠤᠯᠲᠠ  ᠶᠢᠨ ᠮᠡᠳᠡᠭᠡ ᠵᠠᠩᠭᠢ ᠶᠢ ᠡᠵᠡᠮᠰᠢᠨ᠂ ᠰᠠᠨᠠᠭᠠᠴᠢᠯᠠᠭ᠎ᠠ ᠠᠴᠠ ᠪᠠᠨ  ᠬᠤᠳᠠᠯᠳᠤᠭᠠᠴᠢᠨ ᠤᠷᠢᠵᠤ ᠵᠥᠪᠳᠡᠯᠴᠡᠭᠦᠯᠦᠨ ᠲᠠᠨᠢᠯᠴᠠᠭᠤᠯᠵᠤ᠂ ᠬᠠᠷᠠᠴᠢᠨ ᠬᠤᠰᠢᠭᠤᠨ  ᠲᠤ  ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ᠃ ︵ᠲᠠᠪᠤ︶ ᠰᠣᠯᠢᠯᠴᠠᠭ᠎ᠠ ᠶᠢ ᠠᠬᠢᠭᠤᠯᠤᠨ᠎ᠠ᠃ ︽ᠴᠣᠩᠬᠤ︾ ᠪᠠ ︽ᠬᠥᠭᠦᠷᠭᠡ︾ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠰᠠᠭᠤᠭ᠎ᠠ ᠭᠠᠵᠠᠷ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠨᠥᠬᠦᠷᠰᠡᠭ ᠬᠠᠷᠢᠯᠴᠠᠭ᠎ᠠ ᠪᠠᠶᠢᠭᠤᠯᠵᠤ᠂ ᠬᠤᠶᠠᠷ ᠭᠠᠵᠠᠷ ᠤᠨ ᠵᠠᠰᠠᠭ ᠤᠨ ᠣᠷᠳᠣᠨ ᠤ ᠠᠵᠤ ᠠᠬᠤᠶ ᠮᠡᠷᠭᠡᠵᠢᠯ᠂ ᠴᠢᠳᠠᠪᠤᠷᠢᠲᠠᠨ᠂ ᠠᠷᠠᠯᠵᠢᠶ᠎ᠠ ᠬᠤᠳᠠᠯᠳᠤᠭ᠎ᠠ᠂ ᠰᠣᠶᠣᠯ ᠰᠤᠷᠭᠠᠨ ᠬᠥᠮᠦᠵᠢᠯ ᠵᠡᠷᠭᠡ ᠬᠦᠷᠢᠶᠡᠨ ᠳᠤ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ ᠭᠤᠷᠪᠠ᠂ ᠠᠷᠠᠯᠵᠢᠶᠠᠴᠢᠨ ᠤᠷᠢᠬᠤ ᠣᠷᠣᠨ ᠪᠦᠰᠡ ᠵᠢᠴᠢ ᠡᠭᠦᠷᠭᠡ ︵ᠨᠢᠭᠡ︶ ᠪᠡᠭᠡᠵᠢᠩ ᠲᠢᠶᠠᠨᠵᠢᠨ ᠾᠧᠪᠧᠢ᠂ ᠪᠦᠸᠧᠬᠠᠶ ᠲᠠᠩᠭᠢᠰ ᠱᠠᠨᠳᠦ᠋ᠩ ᠢ ᠲᠣᠭᠤᠷᠢᠭᠰᠠᠨ ᠣᠷᠣᠨ ᠤ ᠬᠤᠳᠠᠯᠳᠤᠭᠠᠴᠢᠨ ᠤᠷᠢᠬᠤ ᠳᠤᠭᠤᠢᠢᠯᠠᠩ᠃ ᠪᠡᠭᠡᠵᠢᠩ ᠬᠤᠲᠠ ᠶᠢᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠪᠠ ᠪᠠᠷᠠᠭᠤᠨ ᠬᠤᠲᠠ ᠲᠣᠭᠤᠷᠢᠭ ᠵᠢᠴᠢ ᠲᠥᠪ ᠤᠨ ᠠᠵᠤ ᠠᠬᠤᠢᠢᠯᠠᠯ ᠤᠨ ᠳᠣᠷᠣᠭᠰᠢ ᠲᠣᠮᠢᠯᠠᠭᠰᠠᠨ ᠲᠤᠰᠢᠶᠠᠯ ᠡᠭᠦᠷᠭᠡᠯᠡᠬᠦ ᠺᠠᠳ᠋ᠷ ᠤᠨ ᠬᠤᠰᠢᠭᠤᠨ ᠳᠤ ᠰᠠᠭᠤᠬᠤ ᠳᠠᠪᠠᠭᠤᠯᠢᠭ ᠢ ᠭᠦᠢᠴᠡᠳ ᠠᠰᠢᠭᠯᠠᠨ᠂ ᠪᠡᠭᠡᠵᠢᠩ ᠬᠤᠲᠠ ᠶᠢᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ ᠮᠡᠳᠡᠭᠡ ᠵᠠᠩᠭᠢ ᠶᠢᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠪᠡᠭᠡᠵᠢᠩ ᠬᠤᠲᠠ ᠶᠢᠨ ᠠᠵᠤ ᠦᠢᠯᠡᠰ ᠤᠨ ᠰᠢᠯᠵᠢᠯᠲᠡ ᠶᠢ ᠪᠦᠲᠦᠮᠵᠢᠲᠡᠶ ᠬᠦᠯᠢᠶᠡᠨ ᠠᠪᠤᠨ᠎ᠠ᠃ ᠡᠭᠦᠨ ᠤ ᠬᠠᠮᠲᠤ ᠲᠢᠶᠠᠨᠵᠢᠨ᠂ ᠾᠧᠪᠧᠢ᠂ ᠱᠠᠨᠳᠦ᠋ᠩ ᠵᠡᠷᠭᠡ ᠪᠡᠭᠡᠵᠢᠩ ᠲᠢᠶᠠᠨᠵᠢᠨ ᠾᠧᠪᠧᠢ ᠪᠣᠯᠤᠨ ᠱᠠᠨᠳᠦ᠋ᠩ ᠣᠷᠣᠨ ᠯᠤᠭ᠎ᠠ ᠶᠢᠨ ᠠᠵᠤ ᠦᠢᠯᠡᠰ ᠤᠨ ᠵᠣᠯᠭᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠬᠠᠮᠵᠢᠯᠴᠠᠭ᠎ᠠ ᠶᠢᠨ ᠲᠥᠷᠥᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠪᠡᠭᠡᠵᠢᠩ ᠲᠢᠶᠠᠨᠵᠢᠨ ᠾᠧᠪᠧᠢ ᠱᠠᠨᠳᠦ᠋ᠩ ᠣᠷᠣᠨ ᠤ ᠠᠷᠠᠯᠵᠢᠶᠠᠴᠢᠨ ᠤᠷᠢᠬᠤ ᠬᠤᠰᠢᠭᠤᠴᠢ ᠦᠢᠯᠡᠳᠦᠯ ᠢ ᠪᠠᠳᠠᠷᠠᠭᠤᠯᠤᠨ᠎ᠠ᠃ ᠣᠷᠣᠨ ᠪᠦᠰᠡ ᠶᠢᠨ ᠴᠢᠨᠠᠷᠲᠠᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠪᠴᠠᠩ ᠢ ᠡᠭᠦᠳᠦᠨ ᠪᠠᠶᠢᠭᠤᠯᠵᠤ᠂ ᠵᠢᠯ ᠤᠨ ᠳᠣᠲᠣᠷ᠎ᠠ ᠬᠠᠨᠳᠤᠯᠭᠠᠲᠤ ᠴᠢᠨᠠᠷᠲᠠᠶ ᠠᠵᠤ ᠦᠢᠯᠡᠰ ᠤᠨ ᠵᠣᠯᠭᠠᠯᠳᠤᠭᠤᠯᠬᠤ ᠠᠵᠢᠯᠯᠠᠭ᠎ᠠ ᠶᠢ 2 ᠤᠳᠠᠭ᠎ᠠ ᠵᠣᠬᠢᠶᠠᠨ ᠪᠠᠶᠢᠭᠤᠯᠬᠤ ᠳᠤ ᠪᠡᠯᠡᠳᠬᠡᠯ ᠬᠢᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠠᠮᠵᠢᠯᠲᠠᠲᠠᠶ ᠣᠷᠣᠭᠤᠯᠤᠨ ᠠᠪᠴᠢᠷᠠᠵᠤ 5 ᠠᠴᠠ ᠳᠣᠤᠷ᠎ᠠ ᠥᠬᠡᠶ ᠪᠠᠶᠢᠯᠭᠠᠵᠤ᠂ ᠦᠨ᠎ᠡ ᠥᠷᠲᠡᠭ ᠲᠠᠢ ᠠᠵᠤ ᠦᠢᠯᠡᠰ ᠤᠨ ᠬᠤᠳᠠᠯᠳᠤᠭᠠᠴᠢᠨ ᠤᠷᠢᠬᠤ ᠮᠡᠳᠡᠭᠡ ᠵᠠᠩᠭᠢ ︵ᠭᠤᠤᠯ ᠤᠳᠤᠷᠢᠳᠤᠯᠭ᠎ᠠ ᠵᠥᠪᠳᠡᠯᠴᠡᠬᠦ ᠴᠢᠬᠤᠯᠠᠲᠠᠶ︶ ᠶᠢ 15 ᠵᠦᠢᠯ ᠠᠴᠠ ᠳᠡᠭᠡᠭᠰᠢ ᠬᠠᠩᠭᠠᠨ᠎ᠠ᠃ ︵ᠬᠤᠶᠠᠷ︶ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠤ ᠬᠤᠳᠠᠯᠳᠤᠭᠠᠴᠢᠨ ᠤᠷᠢᠬᠤ ᠳᠤᠭᠤᠢᠢᠯᠠᠩ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠵᠤ ᠦᠢᠯᠡᠰ ᠤᠨ ᠣᠨᠴᠠᠯᠢᠭ ᠲᠤ ᠴᠢᠭᠯᠡᠭᠦᠯᠦᠨ᠂ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠲᠣᠬᠢᠶᠠᠯ ᠢ ᠢᠳᠡᠪᠬᠢᠲᠡᠶ ᠡᠷᠢᠯᠬᠢᠯᠡᠵᠦ᠂ ᠵᠡᠰ ᠮᠠᠲ᠋ᠧᠷᠢᠶᠠᠯ ᠪᠣᠯᠪᠠᠰᠤᠷᠠᠭᠤᠯᠬᠤ᠂ ᠬᠦᠬᠦᠷ ᠬᠦᠴᠢᠯ ᠤᠨ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠤ ᠠᠵᠤ ᠦᠢᠯᠡᠰ ᠤᠨ ᠪᠦᠲᠦᠭᠡᠭᠳᠡᠬᠦᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠦᠷᠢᠶᠡᠨ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠣᠷᠣᠨ ᠪᠦᠰᠡ ᠶᠢᠨ ᠴᠢᠨᠠᠷᠲᠠᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠪᠴᠠᠩ ᠢ ᠡᠭᠦᠳᠦᠨ ᠪᠠᠶᠢᠭᠤᠯᠵᠤ᠂ ᠵᠢᠯ ᠤᠨ ᠳᠣᠲᠣᠷ᠎ᠠ ᠨᠢᠭᠡ ᠤᠳᠠᠭᠠᠨ ᠤ ᠬᠠᠨᠳᠤᠯᠭᠠᠲᠤ ᠴᠢᠨᠠᠷᠲᠠᠶ ᠠᠵᠤ ᠦᠢᠯᠡᠰ ᠤᠨ ᠵᠣᠯᠭᠠᠯᠳᠤᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ ᠪᠡᠯᠡᠳᠬᠡᠯ ᠬᠢᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠠᠮᠵᠢᠯᠲᠠᠲᠠᠶ ᠣᠷᠣᠭᠤᠯᠤᠨ ᠠᠪᠴᠢᠷᠠᠵᠤ 2 ᠠᠴᠠ ᠳᠣᠤᠷ᠎ᠠ ᠥᠬᠡᠶ ᠪᠠᠶᠢᠯᠭᠠᠵᠤ᠂ ᠦᠨ᠎ᠡ ᠥᠷᠲᠡᠭ ᠲᠠᠢ ᠠᠵᠤ ᠦᠢᠯᠡᠰ ᠤᠨ ᠬᠤᠳᠠᠯᠳᠤᠭᠠᠴᠢᠨ ᠤᠷᠢᠬᠤ ᠮᠡᠳᠡᠭᠡ ᠵᠠᠩᠭᠢ ︵ᠭᠤᠤᠯ ᠤᠳᠤᠷᠢᠳᠤᠯᠭ᠎ᠠ ᠵᠥᠪᠳᠡᠯᠴᠡᠬᠦ ᠴᠢᠬᠤᠯᠠᠲᠠᠶ︶ ᠶᠢ 5 ᠵᠦᠢᠯ ᠠᠴᠠ ᠳᠡᠭᠡᠭᠰᠢ ᠬᠠᠩᠭᠠᠨ᠎ᠠ᠃ ︵ᠭᠤᠷᠪᠠ︶ ᠵᠦᠵᠢᠶᠠᠩ ᠶᠢᠨ ᠭᠤᠷᠪᠠᠯᠵᠢᠨ ᠬᠤᠶᠢᠭ ᠤᠨ ᠣᠷᠣᠨ ᠤ ᠬᠤᠳᠠᠯᠳᠤᠭᠠᠴᠢᠨ ᠤᠷᠢᠬᠤ ᠳᠤᠭᠤᠢᠢᠯᠠᠩ᠃ ᠠᠷᠠᠯᠵᠢᠶᠠᠴᠢᠨ ᠤᠷᠢᠬᠤ ᠬᠡᠪᠴᠢᠶ᠎ᠡ ᠶᠢ ᠢᠳᠡᠪᠬᠢᠲᠡᠢ ᠥᠷᠭᠡᠳᠬᠡᠵᠦ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ  ᠤᠨ ᠣᠷᠣᠨ ᠪᠦᠰᠡ ᠳᠤ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠭᠡᠷᠡᠯ ᠴᠠᠬᠢᠯᠭᠠᠨ ᠤ ᠮᠡᠳᠡᠭᠡ ᠵᠠᠩᠭᠢ᠂ ᠠᠮᠢᠳᠤ ᠪᠣᠳᠠᠰ ᠤᠨ ᠡᠮ ᠦᠢᠯᠡᠳᠬᠦ᠂ ᠡᠷᠡᠭᠦᠯ ᠡᠩᠬᠡ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠤ ᠬᠠᠮᠲᠤᠷᠠᠯᠴᠠᠭᠠᠨ ᠤ ᠠᠵᠠ ᠲᠣᠬᠢᠶᠠᠯ ᠣᠯᠬᠤ ᠪᠠᠷ ᠴᠢᠷᠮᠠᠶᠢᠨ᠎ᠠ᠃ ᠣᠷᠣᠨ ᠪᠦᠰᠡ ᠶᠢᠨ ᠴᠢᠨᠠᠷᠲᠠᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠪᠴᠠᠩ ᠢ ᠡᠭᠦᠳᠦᠨ ᠪᠠᠶᠢᠭᠤᠯᠵᠤ᠂ ᠵᠢᠯ ᠤᠨ ᠳᠣᠲᠣᠷ᠎ᠠ ᠨᠢᠭᠡ ᠤᠳᠠᠭᠠᠨ ᠤ ᠬᠠᠨᠳᠤᠯᠭᠠᠲᠤ ᠴᠢᠨᠠᠷᠲᠠᠶ ᠠᠵᠤ ᠦᠢᠯᠡᠰ ᠤᠨ ᠵᠣᠯᠭᠠᠯᠳᠤᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ ᠪᠡᠯᠡᠳᠬᠡᠯ ᠬᠢᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠠᠮᠵᠢᠯᠲᠠᠲᠠᠶ ᠣᠷᠣᠭᠤᠯᠤᠨ ᠠᠪᠴᠢᠷᠠᠵᠤ 2 ᠠᠴᠠ ᠳᠣᠤᠷ᠎ᠠ ᠥᠬᠡᠶ ᠪᠠᠶᠢᠯᠭᠠᠵᠤ᠂ ᠦᠨ᠎ᠡ ᠥᠷᠲᠡᠭ ᠲᠠᠢ ᠠᠵᠤ ᠦᠢᠯᠡᠰ ᠤᠨ ᠬᠤᠳᠠᠯᠳᠤᠭᠠᠴᠢᠨ ᠤᠷᠢᠬᠤ ᠮᠡᠳᠡᠭᠡ ᠵᠠᠩᠭᠢ ︵ᠭᠤᠤᠯ ᠤᠳᠤᠷᠢᠳᠤᠯᠭ᠎ᠠ ᠵᠥᠪᠳᠡᠯᠴᠡᠬᠦ ᠴᠢᠬᠤᠯᠠᠲᠠᠶ︶ ᠶᠢ 5 ᠵᠦᠢᠯ ᠠᠴᠠ ᠳᠡᠭᠡᠭᠰᠢ ᠬᠠᠩᠭᠠᠨ᠎ᠠ᠃ ᠳᠥᠷᠪᠡ᠂ ᠰᠠᠭᠤᠭ᠎ᠠ ᠭᠠᠵᠠᠷ ᠲᠤ  ᠬᠤᠳᠠᠯᠳᠤᠭᠠᠴᠢᠨ ᠤᠷᠢᠬᠤ ᠳᠤᠭᠤᠢᠢᠯᠠᠩ ᠰᠣᠩᠭᠤᠨ ᠲᠤᠮᠢᠯᠠᠬᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠪᠤᠨ ᠲᠤᠰᠬᠠᠶ ᠵᠦᠢᠯ ᠤᠨ ᠬᠤᠳᠠᠯᠳᠤᠭᠠᠴᠢᠨ ᠤᠷᠢᠬᠤ ᠳᠤᠭᠤᠢᠢᠯᠠᠩ ᠨᠢ ᠭᠤᠤᠯᠳᠠᠯᠭ᠎ᠠ ᠲᠠᠢ ᠠᠵᠤ ᠦᠢᠯᠡᠰ ᠤᠨ ᠬᠤᠳᠠᠯᠳᠤᠭᠠᠴᠢᠨ ᠤᠷᠢᠬᠤ ᠪᠠᠶᠢᠳᠠᠯ ᠢ ᠦᠨᠳᠦᠰᠦᠯᠡᠨ᠂ ᠬᠤᠪᠢᠳᠠᠨ ᠬᠠᠮᠢᠶᠠᠷᠬᠤ ᠬᠦᠷᠢᠶ᠎ᠡ ᠴᠠᠷᠠᠭ᠎ᠠ ᠳᠤ ᠬᠤᠪᠢᠳᠠᠨ ᠬᠠᠮᠢᠶᠠᠷᠬᠤ ᠳᠡᠳ᠋ ᠲᠣᠪᠴᠢᠶᠠᠨ ᠳᠠᠷᠤᠭ᠎ᠠ ᠪᠤᠶᠤ ᠳᠡᠳ᠋ ᠰᠢᠶᠠᠩ ᠪᠠᠯᠭᠠᠰᠤ ᠶᠢᠨ ᠳᠠᠷᠤᠭ᠎ᠠ᠂ ᠳᠡᠳ᠋ ᠡᠷᠬᠢᠯᠡᠭᠴᠢ 1 ᠬᠥᠮᠦᠨ ᠢ ᠵᠦᠪᠯᠡᠨ ᠲᠠᠨᠢᠯᠴᠠᠭᠤᠯᠵᠤ᠂  ᠰᠠᠭᠤᠭ᠎ᠠ ᠭᠠᠵᠠᠷ ᠲᠤ ᠬᠤᠳᠠᠯᠳᠤᠭᠠᠴᠢᠨ ᠤᠷᠢᠬᠤ ᠳᠤᠭᠤᠢᠢᠯᠠᠩ ᠤᠨ ᠳᠠᠷᠤᠭ᠎ᠠ ᠪᠣᠯᠭᠠᠵᠤ᠂ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠠ ᠭᠤᠤᠯᠳᠠᠯᠭ᠎ᠠ ᠲᠠᠢ ᠠᠵᠤ ᠦᠢᠯᠡᠰ ᠤᠨ ᠭᠤᠤᠯᠴᠢᠯᠠᠨ ᠬᠠᠮᠢᠶᠠᠷᠬᠤ ᠲᠣᠪᠴᠢᠶ᠎ᠠ ᠶᠢᠨ ᠪᠡᠯᠡᠳᠬᠡᠯ ᠺᠠᠳ᠋ᠷ ᠤᠨ ᠳᠣᠲᠣᠷ᠎ᠠ ᠠᠴᠠ ᠺᠠᠳ᠋ᠷ ᠡᠯᠰᠡᠬᠦ ᠬᠥᠮᠦᠨ ᠢ ᠵᠦᠪᠯᠡᠨ ᠲᠠᠨᠢᠯᠴᠠᠭᠤᠯᠵᠤ᠂ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠺᠠᠳ᠋ᠷ ᠰᠢᠯᠭᠠᠨ ᠬᠢᠨᠠᠵᠤ ᠲᠣᠮᠢᠯᠠᠨ ᠬᠡᠷᠡᠭᠯᠡᠬᠦ ᠳᠡᠰ ᠳᠠᠷᠠᠭᠠᠯᠠᠯ ᠢ ᠭᠦᠢᠴᠡᠳᠬᠡᠭᠦᠯᠵᠦ᠂ ᠰᠠᠭᠤᠭ᠎ᠠ ᠭᠠᠵᠠᠷ ᠪᠦᠷᠢ ᠳᠤ  ᠬᠤᠳᠠᠯᠳᠤᠭᠠᠴᠢᠨ ᠤᠷᠢᠬᠤ ᠳᠤᠭᠤᠢᠯᠠᠩ ᠤᠨ ᠳᠠᠷᠤᠭ᠎ᠠ᠂ ᠳᠤᠭᠤᠢᠢᠯᠠᠩ ᠤᠨ ᠭᠡᠰᠢᠭᠦᠨ ᠲᠤᠰ ᠪᠦᠷᠢ 1 ᠬᠥᠮᠥᠨ ᠲᠣᠮᠢᠯᠠᠨ ᠰᠠᠭᠤᠭ᠎ᠠ ᠭᠠᠵᠠᠷ ᠲᠤ  ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠦᠨ᠎ᠡ᠃ ᠲᠠᠪᠤ᠂ ᠠᠵᠢᠯ ᠤᠨ ᠴᠠᠭ ᠤᠨ ᠬᠢᠵᠠᠭᠠᠷ ᠰᠠᠭᠤᠭ᠎ᠠ ᠭᠠᠵᠠᠷ ᠲᠤ  ᠬᠤᠳᠠᠯᠳᠤᠭᠠᠴᠢᠨ ᠤᠷᠢᠬᠤ ᠠᠵᠢᠯ ᠳᠤ ᠣᠨ ᠤ ᠠᠵᠢᠯ ᠤᠨ ᠳᠦᠷᠢᠮ ᠢ ᠬᠡᠷᠡᠭᠵᠢᠭᠦᠯᠵᠦ᠂ 2019 ᠣᠨ 1 ᠰᠠᠷ᠎ᠠ ᠠᠴᠠ 12 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨ ᠬᠤᠳᠠᠯᠳᠤᠭᠠᠴᠢᠨ ᠤᠷᠢᠬᠤ ᠣᠨ ᠪᠣᠯᠤᠨ᠎ᠠ᠂ ᠬᠤᠳᠠᠯᠳᠤᠭᠠᠴᠢᠨ ᠤᠷᠢᠬᠤ ᠠᠵᠢᠯ ᠤᠨ ᠬᠡᠷᠡᠭᠴᠡᠭᠡ ᠶᠢ ᠦᠨᠳᠦᠰᠦᠯᠡᠨ 2020 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ ᠬᠤᠶᠢᠰᠢᠯᠠᠭᠤᠯᠵᠤ ᠪᠣᠯᠤᠨ᠎ᠠ᠃ ᠵᠢᠷᠭᠤᠭ᠎ᠠ᠂ ᠠᠵᠢᠯ ᠤᠨ ᠬᠠᠮᠢᠶᠠᠷᠤᠯᠲᠠ ᠪᠠ ᠪᠠᠲᠤᠯᠠᠭ᠎ᠠ ︵ᠨᠢᠭᠡ︶ ᠡᠯ᠎ᠡ ᠰᠠᠭᠤᠭ᠎ᠠ ᠭᠠᠵᠠᠷ ᠲᠤ ᠬᠤᠳᠠᠯᠳᠤᠭᠠᠴᠢᠨ ᠤᠷᠢᠬᠤ ᠠᠵᠢᠯ ᠤᠨ  ᠳᠤᠭᠤᠢᠢᠯᠠᠩ ᠤᠨ ᠠᠵᠢᠯᠲᠠᠳ ᠢ  ᠲᠣᠮᠢᠯᠠᠨ ᠰᠠᠭᠤᠯᠭᠠᠵᠤ᠂ ᠬᠤᠰᠢᠭᠤ ᠮᠥᠩᠭᠦᠨ ᠭᠦᠢᠯᠭᠡᠭᠡᠨ ᠪᠣᠯᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠨᠢᠭᠡᠳᠦᠯᠲᠡᠢ ᠲᠥᠯᠥᠪᠯᠡᠨ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠲᠣᠮᠢᠯᠠᠨ ᠰᠠᠭᠤᠯᠭᠠᠬᠤ ᠬᠤᠭᠤᠴᠠᠭᠠᠨ ᠳᠤ᠂ ᠰᠠᠭᠤᠭ᠎ᠠ ᠭᠠᠵᠠᠷ ᠲᠤ ᠬᠤᠳᠠᠯᠳᠤᠭᠠᠴᠢᠨ ᠤᠷᠢᠬᠤ ᠳᠤᠭᠤᠢᠢᠯᠠᠩ ᠤᠨ ᠬᠥᠮᠦᠰ ᠤᠤᠯ ᠤᠨ ᠪᠠᠶᠢᠭᠤᠯᠭ᠎ᠠ ᠶᠢᠨ ᠠᠵᠢᠯ ᠤᠨ ᠬᠤᠪᠢᠶᠠᠷᠢᠯᠠᠯ ᠢ ᠲᠠᠬᠢᠵᠤ ᠡᠭᠦᠷᠭᠡᠯᠡᠬᠦ ᠥᠬᠡᠶ᠂ ᠴᠠᠯᠢᠩ ᠵᠢᠴᠢ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢ ᠤᠤᠯ ᠤᠨ ᠪᠠᠶᠢᠭᠤᠯᠭ᠎ᠠ  ᠳᠠᠭᠠᠨ ᠪᠠᠶᠢᠯᠭᠠᠵᠤ᠂ ᠤᠤᠯ ᠤᠨ ᠨᠢᠭᠡᠴᠡ ᠶᠢᠨ ᠠᠵᠢᠯᠲᠠᠨ ᠠᠵᠢᠯᠴᠢᠨ ᠲᠠᠢ ᠠᠳᠠᠯᠢ ᠲᠡᠭᠰᠢ ᠬᠠᠷᠠᠭᠠᠯᠵᠠᠯ ᠬᠦᠷᠲᠡᠭᠡᠨ᠎ᠡ᠂ ᠲᠤᠰᠢᠶᠠᠯ ᠤᠨ ᠳᠡᠰ ᠳᠡᠪᠰᠢᠬᠦ ᠢ ᠤᠤᠯ ᠤᠨ ᠪᠠᠶᠢᠭᠤᠯᠭ᠎ᠠ ᠶᠢᠨ ᠠᠳᠠᠯᠢ ᠲᠤᠰᠢᠶᠠᠯ ᠤᠨ ᠳᠡᠰ ᠤᠨ ᠺᠠᠳ᠋ᠷ ᠲᠠᠢ ᠠᠳᠠᠯᠢ ᠪᠠᠷ  ᠬᠡᠷᠡᠭᠵᠢᠭᠦᠯᠦᠨ᠎ᠡ᠃ ︵ᠬᠤᠶᠠᠷ︶ ᠬᠤᠰᠢᠭᠤᠨ ᠤ ᠮᠥᠩᠭᠦᠨ ᠭᠦᠢᠯᠭᠡᠭᠡᠨ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠨᠢ ᠰᠠᠭᠤᠭ᠎ᠠ ᠭᠠᠵᠠᠷ ᠲᠤ ᠬᠤᠳᠠᠯᠳᠤᠭᠠᠴᠢᠨ ᠤᠷᠢᠬᠤ ᠬᠥᠮᠦᠰ ᠢ ᠪᠣᠯᠪᠠᠰᠤᠷᠠᠭᠤᠯᠬᠤ᠂ ᠡᠳᠦᠷ ᠲᠣᠲᠤᠮ ᠤᠨ ᠬᠠᠮᠢᠶᠠᠷᠤᠯᠲᠠ ᠬᠢᠭᠡᠳ ᠬᠢᠨᠠᠨ ᠰᠢᠯᠭᠠᠵᠤ ᠱᠠᠩᠨᠠᠵᠤ ᠲᠣᠷᠭᠠᠬᠤ ᠵᠡᠷᠭᠡ ᠠᠵᠢᠯ ᠢ ᠴᠢᠩᠭᠠᠳᠬᠠᠬᠤ ᠬᠡᠷᠡᠭᠲᠡᠢ᠃ᠰᠠᠭᠤᠭ᠎ᠠ ᠭᠠᠵᠠᠷ ᠲᠤ ᠬᠤᠳᠠᠯᠳᠤᠭᠠᠴᠢᠨ ᠤᠷᠢᠬᠤ ᠠᠵᠢᠯ ᠤᠨ ᠳᠤᠭᠤᠶᠢᠯᠠᠩ ᠤᠳ ᠬᠠᠷᠠᠴᠢᠨ ᠬᠤᠰᠢᠭᠤᠨ ᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠰᠤᠳᠤᠯᠭᠠᠨ ᠢᠶᠠᠨ ᠴᠢᠩᠭᠠᠳᠬᠠᠵᠤ᠂ ᠬᠤᠳᠠᠯᠳᠤᠭᠠᠴᠢᠨ ᠤᠷᠢᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠨᠡᠪᠲᠡᠷᠡᠯᠴᠡᠨ ᠵᠣᠬᠢᠴᠠᠭᠤᠯᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠮᠵᠢᠯᠲᠠ ᠶᠢᠨ ᠨᠣᠷᠮ᠎ᠠ ᠢ ᠳᠡᠭᠡᠭᠰᠢᠯᠡᠭᠦᠯᠬᠦ ᠬᠡᠷᠡᠭᠲᠡᠶ᠃ ︵ᠭᠤᠷᠪᠠ︶ ᠡᠯ᠎ᠡ ᠭᠠᠵᠠᠷ ᠲᠤ ᠰᠠᠭᠤᠭ᠎ᠠ ᠠᠷᠠᠯᠵᠢᠶᠠᠴᠢᠨ ᠤᠷᠢᠬᠤ ᠠᠵᠢᠯ ᠤᠨ ᠳᠤᠭᠤᠢᠢᠯᠠᠩ ᠤᠳ ᠬᠤᠰᠢᠭᠤᠨ ᠤ  ᠮᠥᠩᠭᠦᠨ ᠭᠦᠢᠯᠭᠡᠭᠡᠨ ᠪᠣᠯᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠳᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠬᠢᠭᠡᠳ ᠦᠷ᠎ᠡ ᠪᠦᠲᠦᠮᠵᠢ ᠪᠠᠨ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠬᠦ ᠶᠢᠨ ᠬᠠᠮᠲᠤ ᠴᠠᠭ ᠲᠤᠬᠠᠢ ᠲᠤᠨᠢ ᠬᠤᠰᠢᠭᠤᠨ ᠤ ᠨᠠᠮ ᠤᠨ ᠬᠤᠷᠢᠶᠠᠨ ᠤ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠡᠯ᠎ᠡ ᠬᠤᠳᠠᠯᠳᠤᠭᠠᠴᠢᠨ ᠤᠷᠢᠬᠤ ᠠᠵᠢᠯ ᠤᠨ ᠳᠤᠭᠤᠢᠢᠯᠠᠩ ᠤᠨ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠡᠷᠴᠢᠮ ᠢ ᠨᠡᠮᠡᠭᠳᠡᠭᠦᠯᠵᠦ᠂ ᠬᠤᠳᠠᠯᠳᠤᠭᠠᠴᠢᠨ ᠤᠷᠢᠬᠤ ᠶᠢᠨ ᠪᠣᠳᠠᠲᠤ ᠦᠷ᠎ᠡ ᠪᠦᠲᠦᠮᠵᠢ ᠣᠯᠬᠤ  ᠶᠢ ᠦᠨᠡᠨᠬᠦ ᠪᠠᠲᠤᠯᠠᠬᠤ ᠬᠡᠷᠡᠭᠲᠡᠢ᠃ ︵ᠳᠥᠷᠪᠡ︶ ᠰᠠᠭᠤᠭ᠎ᠠ ᠭᠠᠵᠠᠷ ᠲᠤ ᠬᠤᠳᠠᠯᠳᠤᠭᠠᠴᠢᠨ ᠤᠷᠢᠬᠤ ᠠᠵᠢᠯ ᠤᠨ ᠳᠤᠭᠤᠢᠢᠯᠠᠩ ᠤᠨ ᠬᠤᠨᠤᠭ᠂ ᠢᠳᠡᠭᠡᠨ ᠤᠮᠳᠠᠭᠠᠨ᠂ ᠵᠠᠮ ᠬᠠᠷᠢᠯᠴᠠᠭ᠎ᠠ ︵ᠬᠤᠳᠠ ᠶᠢᠨ ᠵᠠᠮ ᠬᠠᠷᠢᠯᠴᠠᠭ᠎ᠠ ᠪᠠᠭᠲᠠᠨ᠎ᠠ︶ ᠵᠡᠷᠭᠡ ᠬᠤᠳᠠᠯᠳᠤᠭᠠᠴᠢᠨ ᠤᠷᠢᠬᠤ ᠠᠵᠢᠯ ᠤᠨ ᠵᠠᠷᠤᠳᠠᠯ ᠢ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠰᠠᠨ ᠪᠠᠷᠢᠮᠵᠢᠶ᠎ᠠ ᠪᠠᠷ ᠲᠤᠭ᠎ᠠ ᠶᠣᠰᠣᠭᠠᠷ ᠰᠠᠯᠭᠠᠨ ᠦᠭᠭᠦᠨ᠎ᠡ᠂ ᠴᠢᠮᠡᠭᠡ ᠬᠤᠯᠪᠣᠭ᠎ᠠ ᠬᠠᠷᠢᠯᠴᠠᠭ᠎ᠠ ᠬᠢᠭᠡᠳ ᠠᠯᠪᠠᠨ ᠠᠵᠢᠯ ᠤᠨ ᠵᠠᠷᠤᠳᠠᠯ ᠢ ᠪᠣᠳᠠᠲᠠᠢ ᠡᠭᠦᠰᠦᠭᠰᠡᠨ ᠲᠤᠭ᠎ᠠ ᠶᠣᠰᠣᠭᠠᠷ ᠪᠣᠳᠠᠲᠠᠢ ᠮᠡᠳᠡᠭᠦᠯᠵᠦ ᠪᠣᠳᠠᠲᠠᠢ  ᠬᠠᠷᠭᠠᠭᠤᠯᠨ᠎ᠠ᠂ ᠡᠯ᠎ᠡ ᠵᠦᠢᠯ ᠤᠨ ᠠᠵᠢᠯ ᠢ ᠬᠡᠪ  ᠤᠨ ᠶᠣᠰᠣᠭᠠᠷ ᠥᠷᠨᠢᠬᠦ ᠶᠢ ᠪᠠᠲᠤᠯᠠᠬᠤ ᠬᠡᠷᠡᠭᠲᠡᠢ᠃ ︵ᠲᠠᠪᠤ︶ ᠡᠯ᠎ᠡ ᠭᠠᠵᠠᠷ ᠲᠤ ᠰᠠᠭᠤᠭ᠎ᠠ ᠬᠤᠳᠠᠯᠳᠤᠭᠠᠴᠢᠨ ᠤᠷᠢᠬᠤ ᠠᠵᠢᠯ ᠤᠨ ᠳᠤᠭᠤᠢᠢᠯᠠᠩ ᠨᠢ ᠲᠥᠪ ᠬᠤᠷᠢᠶᠠᠨ  ᠤ  ᠨᠠᠢᠮᠠᠨ ᠵᠤᠷᠪᠤᠰ ᠲᠣᠭᠲᠠᠭᠠᠯ ᠢ ᠴᠢᠩᠭ᠎ᠠ ᠵᠢᠷᠤᠮᠯᠠᠨ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠵᠠᠷᠤᠳᠠᠯ ᠤᠨ  ᠬᠠᠮᠢᠶᠠᠷᠤᠯᠲᠠ᠂ ᠠᠵᠢᠯ ᠤᠨ  ᠬᠠᠮᠢᠶᠠᠷᠤᠯᠲᠠ᠂ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠨ᠂ ᠠᠵᠢᠯᠴᠢ ᠠᠷᠪᠢᠴᠢ ᠪᠠᠷ ᠬᠤᠳᠠᠯᠳᠤᠭᠠᠴᠢᠨ ᠤᠷᠢᠬᠤ᠂ ᠪᠣᠳᠠᠲᠠᠢ ᠶᠢ ᠡᠷᠬᠢᠮᠯᠡᠨ ᠬᠤᠳᠠᠯᠳᠤᠭᠠᠴᠢᠨ ᠤᠷᠢᠬᠤ᠂ ᠠᠷᠢᠭᠤᠨ ᠴᠢᠬᠡᠴᠢ ᠪᠠᠷ ᠬᠤᠳᠠᠯᠳᠤᠭᠠᠴᠢᠨ ᠤᠷᠢᠬᠤ ᠬᠡᠷᠡᠭᠲᠡᠢ᠂ ᠬᠤᠳᠠᠯᠳᠤᠭᠠᠴᠢᠨ ᠤᠷᠢᠬᠤ ᠪᠤᠰᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号