《ᠴᠢᠤᠸᠠᠨ ᠵᠢᠶᠠᠨ》 ᠤ ᠬᠡᠷᠡᠭ ᠡᠭᠦᠰᠦᠭᠰᠡᠨ ᠤ ᠲᠠᠷᠠᠭ᠎ᠠ᠂ ᠬᠠᠷᠠᠴᠢᠨ ᠬᠤᠰᠢᠭᠤᠨ ᠤ ᠵᠠᠬ᠎ᠠ ᠲᠡᠯᠭᠡᠭᠦᠷ ᠤᠨ | ᠬᠢᠨᠡᠨ ᠬᠠᠮᠢᠶᠠᠷᠤᠯᠳᠠ ᠶᠢᠨ ᠲᠤᠪᠴᠢᠶ᠎ᠠ《ᠡᠷᠡᠬᠦᠯᠵᠢᠯ ᠤᠨ ᠪᠤᠳᠠᠰ ᠤᠨ ᠵᠠᠬ᠎ᠠ ᠲᠡᠯᠭᠡᠭᠦᠷ ᠤᠨ ᠰᠠᠮᠠᠭᠤᠷᠠᠯ ᠢ | ᠴᠡᠭᠴᠡᠯᠡᠬᠦ ᠵᠠᠭᠤᠨ ᠡᠳᠦᠷ ᠤᠨ ᠠᠵᠢᠯᠯᠠᠭ᠎ᠠ》 ᠶᠢ ᠦᠷᠨᠢᠬᠦᠯᠪᠡ᠃ ᠵᠠᠭᠤᠨ ᠡᠳᠦᠷ ᠤᠨ ᠠᠵᠢᠯᠯᠠᠭ᠎ᠠ ᠶᠢᠨ ᠠᠩᠬᠠᠨ ᠤ | ᠲᠠᠶᠢᠯᠠᠯᠳᠤᠭᠠᠨ ᠢᠯᠠᠯᠳᠠ ᠲᠠᠢ ᠲᠡᠭᠦᠰᠪᠡ᠃ ᠡᠨᠡ ᠤᠳᠠᠭᠠᠨ ᠤ ᠠᠵᠢᠯᠯᠠᠭ᠎ᠠ ᠲᠤᠮᠳᠠ ᠵᠠᠬ᠎ᠠ ᠲᠡᠯᠭᠡᠭᠦᠷ ᠤᠨ ᠬᠢᠨᠡᠨ | ᠬᠠᠮᠢᠶᠠᠷᠤᠯᠳᠠ ᠶᠢᠨ ᠲᠤᠪᠴᠢᠶ᠎ᠠ ᠬᠤᠳᠠᠯ ᠬᠠᠭᠤᠷᠮᠠᠭ ᠤᠬᠠᠭᠤᠯᠭ᠎ᠠ ᠶᠢᠨ ᠠᠵᠢᠯ ᠳᠤ ᠦᠭᠭᠦ ᠴᠤᠬᠢᠯᠳᠠ ᠪᠠᠨ | ᠴᠢᠩᠭᠠᠳᠬᠠᠪᠠ᠂ ᠡᠷᠡᠬᠦᠯ ᠴᠢᠬᠢᠷᠠᠭ ᠤᠨ ᠶᠠᠷᠢᠶ᠎ᠠ ᠢᠯᠡᠳᠬᠡᠯ᠂ ᠲᠤᠰᠬᠠᠢ ᠮᠡᠷᠭᠡᠵᠢᠯᠳᠡᠨ ᠠᠯᠪᠠᠨ ᠵᠢᠷᠤᠮ ᠤᠨ | ᠡᠮᠴᠢᠯᠡᠭᠡ ᠬᠢᠬᠦ᠂ ᠰᠦᠢᠳᠬᠡᠯ ᠬᠡᠯᠳᠦᠷᠢᠬᠦᠯᠦᠨ ᠪᠠᠶ᠎ᠠ ᠶᠢᠨ ᠪᠠᠶᠢᠴᠠᠭᠠᠯᠳᠠ ᠬᠢᠬᠦ᠂ ᠪᠡᠯᠡᠭ ᠬᠦᠷᠭᠡᠬᠦ᠂ ᠠᠵᠢᠯ | ᠲᠦᠷᠦᠯ ᠤᠨ ᠵᠤᠬᠢᠶᠠᠨ ᠪᠠᠶᠢᠭᠤᠯᠤᠯᠳᠠ᠂ ᠵᠤᠬᠢᠶᠠᠨ ᠪᠠᠶᠢᠭᠤᠯᠵᠥ ᠵᠤᠭᠠᠴᠠᠭᠤᠯᠬᠤ ᠵᠡᠷᠭᠡ ᠬᠡᠯᠪᠡᠷᠢ ᠪᠠᠷ ᠤᠯᠤᠰ ᠤᠨ | ᠪᠠᠶᠢᠭᠤᠯᠤᠯᠭ᠎ᠠ ᠨᠢᠭᠡᠴᠡ᠂ ᠡᠮ ᠡᠮᠨᠡᠯᠬᠡ ᠶᠢᠨ ᠨᠢᠭᠡᠴᠡ᠂ ᠡᠷᠳᠡᠮ ᠰᠢᠨᠵᠡᠯᠡᠭᠡᠨ ᠤ ᠵᠤᠬᠢᠶᠠᠨ ᠪᠠᠶᠢᠭᠤᠯᠤᠯᠳᠠ᠂ | ᠲᠤᠰᠬᠠᠢ ᠮᠡᠷᠭᠡᠵᠢᠯᠳᠡᠨ᠂ ᠨᠡᠷ᠎ᠡ ᠲᠦᠷᠦ ᠲᠠᠢ ᠬᠦᠮᠦᠰ᠂ ᠡᠮᠨᠡᠯᠬᠡ ᠶᠢᠨ ᠠᠵᠢᠯᠳᠠᠨ ᠪᠠ ᠬᠡᠷᠡᠭᠯᠡᠭᠴᠢᠳ ᠤᠨ ᠨᠡᠷ᠎ᠡ ᠶᠢ | ᠵᠢᠭᠠᠵᠥ᠂ ᠬᠤᠳᠠᠯ ᠬᠠᠭᠤᠷᠮᠠᠭ ᠪᠠᠷ ᠪᠤᠶᠤ ᠬᠦᠮᠦᠰ ᠢ ᠲᠦᠭᠡᠷᠢᠭᠳᠡᠬᠦᠯᠦᠨ ᠲᠠᠸᠠᠷ ᠤᠨ ᠰᠤᠷᠳᠠᠯᠴᠢᠯᠠᠭ᠎ᠠ ᠬᠢᠬᠦ | ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ ᠲᠠᠯᠠᠪᠠᠢ ᠲᠦᠷᠢᠶᠡᠰᠦᠯᠡᠬᠦᠯᠦᠭᠴᠢ 13 ᠬᠦᠮᠦᠨ ᠪᠤᠯᠵᠤᠨ | ᠶᠠᠷᠢᠯᠴᠠᠵᠥ᠂ 99 ᠡᠵᠡᠩᠨᠡᠭᠴᠢ ᠪᠤᠯᠵᠤᠨ ᠶᠠᠷᠢᠯᠴᠠᠵᠥ ᠰᠡᠷᠡᠮᠵᠢᠯᠡᠬᠦᠯᠦᠨ᠂ 56 ᠵᠤᠷᠪᠤᠰ ᠯᠤᠽᠦ᠋ᠩ ᠡᠯᠬᠦᠵᠥ᠂ | 3000 ᠬᠠᠭᠤᠳᠠᠰᠤ ᠤᠬᠠᠭᠤᠯᠭ᠎ᠠ ᠶᠢᠨ ᠬᠠᠭᠤᠳᠠᠰᠣ ᠲᠠᠷᠬᠠᠭᠠᠨ᠂ ᠠᠮᠠᠯᠠᠯᠳᠠ ᠶᠢᠨ ᠪᠢᠴᠢᠭ 173 ᠬᠤᠪᠢ | ᠪᠠᠶᠢᠭᠤᠯᠵᠥ᠂ ᠵᠠᠬ᠎ᠠ ᠲᠡᠯᠬᠡᠬᠦᠷ ᠤᠨ 619 ᠲᠡᠯᠭᠡᠭᠦᠷ ᠢ ᠪᠠᠶᠢᠴᠠᠭᠠᠵᠥ᠂ ᠬᠤᠳᠠᠯ ᠬᠠᠭᠤᠷᠮᠠᠭ ᠢᠶᠠᠷ ᠰᠤᠷᠳᠠᠯᠴᠢᠯᠠᠭ᠎ᠠ | ᠬᠢᠭᠴᠢ 1 ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠨᠢᠬᠡ ᠳᠤ ᠰᠤᠨᠤᠷ ᠰᠡᠷᠡᠮᠵᠢ ᠪᠠᠨ ᠲᠡᠭᠡᠭᠰᠢᠯᠡᠬᠦᠯᠵᠥ ᠲᠠᠬᠢᠨᠳᠠ | ᠦᠷᠪᠢᠰᠬᠦ ᠶᠢ ᠰᠡᠷᠭᠡᠶᠢᠯᠡᠨ᠎ᠡ᠃ ᠬᠤᠰᠢᠭᠤᠨ ᠤ ᠵᠠᠬ᠎ᠠ ᠲᠡᠯᠭᠡᠭᠦᠷ ᠤᠨ ᠬᠢᠨᠡᠨ ᠬᠠᠮᠢᠶᠠᠷᠤᠯᠳᠠ ᠶᠢᠨ ᠲᠤᠪᠴᠢᠶ᠎ᠠ | ᠦᠨᠳᠦᠰᠦᠨ ᠱᠠᠳᠤᠨ ᠤ ᠬᠢᠨᠠᠨ ᠬᠠᠮᠢᠶᠠᠷᠤᠭᠴᠢ ᠶᠢ ᠴᠠᠭ ᠢᠮᠠᠭᠳᠠ ᠰᠤᠨᠤᠷ ᠰᠡᠷᠡᠮᠵᠢᠳᠠᠢ ᠪᠠᠶᠢᠵᠥ᠂ | 《ᠡᠷᠡᠬᠦᠯᠵᠢᠯ ᠤᠨ ᠪᠤᠳᠠᠰ》 ᠤᠨ ᠵᠠᠬ᠎ᠠ ᠲᠡᠯᠭᠡᠭᠦᠷ ᠤᠨ ᠪᠤᠷᠤᠯᠠᠭᠤᠯᠬᠤ ᠬᠦᠳᠡᠯᠬᠡᠬᠡᠨ ᠠᠮᠠᠷᠬᠠᠨ ᠡᠬᠦᠰᠳᠡᠭ ᠭᠠᠵᠠᠷ | ︵ᠵᠤᠴᠢᠳ ᠤᠨ ᠪᠠᠭᠤᠳᠠᠯ᠂ ᠨᠡᠶᠢᠬᠡᠮ ᠲᠤᠭᠤᠷᠢᠭ᠂ ᠴᠡᠴᠡᠷᠯᠢᠭ᠂ ᠠᠭᠤᠳᠠᠮ ᠲᠡᠯᠡᠪᠡᠢ᠂ ᠲᠡᠷᠭᠡᠨ ᠦᠷᠳᠡᠭᠡ ᠵᠢᠴᠢ | ᠨᠠᠰᠤᠳᠠᠶᠢᠴᠤᠳ᠂ ᠡᠪᠡᠳᠴᠢᠨ ᠡᠮᠵᠡᠭ ᠲᠠᠢ ᠬᠦᠮᠦᠰ ᠲᠤ《ᠡᠷᠡᠬᠦᠯᠵᠢᠯ ᠤᠨ ᠪᠤᠳᠠᠰ》ᠪᠤᠷᠤᠯᠠᠭᠤᠯᠳᠠᠭ ᠲᠡᠯᠭᠡᠭᠦᠷ | ᠬᠤᠳᠠᠯᠳᠤᠭ᠎ᠠ᠂ ᠦᠵᠡᠮᠵᠢ ᠶᠢᠨ ᠤᠷᠤᠨ᠂ ᠬᠦᠳᠡᠭᠡ ᠲᠤᠰᠬᠤᠨ ᠤ ᠴᠤᠭᠯᠠᠭ᠎ᠠ ᠮᠠᠶᠢᠮᠠᠢ᠂ ᠬᠤᠳᠠ ᠬᠦᠳᠡᠭᠡ ᠶᠢᠨ | ᠠᠭᠤᠯᠵᠠᠷ ᠬᠡᠰᠡᠭ ᠵᠡᠷᠭᠡ︶ ᠲᠤ ᠬᠢᠨᠠᠨ ᠪᠠᠶᠢᠴᠠᠭᠠᠬᠤ ᠪᠠᠨ ᠰᠤᠯᠠᠷᠠᠭᠤᠯᠵᠥ ᠪᠤᠯᠬᠤ ᠦᠭᠡᠢ᠂ ᠡᠷᠡᠬᠦᠯᠵᠢᠯ ᠤᠨ | ᠪᠠᠭᠠᠵᠢ ᠬᠡᠷᠡᠭᠰᠡᠯ᠂ ᠡᠳᠦᠷ ᠲᠤᠳᠤᠮ ᠤᠨ ᠬᠡᠷᠡᠭᠯᠡᠭᠡᠨ ᠤ ᠪᠤᠳᠠᠰ᠂ ᠤᠰᠤ ᠴᠡᠪᠡᠷᠰᠢᠬᠦᠯᠦᠭᠴᠢ ᠮᠠᠰᠢᠨ᠂ ᠠᠭᠠᠷ | ᠴᠡᠪᠡᠷᠰᠢᠬᠦᠯᠦᠭᠴᠢ᠂ ᠬᠠᠰ ᠡᠳᠡᠯᠡᠯ ᠵᠡᠷᠭᠡ《ᠡᠷᠡᠬᠦᠯᠵᠢᠯ》 ᠤᠨ ᠴᠢᠳᠠᠪᠬᠢ ᠲᠠᠢ ᠭᠡᠵᠥ ᠤᠬᠠᠭᠤᠯᠳᠠᠭ ᠲᠠᠸᠠᠷ ᠪᠠ | ᠦᠢᠯᠡᠴᠢᠯᠡᠭᠡᠨ ᠢ ᠤᠨᠴᠠᠭᠠᠶᠢᠯᠠᠨ ᠠᠩᠬᠠᠷᠴᠦ᠂ ᠲᠦᠪᠯᠡᠷᠡᠬᠦᠯᠦᠨ ᠴᠡᠭᠴᠡᠯᠡᠭᠰᠡᠨ ᠤ ᠲᠠᠷᠠᠭ᠎ᠠ ᠲᠠᠬᠢᠨᠳᠠ ᠡᠬᠦᠰᠬᠦ ᠶᠢ | ᠰᠡᠷᠬᠡᠶᠢᠯᠡᠬᠦ ᠬᠡᠷᠡᠭᠳᠡᠢ ᠬᠡᠵᠥ ᠱᠠᠭᠠᠷᠳᠠᠪᠠ᠃ ᠬᠤᠶᠠᠷ ᠲᠤ᠂ ᠤᠯᠠᠨ ᠲᠦᠮᠡᠨ ᠢ ᠲᠠᠶᠢᠴᠢᠯᠠᠨ ᠰᠡᠷᠭᠡᠶᠢᠯᠡᠬᠦ ᠤᠬᠠᠮᠰᠠᠷ ᠢ | ᠪᠤᠢ ᠪᠤᠯᠭᠠᠨ᠎ᠠ᠃ ᠬᠤᠰᠢᠭᠤᠨ ᠤ ᠵᠠᠬ᠎ᠠ ᠲᠡᠯᠭᠡᠭᠦᠷ ᠤᠨ ᠬᠢᠨᠡᠨ ᠬᠠᠮᠢᠶᠠᠷᠤᠯᠳᠠ ᠶᠢᠨ ᠲᠤᠪᠴᠢᠶ᠎ᠠ ᠠᠴᠠ ᠪᠦᠬᠦ | ᠠᠵᠢᠯᠳᠠᠳ ᠢᠶᠠᠨ ᠤᠷᠢᠶᠠᠯᠠᠵᠥ᠂ ᠲᠦᠷᠦᠯ ᠲᠦᠷᠦᠭᠰᠡᠳ᠂ ᠨᠠᠶᠢᠵᠢ ᠨᠦᠬᠦᠳ᠂ ᠬᠦᠷᠰᠢ ᠵᠡᠷᠭᠡᠯᠡᠳᠡᠭᠡ ᠪᠠᠨ | ᠬᠦᠳᠡᠯᠬᠡᠵᠥ᠂ ᠠᠵᠢᠭᠯᠠᠭᠴᠢ᠂ ᠴᠢᠮᠡᠭᠡ ᠵᠠᠩᠬᠢᠴᠢᠨ ᠪᠤᠯᠭᠠᠵᠥ ᠡᠷᠡᠬᠦᠯᠵᠢᠯ ᠤᠨ ᠵᠠᠬ᠎ᠠ ᠲᠡᠯᠬᠡᠭᠦᠷ ᠤᠨ ᠰᠠᠮᠠᠭᠤᠷᠠᠯ ᠢ | ᠠᠩᠬᠠᠷᠴᠦ᠂ ᠲᠤᠰᠬᠠᠢ ᠴᠡᠭᠴᠡᠯᠡᠨ ᠵᠠᠰᠠᠬᠤ ᠠᠵᠢᠯ ᠳᠤ ᠰᠤᠷᠠᠭ ᠵᠠᠩᠬᠢ ᠬᠠᠩᠭᠠᠭᠠᠬᠤ ᠭᠡᠷᠡᠭᠳᠡᠢ ᠬᠡᠪᠡ᠃ ᠢᠯᠡᠴᠢᠯᠡᠨ | ᠮᠡᠳᠡᠬᠦᠯᠬᠦ ᠤᠳᠠᠰᠳ ᠳ᠋ᠤᠭᠠᠷ ᠢᠶᠠᠨ ᠨᠡᠶᠢᠳᠡᠯᠵᠥ᠂ ᠤᠯᠠᠨ ᠲᠦᠮᠡᠨ ᠤ ᠡᠷᠬᠡ ᠠᠰᠢᠭ ᠬᠤᠬᠢᠷᠠᠯ ᠤᠴᠠᠷᠠᠭᠰᠠᠨ ᠪᠤᠶᠤ | ᠬᠡᠷᠡᠭ ᠤᠴᠢᠷ ᠤᠨ ᠰᠦᠪᠡᠭᠴᠢ ᠬᠠᠩᠭᠠᠭᠠᠬᠤ ᠳᠤ ᠲᠦᠬᠦᠮ ᠦᠵᠡᠬᠦᠯᠬᠦ ᠬᠡᠷᠡᠭᠳᠡᠢ ᠬᠡᠪᠡ᠃ ᠬᠤᠰᠢᠭᠤᠨ ᠤ ᠨᠠᠮ ᠤᠨ | ᠬᠤᠷᠢᠶᠠᠨ ᠤ ᠱᠦᠵᠢ ᠭᠤᠤ ᠰᠢ ᠬᠤᠸᠠ ᠠᠵᠢᠯᠯᠠᠭᠠᠨ ᠦᠷᠨᠢᠬᠦᠯᠦᠭᠰᠡᠨ ᠪᠠᠶᠢᠳᠠᠯ ᠢ ᠴᠠᠭ ᠢᠮᠠᠭᠳᠠ ᠠᠩᠬᠠᠷᠴᠦ᠂ | ᠬᠢᠨᠡᠨ ᠪᠠᠶᠢᠴᠠᠭᠠᠬᠤ ᠵᠦᠪᠯᠠᠯ ᠤᠨ ᠱᠦᠵᠢ᠂ ᠡᠷᠬᠢᠯᠡᠭᠴᠢ ᠴᠧᠨ ᠰᠢᠶᠤᠤ ᠬᠤᠩ《ᠡᠨᠡᠬᠦ ᠬᠦᠮᠦᠰ ᠢ ᠬᠤᠬᠢᠷᠠᠭᠤᠯᠳᠠᠭ | ᠶᠠᠭᠤᠮᠠᠰ ᠢ ᠪᠠᠶᠢᠯᠭᠠᠵᠥ ᠪᠤᠯᠬᠤ ᠦᠭᠡᠢ᠂ ᠬᠠᠷᠬᠢᠰ ᠬᠦᠴᠦᠨ ᠬᠠᠷ᠎ᠠ ᠪᠦᠯᠦᠭᠳᠡᠨ ᠢ ᠴᠤᠬᠢᠬᠤ ᠠᠵᠢᠯᠯᠠᠭ᠎ᠠ ᠲᠠᠢ | ᠤᠶᠠᠯᠳᠤᠭᠤᠯᠵᠥ᠂ ᠬᠦᠴᠦᠳᠡᠢ ᠴᠤᠬᠢᠵᠥ ᠪᠤᠳᠠᠳᠤ ᠦᠷ᠎ᠡ ᠠᠰᠢᠭ ᠤᠯᠬᠤ ᠬᠡᠷᠡᠭᠳᠡᠢ》ᠬᠡᠵᠥ ᠲᠤᠳᠤᠷᠬᠠᠢ | ᠵᠢᠭᠠᠪᠤᠷᠢᠯᠠᠪᠠ᠂ ᠬᠤᠰᠢᠭᠤᠨ ᠤ ᠵᠠᠬ᠎ᠠ ᠲᠡᠯᠭᠡᠭᠦᠷ ᠤᠨ ᠬᠢᠨᠡᠨ ᠬᠠᠮᠢᠶᠠᠷᠤᠯᠳᠠ ᠶᠢᠨ ᠲᠤᠪᠴᠢᠶ᠎ᠠ ᠶᠢᠨ ᠨᠠᠮ ᠤᠨ | ᠲᠤᠭᠤᠶᠢᠯᠠᠩ《 ᠡᠷᠡᠬᠦᠯᠵᠢᠯ ᠤᠨ ᠵᠠᠬ᠎ᠠ ᠲᠡᠯᠭᠡᠭᠦᠷ ᠤᠨ ᠰᠠᠮᠠᠭᠤᠷᠠᠯ ᠢ ᠵᠠᠰᠠᠬᠤ ᠪᠤᠯ ᠮᠠᠨ ᠤ ᠡᠭᠦᠷᠬᠡ ᠬᠠᠷᠢᠭᠤᠴᠠᠯᠭ᠎ᠠ | ᠂ ᠬᠤᠤᠷ ᠢ ᠡᠷᠭᠡᠪᠰᠢ ᠦᠨᠳᠦᠰᠦ ᠪᠠᠷ ᠨᠢ ᠠᠷᠢᠯᠭᠠᠬᠤ ᠬᠡᠷᠡᠭᠳᠡᠢ》ᠬᠡᠰᠡᠨ ᠤᠷᠢᠶᠠᠯᠠᠭ᠎ᠠ ᠲᠤᠷᠠᠳᠴᠦ᠂ | 《ᠡᠷᠡᠬᠦᠯᠵᠢᠯ ᠤᠨ ᠪᠤᠳᠠᠰ》 ᠤᠨ ᠵᠠᠬ᠎ᠠ ᠲᠡᠯᠭᠡᠭᠦᠷ ᠤᠨ ᠰᠠᠮᠠᠭᠤᠷᠠᠯ ᠢ ᠴᠡᠭᠴᠡᠯᠡᠬᠦ ᠠᠵᠢᠯᠯᠠᠭ᠎ᠠ ᠲᠤᠮᠳᠠ ᠬᠤᠰᠢᠭᠤᠨ | ᠤ ᠵᠠᠬ᠎ᠠ ᠲᠡᠯᠭᠡᠭᠦᠷ ᠤᠨ ᠬᠢᠨᠡᠨ ᠬᠠᠮᠢᠶᠠᠷᠤᠯᠳᠠ ᠶᠢᠨ ᠲᠤᠪᠴᠢᠶ᠎ᠠ《 ᠰᠠᠮᠠᠭᠤᠷᠠᠯ》 ᠢ ᠴᠡᠭᠴᠡᠯᠡᠬᠦ ᠪᠠᠷ ᠭᠤᠤᠯ ᠪᠤᠯᠭᠠᠨ | ᠂ ᠪᠠᠶᠢᠳᠠᠯ ᠢ ᠤᠶᠢᠯᠠᠭᠠᠬᠤ᠂ ᠪᠠᠶᠢᠴᠠᠭᠠᠬᠤ᠂ ᠵᠠᠰᠠᠨ ᠴᠡᠭᠴᠡᠯᠡᠬᠦ᠂ ᠴᠤᠬᠢᠯᠳᠠ ᠦᠭᠭᠦ᠂ ᠴᠡᠪᠡᠷᠯᠡᠬᠦ ᠠᠵᠢᠯ ᠢ | ᠦᠷᠨᠢᠬᠦᠯᠦᠨ᠎ᠡ᠂ ᠡᠷᠡᠬᠦᠯᠵᠢᠯ ᠤᠨ ᠵᠠᠬ᠎ᠠ ᠲᠡᠯᠬᠡᠭᠦᠷ ᠤᠨ ᠡᠮᠬᠢ ᠲᠢᠭᠯᠢᠮ ᠢ ᠲᠦᠷᠢᠮᠵᠢᠬᠦᠯᠵᠥ᠂ ᠤᠯᠠᠨ ᠲᠦᠮᠡᠨ ᠤ | ᠡᠷᠡᠬᠦᠯᠵᠢᠯ ᠤᠨ ᠪᠤᠳᠠᠰ ᠤᠨ ᠬᠡᠷᠡᠭᠯᠡᠬᠡᠨ ᠤ ᠠᠮᠤᠷ ᠲᠦᠪᠰᠢᠨ ᠢ ᠪᠠᠳᠤᠯᠠᠬᠤ ᠭᠡᠷᠡᠭᠳᠡᠢ ᠬᠡᠪᠡ᠃ | | | | | | | | |