︽2018 ᠤᠨ ᠤ ᠳᠤᠮᠳᠠᠳᠤ ᠤᠯᠤᠰ ᠶᠢᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠮᠡᠳᠡᠭᠦᠯᠦᠯᠲᠡ︾ ᠨᠡᠶᠢᠲᠡᠯᠡᠭᠳᠡᠪᠡ ᠂ ᠢᠷᠭᠡᠳ ᠤᠨ ᠡᠪᠡᠳᠴᠢᠨ ᠳᠤ ᠨᠡᠷᠪᠡᠭᠳᠡᠭᠰᠡᠨ ᠲᠤᠭ᠎ᠠ ᠪᠠᠷᠢᠮᠳᠠ ᠶᠢ ᠤᠶᠢᠯᠭᠠᠶ᠎ᠠ
ᠨᠡᠶᠢᠲᠡᠯᠡᠭᠰᠡᠨ ᠴᠠᠭ᠄
2019/5/7
ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠥᠪ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ︽2018 ᠤᠨ ᠤ ᠳᠤᠮᠳᠠᠳᠤ ᠤᠯᠤᠰ ᠶᠢᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠮᠡᠳᠡᠭᠦᠯᠦᠯᠲᠡ︾ ᠶᠢ ᠣᠢᠢᠷ᠎ᠠ ᠳᠤ ︽ᠳᠤᠮᠳᠠᠳᠤ ᠤᠯᠤᠰ  ᠶᠢᠨ ᠣᠷᠴᠢᠯ ᠰᠡᠳᠬᠦᠯ︾ ᠳᠡᠭᠡᠷ᠎ᠡ ᠨᠡᠶᠢᠲᠡᠯᠡᠪᠡ᠃ ︽ᠮᠡᠳᠡᠭᠦᠯᠦᠯᠲᠡ︾ ᠳᠤ ᠵᠢᠭᠠᠨ ᠭᠠᠭᠠᠭᠰᠠᠨ ᠢᠶᠠᠷ᠂ ᠳᠤᠮᠳᠠᠳᠤ ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠪᠡᠳᠴᠢᠯᠡᠬᠦ ᠨᠤᠷᠮ᠎ᠠ ᠵᠢᠴᠢ  ᠦᠬᠦᠯᠳᠡ ᠶᠢᠨ ᠨᠤᠷᠮ᠎ᠠ ᠮᠥᠨ ᠬᠦ ᠳᠡᠭᠡᠭᠰᠢᠯᠡᠬᠦ ᠱᠠᠲᠤᠨ ᠳᠠᠭᠠᠨ ᠪᠠᠶᠢᠭᠰᠠᠭᠠᠷ᠃ ᠲᠥᠰᠦᠭᠡᠯᠡᠨ ᠪᠤᠳᠤᠭᠰᠠᠨ ᠢᠶᠠᠷ᠂ ᠮᠠᠨ ᠤ ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠣᠳᠣ ᠶᠢᠨ ᠬᠥᠮᠦᠨ ᠤ ᠲᠤᠭ᠎ᠠ 2.9 ᠳ᠋ᠦᠩᠰᠢᠭᠤᠷ ᠲᠤ ᠬᠦᠷᠴᠦ᠂ ᠦᠬᠦᠯᠳᠡ ᠶᠢᠨ ᠨᠤᠷᠮ᠎ᠠ ᠨᠢ ᠲᠡᠷᠢᠭᠦᠨ  ᠪᠠᠶᠢᠷᠢᠨ ᠳᠤ ᠪᠠᠶᠢᠨ᠎ᠠ᠂ ᠰᠠᠭᠤᠭᠠᠯᠢ ᠠᠷᠠᠳ ᠤᠨ ᠡᠪᠡᠳᠴᠢᠨ ᠢᠶᠠᠷ ᠦᠬᠦᠭᠰᠡᠳ ᠤᠨ 40 % ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ︔ ᠬᠥᠳᠡᠭᠡ ᠲᠣᠰᠬᠤᠨ ᠤ ᠵᠢᠷᠦᠬᠡ ᠴᠢᠰᠤᠨ ᠰᠤᠳᠠᠯ ᠤᠨ ᠡᠪᠡᠳᠴᠢᠨ ᠤ ᠦᠬᠦᠯᠳᠡ ᠶᠢᠨ ᠨᠤᠷᠮ᠎ᠠ ᠨᠢ ᠦᠷᠭᠦᠯᠵᠢᠯᠡᠨ ᠬᠤᠲᠠ ᠠᠴᠠ ᠥᠨᠳᠥᠷ ᠪᠠᠶᠢᠨ᠎ᠠ᠃ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠤ ᠡᠮᠨᠡᠯᠭᠡ ᠳᠤ ᠰᠠᠭᠤᠬᠤ ᠶᠡᠷᠦᠩᠬᠡᠶ ᠵᠠᠷᠤᠳᠠᠯ ᠲᠦᠷᠭᠡᠨ ᠨᠡᠮᠡᠭᠳᠡᠵᠦ᠂ 2004 ᠣᠨ ᠠᠴᠠ ᠣᠳᠣ ᠪᠣᠯᠲᠠᠯ᠎ᠠ᠂ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠨᠢ ᠤᠯᠤᠰ ᠠᠷᠠᠳ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ ᠠᠴᠠ ᠬᠤᠯᠠ ᠥᠨᠳᠥᠷ ᠪᠣᠯᠵᠠᠶ᠃  ︽ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ 2.9 ᠳ᠋ᠦᠩᠰᠢᠭᠤᠷ ᠵᠢᠷᠦᠬᠡ ᠴᠢᠰᠤᠨ ᠰᠤᠳᠠᠯ ᠤᠨ ᠡᠪᠡᠳᠴᠢᠲᠡᠨ ᠤ ᠳᠣᠲᠣᠷ᠎ᠠ᠂ ᠲᠠᠷᠢᠬᠢᠨ ᠤ ᠰᠠ ᠡᠪᠡᠳᠴᠢᠨ ᠳᠤ ᠨᠡᠷᠪᠡᠭᠳᠡᠭᠰᠡᠳ ᠨᠢ 1300 ᠲᠦᠮᠡᠨ ᠬᠥᠮᠥᠨ᠂ ᠵᠢᠷᠦᠬᠡᠨ ᠲᠢᠲᠢᠮ ᠤᠨ  ᠡᠪᠡᠳᠴᠢᠨ  ᠳᠤ ᠨᠡᠷᠪᠡᠭᠳᠡᠭᠰᠡᠳ1100 ᠲᠦᠮᠡᠨ ᠬᠥᠮᠥᠨ᠂ ᠠᠭᠤᠰᠬᠢᠨ ᠠᠴᠠ ᠰᠢᠯᠲᠠᠭᠠᠯᠠᠭᠰᠠᠨ ᠵᠢᠷᠦᠬᠡᠨ ᠡᠪᠡᠳᠴᠢᠨ ᠳᠤ ᠨᠡᠷᠪᠡᠭᠳᠡᠭᠰᠡᠳ 500 ᠲᠦᠮᠡᠨ ᠬᠥᠮᠥᠨ᠂ᠵᠢᠷᠦᠬᠡᠨ ᠲᠠᠮᠢᠷ  ᠲᠤᠷᠢᠳᠠᠭᠰᠠᠳ 450 ᠲᠦᠮᠡᠨ ᠬᠥᠮᠥᠨ᠂ ᠬᠡᠷᠡᠬᠦ ᠴᠢᠨᠠᠷᠲᠠᠶ ᠵᠢᠷᠦᠬᠡᠨ ᠡᠪᠡᠳᠴᠢᠨ ᠳᠤ ᠨᠡᠷᠪᠡᠭᠳᠡᠭᠰᠡᠳ250 ᠲᠦᠮᠡᠨ ᠬᠥᠮᠥᠨ᠂ ᠲᠥᠷᠥᠯᠬᠢ ᠵᠢᠷᠦᠬᠡᠨ ᠡᠪᠡᠳᠴᠢᠨ ᠲᠠᠢ  ᠬᠦᠮᠦᠨ 200 ᠲᠦᠮᠡᠨ ᠬᠥᠮᠥᠨ᠂ ᠴᠢᠰᠤᠨ ᠳᠠᠷᠤᠯᠲᠠ ᠥᠨᠳᠥᠷᠵᠢᠭᠰᠡᠨ  ᠡᠪᠡᠳᠴᠢᠳᠡᠨ 2.45 ᠳ᠋ᠦᠩᠰᠢᠭᠤᠷ ᠬᠥᠮᠥᠨ  ᠪᠠᠶᠢᠨ᠎ᠠ᠃ 2009 ᠣᠨ ᠠᠴᠠ ᠡᠬᠢᠯᠡᠨ᠂ ᠬᠥᠳᠡᠭᠡ ᠲᠣᠰᠬᠤᠨ ᠤ ᠵᠢᠷᠦᠬᠡ ᠴᠢᠰᠤᠨ ᠰᠤᠳᠠᠯ ᠤᠨ ᠡᠪᠡᠳᠴᠢᠨ ᠤ ᠦᠬᠦᠬᠦ ᠨᠤᠷᠮ᠎ᠠ ᠨᠢ ᠬᠤᠲᠠ ᠶᠢᠨ ᠲᠦᠪᠰᠢᠨ ᠠᠴᠠ ᠦᠷᠭᠦᠯᠵᠢᠯᠡᠨ ᠥᠨᠳᠥᠷ ᠪᠠᠶᠢᠨ᠎ᠠ᠃ 2016 ᠣᠨ ᠳᠤ᠂ ᠬᠥᠳᠡᠭᠡ ᠲᠣᠰᠬᠤᠨ ᠤ ᠵᠢᠷᠦᠬᠡ ᠴᠢᠰᠤᠨ ᠰᠤᠳᠠᠯ ᠤᠨ ᠡᠪᠡᠳᠴᠢᠨ ᠢᠶᠠᠷ ᠦᠬᠦᠬᠦ ᠨᠣᠷᠮ᠎ᠠ ᠨᠢ 309.33 / 10 ᠲᠦᠮᠡ ᠪᠠᠶᠢᠵᠤ᠂ ᠬᠤᠲᠠ ᠶᠢᠨ ᠵᠢᠷᠦᠬᠡ ᠴᠢᠰᠤᠨ ᠰᠤᠳᠠᠯ ᠤᠨ ᠡᠪᠡᠳᠴᠢᠨ ᠢᠶᠠᠷ ᠦᠬᠦᠬᠦ ᠨᠣᠷᠮ᠎ᠠ ᠨᠢ 265.11/ 10 ᠲᠦᠮᠡ ᠪᠠᠶᠢᠵᠤ᠂ ᠬᠥᠳᠡᠭᠡ ᠲᠣᠰᠬᠤᠨ ᠪᠠ ᠬᠤᠲᠠ ᠶᠢᠨ ᠵᠢᠷᠦᠬᠡ ᠴᠢᠰᠤᠨ ᠰᠤᠳᠠᠯ ᠤᠨ ᠡᠪᠡᠳᠴᠢᠨ ᠢᠶᠠᠷ  ᠦᠬᠦᠭᠰᠡᠨ  ᠬᠦᠮᠦᠨ ᠤ ᠲᠤᠭ᠎ᠠ ᠨᠢ ᠪᠥᠬᠦ ᠦᠬᠦᠭᠰᠡᠨ ᠬᠦᠮᠦᠨ ᠤ ᠲᠤᠭ᠎ᠠ   ᠳᠤ ᠡᠵᠡᠯᠡᠬᠦ ᠬᠠᠷᠢᠴᠠᠯ ᠨᠢ ᠲᠤᠰ ᠲᠤᠰ 45.5 % ᠪᠠ 43.16 % ᠪᠠᠶᠢᠪᠠ᠃ ᠳᠤᠮᠳᠠᠳᠤ ᠤᠯᠤᠰ  ᠶᠢᠨ ᠬᠤᠲᠠ ᠪᠣᠯᠤᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠵᠢᠷᠦᠬᠡᠨ ᠲᠢᠲᠢᠮ ᠤᠨ ᠡᠪᠡᠳᠴᠢᠨ ᠢᠶᠠᠷ ᠦᠬᠦᠬᠦ ᠨᠣᠷᠮ᠎ᠠ ᠨᠢ 2012 ᠣᠨ ᠠᠴᠠ ᠨᠠᠭᠠᠰᠢ ᠦᠷᠭᠦᠯᠵᠢᠯᠡᠨ ᠳᠡᠭᠡᠭᠰᠢᠯᠡᠬᠦ ᠬᠠᠨᠳᠤᠰᠢ ᠲᠠᠢ ᠪᠠᠶᠢᠵᠤ᠂ ᠬᠥᠳᠡᠭᠡ ᠲᠣᠰᠬᠤᠨ ᠤ ᠵᠢᠷᠦᠬᠡᠨ ᠲᠢᠲᠢᠮ ᠤᠨ ᠡᠪᠡᠳᠴᠢᠨ ᠢᠶᠠᠷ ᠦᠬᠦᠬᠦ ᠨᠣᠷᠮ᠎ᠠ ᠢᠯᠡᠳᠲᠡ ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠃ 2005 ᠣᠨ ᠠᠴᠠ ᠡᠬᠢᠯᠡᠨ᠂ ᠲᠦᠷᠭᠡᠨ ᠴᠢᠨᠠᠷᠲᠠᠶ ᠵᠢᠷᠦᠬᠡᠨ ᠪᠤᠯᠴᠢᠩ ᠤᠨ ᠦᠬᠦᠯᠲᠡ ᠶᠢᠨ ᠨᠣᠷᠮ᠎ᠠ ᠲᠦᠷᠭᠡᠨ ᠳᠡᠭᠡᠭᠰᠢᠯᠡᠬᠦ ᠬᠠᠨᠳᠤᠰᠢ ᠲᠠᠢ ᠪᠣᠯᠵᠤ᠂ ᠨᠡᠩ ᠢᠯᠠᠩᠭᠤᠶ᠎ᠠ 2013 ᠣᠨ ᠪᠠ 2016 ᠣᠨ ᠳᠤ ᠬᠥᠳᠡᠭᠡ ᠲᠣᠰᠬᠤᠨ ᠤ ᠦᠬᠦᠯᠲᠡ ᠶᠢᠨ ᠨᠣᠷᠮ᠎ᠠ ᠨᠢ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠶᠡᠭᠡ ᠪᠠᠷ ᠳᠠᠪᠠᠭᠰᠠᠨ  ᠪᠠᠶᠢᠨ᠎ᠠ᠃ ᠲᠠᠷᠢᠬᠢᠨ ᠴᠢᠰᠤᠨ ᠰᠤᠳᠠᠯ ᠤᠨ ᠡᠪᠡᠳᠴᠢᠨ ᠤ ᠲᠠᠯ᠎ᠠ ᠪᠠᠷ᠂ 2003 ᠣᠨ ᠠᠴᠠ 2016 ᠣᠨ ᠤ ᠬᠤᠭᠤᠷᠣᠨᠳᠣ ᠪᠦᠬᠦ ᠤᠯᠤᠰ ᠤᠨ ᠦᠬᠦᠯᠲᠡ ᠶᠢᠨ ᠨᠤᠷᠮ᠎ᠠ ᠳᠡᠭᠡᠭᠰᠢᠯᠡᠬᠦ ᠬᠠᠨᠳᠤᠰᠢ ᠲᠠᠢ ᠪᠣᠯᠤᠭᠰᠠᠨ ᠪᠥᠭᠡᠳ ᠬᠥᠳᠡᠭᠡ ᠲᠣᠰᠬᠤᠨ ᠤ ᠭᠠᠵᠠᠷ ᠣᠷᠣᠨ ᠤ ᠲᠠᠷᠢᠬᠢᠨ ᠴᠢᠰᠤᠨ ᠰᠤᠳᠠᠯ ᠤᠨ ᠡᠪᠡᠳᠴᠢᠨ ᠤ ᠦᠬᠦᠯᠲᠡ ᠶᠢᠨ ᠨᠤᠷᠮ᠎ᠠ ᠨᠢ ᠬᠤᠲᠠ ᠶᠢᠨ ᠭᠠᠵᠠᠷ ᠣᠷᠣᠨ ᠠᠴᠠ ᠥᠨᠳᠥᠷ ᠪᠣᠯᠤᠭᠰᠠᠨ  ᠪᠠᠶᠢᠨ᠎ᠠ᠃ ︽ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ ᠠᠶᠤᠯ ᠲᠦᠭᠰᠢᠭᠦᠷᠢᠲᠦ ᠬᠦᠴᠦᠨ ᠵᠦᠢᠯ ᠢ ᠬᠢᠵᠠᠭᠠᠷᠯᠠᠬᠤ ᠲᠠᠯ᠎ᠠ ᠪᠠᠷ᠂  ᠮᠠᠨ ᠤ ᠤᠯᠤᠰ ᠤᠨ 23% ᠶᠢᠨ ᠬᠥᠮᠥᠨ ᠴᠢᠰᠤᠨ ᠳᠠᠷᠤᠯᠲᠠ ᠥᠨᠳᠥᠷ ᠪᠣᠯᠵᠤ᠂ ᠡᠪᠡᠳᠴᠢᠯᠡᠬᠦ ᠨᠤᠷᠮ᠎ᠠ ᠳᠡᠭᠡᠭᠰᠢᠯᠡᠬᠦ ᠬᠠᠨᠳᠤᠰᠢ ᠲᠠᠢ ᠪᠣᠯᠤᠭᠰᠠᠨ ᠪᠣᠯᠪᠠᠴᠤ ᠡᠮᠨᠡᠨ ᠵᠰᠠᠵᠤ ᠬᠢᠵᠠᠭᠠᠷᠯᠠᠬᠤ ᠨᠤᠷᠮ᠎ᠠ ᠢᠯᠡᠳᠲᠡ ᠳᠡᠭᠡᠭᠰᠢᠯᠡᠵᠦ᠂ 35.7% ᠪᠣᠯᠵᠠᠶ︔ ᠪᠦᠬᠦ ᠤᠯᠤᠰ ᠤᠨ ᠰᠢᠬᠢᠷ ᠰᠢᠵᠢᠩ ᠡᠪᠡᠳᠴᠢᠨ ᠤ ᠡᠪᠡᠳᠴᠢᠯᠡᠬᠦ ᠨᠤᠷᠮ᠎ᠠ ᠨᠢ ᠪᠠᠷᠤᠭ ᠨᠢᠭᠡ ᠬᠤᠪᠢ᠂ ᠭᠡᠪᠡᠴᠦ ᠵᠢᠷᠦᠬᠡ ᠴᠢᠰᠤᠨ ᠰᠤᠳᠠᠯ ᠤᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠨᠢ ᠭᠦᠢᠴᠡᠳ ᠪᠤᠰᠤ᠃ ᠭᠠᠷ ᠳᠠᠮᠵᠢᠭᠰᠠᠨ ᠲᠠᠮᠠᠬᠢ ᠯᠡᠪᠡᠷᠡᠬᠦ ᠨᠢ ᠨᠡᠯᠢᠶᠡᠳ ᠰᠠᠶᠢᠵᠢᠷᠠᠭᠰᠠᠨ ᠪᠣᠯᠪᠠᠴᠤ ᠲᠠᠮᠠᠬᠢ ᠲᠠᠲᠠᠬᠤ ᠬᠥᠮᠦᠨ ᠤ ᠲᠤᠭ᠎ᠠ ᠨᠡᠮᠡᠭᠳᠡᠵᠡᠶ︔ 2012 ᠣᠨ ᠳᠤ᠂ ᠪᠦᠬᠦ ᠤᠯᠤᠰ ᠤᠨ ᠥᠭᠡᠬᠦ ᠬᠠᠩᠭᠠᠬᠤ ᠴᠢᠳᠠᠪᠤᠷᠢ ᠶᠢᠨ ᠬᠠᠷᠢᠴᠠᠯ ᠶᠢᠨ ᠳᠤᠮᠳᠠᠴᠢ ᠬᠢᠷᠢ ᠬᠡᠮᠵᠢᠶ᠎ᠡ ᠨᠢ 32.9% ᠪᠣᠯᠵᠤ᠂ ᠲᠠᠨᠢᠯᠴᠠᠭᠤᠯᠬᠤ ᠬᠡᠮᠵᠢᠭᠳᠡᠯ ᠤᠨ ᠳᠡᠭᠡᠳᠦ ᠬᠢᠵᠠᠭᠠᠷ ᠢ ᠳᠠᠪᠠᠵᠤ᠂ ᠨᠡᠭᠦᠷᠡᠰᠦ ᠣᠰᠣᠨ ᠤ ᠨᠢᠭᠡᠳᠪᠦᠷᠢ  ᠶᠢᠨ ᠬᠠᠩᠭᠠᠬᠤ ᠴᠢᠳᠠᠪᠤᠷᠢ  ᠶᠢᠨ ᠬᠠᠷᠢᠴᠠᠯ   ᠨᠢ 5 % ᠪᠣᠯᠵᠤ ᠪᠠᠭᠤᠷᠠᠭᠠᠳ ᠲᠠᠨᠢᠯᠴᠠᠭᠤᠯᠬᠤ ᠬᠡᠮᠵᠢᠭᠳᠡᠯ   ᠤᠨ ᠳᠣᠣᠷ᠎ᠠ ᠬᠢᠵᠠᠭᠠᠷ ᠠᠴᠠ ᠪᠠᠭᠤᠷᠠᠵᠤ᠂  ᠨᠠᠲᠷᠢ ᠰᠢᠩᠭᠡᠭᠡᠨ ᠠᠪᠬᠤ ᠬᠡᠮᠵᠢᠶ᠎ᠡ ᠶᠢ ᠢᠳᠡᠰᠢᠨ ᠳᠠᠪᠤᠰᠤ   ᠪᠠᠷ ᠨᠤᠭᠤᠯᠵᠤ ᠪᠤᠳᠤᠪᠠᠯ  14.5 ᠭᠷᠠᠮ ᠪᠣᠯᠵᠤ᠂ ᠲᠠᠨᠢᠯᠴᠠᠭᠤᠯᠬᠤ ᠬᠡᠮᠵᠢᠭᠳᠡᠯ ᠤᠨ ᠨᠢᠭᠡ ᠲᠠᠬᠢᠨ ᠠᠴᠠ ᠳᠡᠭᠡᠭᠰᠢ ᠪᠣᠯᠤᠭᠰᠠᠨ ᠪᠠᠢᠨ᠎ᠠ᠃ ᠪᠡᠶ᠎ᠡ ᠶᠢᠨ ᠬᠦᠨᠳᠦ ᠶᠢ ᠬᠢᠵᠠᠭᠠᠷᠯᠠᠬᠤ ᠪᠠ ᠪᠡᠶ᠎ᠡ ᠶᠢᠨ ᠪᠣᠯᠪᠠᠰᠤᠷᠠᠯ ᠢ ᠴᠢᠩᠭᠠᠳᠬᠠᠬᠤ ᠶᠢ ᠴᠢᠬᠤᠯᠠᠴᠢᠯᠠᠬᠤ ᠬᠡᠷᠡᠭᠲᠡᠶ᠂ 2012 ᠣᠨ ᠳᠤ ᠮᠠᠨ ᠤ ᠤᠯᠤᠰ ᠤᠨ 18 ᠨᠠᠰᠤ ᠵᠢᠴᠢ 18 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠬᠦᠨᠳᠦᠴᠡ ᠶᠢᠨ ᠬᠡᠲᠦᠷᠡᠯᠲᠡ ᠶᠢᠨ ᠨᠣᠷᠮ᠎ᠠ ᠪᠠ ᠮᠠᠷᠢᠶᠠᠯᠠᠯᠲᠠ ᠶᠢᠨ ᠨᠣᠷᠮ᠎ᠠ ᠲᠤᠰ ᠲᠤᠰ 30.1 % ᠪᠠ 11.9% ᠪᠠᠶᠢᠵᠤ᠂ 2002 ᠣᠨ ᠤ ᠬᠢ ᠠᠴᠠ ᠲᠤᠰ ᠲᠤᠰ 7.3 % ᠪᠠ 4.8  % ᠪᠠᠷ ᠳᠡᠭᠡᠭᠰᠢᠯᠡᠭᠰᠡᠨ ᠪᠠᠶᠢᠨ᠎ᠠ᠃ ︽ᠮᠡᠳᠡᠭᠦᠯᠦᠯᠲᠡ︾ ᠠᠴᠠ ᠦᠵᠡᠪᠡᠯ᠂ 2016 ᠣᠨ ᠳᠤ᠂ ᠳᠤᠮᠳᠠᠳᠤ ᠤᠯᠤᠰ ᠤᠨ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠲᠡᠨ ᠡᠮᠨᠡᠯᠭᠡ ᠠᠴᠠ ᠭᠠᠷᠬᠤ ᠪᠥᠬᠦ ᠬᠥᠮᠦᠨ ᠤ ᠲᠤᠭ᠎ᠠ 2002.19 ᠲᠦᠮᠨ ᠪᠠᠶᠢᠵᠤ᠂ ᠠᠳᠠᠯᠢ ᠬᠤᠭᠤᠴᠠᠭᠠᠨ ᠤ ᠡᠮᠨᠡᠯᠭᠡ ᠠᠴᠠ ᠭᠠᠷᠬᠤ ᠪᠥᠬᠦ ᠬᠥᠮᠦᠨ ᠤ ᠲᠤᠭ᠎ᠠ ᠶᠢᠨ 12.57% ᠶᠢ ᠡᠵᠡᠯᠡᠵᠡᠶ᠂ ᠡᠭᠦᠨ ᠳᠤ ᠵᠢᠷᠦᠬᠡ ᠴᠢᠰᠤᠨ ᠰᠤᠳᠠᠯ ᠤᠨ ᠡᠪᠡᠳᠴᠢᠨ ᠪᠣᠯᠤᠨ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠲᠤᠰ ᠲᠤᠰ ᠪᠠᠷᠤᠭ ᠬᠠᠭᠠᠰ  ᠢ ᠨᠢ ᠡᠵᠡᠯᠡᠨ᠎ᠡ᠃ 1980 ᠣᠨ ᠠᠴᠠ 2016 ᠣᠨ ᠪᠣᠯᠲᠠᠯ᠎ᠠ᠂ ᠳᠤᠮᠳᠠᠳᠤ ᠤᠯᠤᠰ ᠤᠨ  ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠲᠡᠨ ᠤ ᠡᠮᠨᠡᠯᠭᠡ ᠠᠴᠠ ᠭᠠᠷᠬᠤ ᠬᠥᠮᠦᠨ ᠤ ᠲᠤᠭ᠎ᠠ ᠶᠢᠨ ᠵᠢᠯ ᠶᠢᠨ ᠳᠤᠮᠳᠠᠴᠢ ᠨᠡᠮᠡᠭᠳᠡᠯ ᠤᠨ ᠬᠤᠷᠳᠤᠴᠠ ᠨᠢ 9.85 % ᠪᠠᠶᠢᠵᠤ᠂ ᠠᠳᠠᠯᠢ ᠬᠤᠭᠤᠴᠠᠭᠠᠨ ᠤ ᠡᠮᠨᠡᠯᠭᠡ ᠠᠴᠠ ᠭᠠᠷᠬᠤ ᠪᠦᠬᠦ ᠬᠥᠮᠦᠨ ᠤ ᠲᠤᠭ᠎ᠠ ᠶᠢᠨ ᠵᠢᠯ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 6.33 % ᠲᠦᠷᠭᠡᠨ ᠪᠣᠯᠪᠠ᠃ 2016 ᠣᠨ ᠳᠤ᠂ ᠲᠦᠷᠭᠡᠨ ᠴᠢᠨᠠᠷᠲᠠᠶ ᠵᠢᠷᠦᠬᠡᠨ ᠪᠤᠯᠴᠢᠩ ᠤᠨ ᠡᠪᠡᠳᠴᠢᠲᠡᠨ ᠤ ᠡᠮᠨᠡᠯᠭᠡ ᠳᠤ ᠰᠠᠭᠤᠬᠤ ᠵᠠᠷᠤᠳᠠᠯ ᠨᠢ ᠪᠠᠷᠤᠭ ᠳᠤᠮᠳᠠᠴᠢ ᠪᠠᠷ 2.6 ᠲᠦᠮᠡᠨ ᠲᠥᠭᠦᠷᠢᠭ᠂ ᠭᠠᠪᠠᠯᠠ ᠶᠢᠨ ᠳᠣᠲᠣᠷ᠎ᠠ ᠴᠢᠰᠤ  ᠭᠠᠷᠬᠤ ᠡᠪᠡᠳᠴᠢᠲᠡᠨ ᠤ ᠡᠮᠨᠡᠯᠭᠡ ᠳᠤ ᠰᠠᠭᠤᠬᠤ ᠵᠠᠷᠤᠳᠠᠯ  ᠨᠢ1.8 ᠲᠦᠮᠡᠨ ᠲᠥᠭᠦᠷᠢᠭ᠂    ᠳᠠᠷᠢᠬᠢᠨ ᠤ ᠲᠦᠭᠵᠢᠷᠡᠯ ‍ᠤᠨ‌ᠡᠪᠡᠳᠴᠢᠲᠡᠨ ᠤ ᠡᠮᠨᠡᠯᠭᠡ ᠳᠤ ᠰᠠᠭᠤᠬᠤ ᠵᠠᠷᠤᠳᠠᠯ  ᠨᠢ 9387 ᠲᠥᠭᠦᠷᠢᠭ᠃ 2004 ᠣᠨ ᠠᠴᠠ  ᠨᠠᠭᠠᠰᠢ᠂ ᠮᠠᠨ ᠤ ᠤᠯᠤᠰ ᠤᠨ  ᠲᠦᠷᠭᠡᠨ ᠴᠢᠨᠠᠷᠲᠠᠶ ᠵᠢᠷᠦᠬᠡᠨ ᠪᠤᠯᠴᠢᠩ᠂ ᠭᠠᠪᠠᠯᠠ ᠶᠢᠨ ᠳᠣᠲᠣᠷ᠎ᠠ ᠴᠢᠰᠤ ᠭᠠᠷᠬᠤ᠂ ᠲᠠᠷᠢᠬᠢᠨ ᠲᠦᠭᠵᠢᠷᠡᠯ ᠤᠨ ᠡᠮᠨᠡᠯᠭᠡ ᠳᠤ ᠰᠠᠭᠤᠬᠤ ᠪᠦᠬᠦ ᠵᠠᠷᠤᠳᠠᠯ ᠤᠨ ᠵᠢᠯ ᠶᠢᠨ ᠳᠤᠮᠳᠠᠴᠢ ᠨᠡᠮᠡᠭᠳᠡᠯ ᠤᠨ ᠬᠤᠷᠳᠤᠴᠠ ᠨᠢ ᠲᠤᠰ ᠲᠤᠰ 29.15 %᠂ 16.88% ᠪᠠ 22.24% ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号