ᠦᠨᠳᠦᠷ ᠵᠡᠷᠬᠡ ᠶᠢᠨ ᠰᠢᠬᠦᠬᠦ ᠬᠤᠷᠢᠶᠡᠨ ᠤ《ᠨᠢᠬᠡᠳᠦᠭᠡᠷ ᠲᠤᠭᠠᠳᠤ ᠪᠠᠶᠢᠴᠠᠭᠠᠬᠤ ᠰᠠᠨᠠᠭᠤᠯᠭ᠎ᠠ》ᠪᠠ《ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ》ᠲᠤᠰᠬᠠᠢ ᠲᠡᠮᠡᠴᠡᠯ ᠢ ᠬᠦᠨᠵᠡᠭᠡᠶᠢᠷᠡᠬᠦᠯᠬᠦ ᠶᠢ ᠠᠬᠢᠭᠤᠯᠵᠤ᠂ | ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠬᠤᠷᠢᠶᠠᠨ ᠤ ᠠᠵᠢᠯ ᠢ ᠡᠷᠡᠬᠦᠯ ᠢᠶᠠᠷ ᠬᠦᠭᠵᠢᠬᠦᠯᠤᠨ᠂ | ᠨᠠᠰᠤᠨ ᠳᠤ ᠦᠯᠦ ᠬᠦᠷᠦᠭᠰᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠠᠮᠳᠤ ᠶᠢᠨ ᠬᠦᠴᠦ ᠶᠢ | ᠪᠦᠷᠢᠳᠤᠭᠦᠯᠬᠦ ᠶᠢᠨ ᠲᠦᠯᠦᠭᠡ᠂ 5 ᠰᠠᠷ᠎ᠠ ᠶᠢᠨ 24—28 ᠤ ᠡᠳᠦᠷ ᠪᠤᠯᠳᠠᠯ᠎ᠠ᠂ ᠬᠠᠷᠠᠴᠢᠨ ᠬᠤᠰᠢᠭᠤᠨ ᠤ | ᠪᠠᠶᠢᠴᠠᠭᠠᠬᠤ ᠬᠤᠷᠢᠶ᠎ᠠ《ᠭᠠᠷ ᠢᠶᠠᠨ ᠬᠤᠯᠪᠤᠯᠴᠠᠨ ᠬᠠᠶᠢᠷ᠎ᠠ ᠬᠠᠯᠠᠮᠵᠯᠠᠯ ᠬᠦᠷᠳᠡᠬᠡᠵᠤ᠂ ᠢᠷᠡᠭᠡᠳᠦᠢ ᠪᠠᠨ ᠬᠠᠮᠳᠤᠪᠠᠷ | ᠬᠠᠮᠠᠭᠠᠯᠠᠬᠤ》 ᠪᠠᠷ ᠭᠤᠤᠯ ᠠᠭᠤᠯᠭ᠎ᠠ ᠪᠤᠯᠭᠠᠭᠰᠠᠨ ᠪᠠᠶᠢᠴᠠᠭᠠᠬᠤ ᠬᠤᠷᠢᠶ᠎ᠠ ᠪᠠᠶᠢᠴᠠᠭᠠᠯᠳᠠ ᠶᠢᠨ ᠨᠡᠬᠡᠬᠡᠯᠳᠡ ᠬᠢᠬᠦ | ᠡᠳᠦᠷ ᠤᠨ ᠰᠢᠷᠢᠰ ᠠᠵᠢᠯᠯᠠᠭ᠎ᠠ ᠡᠷᠬᠢᠯᠡᠪᠡ᠃ | ᠨᠢᠬᠡ ᠳᠤ᠂ ᠬᠠᠤᠯᠢ ᠵᠠᠰᠠᠭᠯᠠᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠬᠦᠳᠡᠯᠬᠡᠬᠡᠨ ᠢ ᠦᠷᠨᠢᠬᠦᠯᠪᠡ᠃ 5 | ᠰᠠᠷ᠎ᠠ ᠶᠢᠨ 24 ᠤ ᠡᠳᠦᠷ ᠠᠴᠠ ᠨᠠᠰᠢ᠂ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠭᠴᠢ ᠨᠡᠷ ᠵᠢᠨᠱᠠᠨ | ᠲᠤᠷᠰᠢᠯᠳᠠ ᠶᠢᠨ ᠪᠠᠭ᠎ᠠ ᠰᠤᠷᠭᠠᠭᠤᠯᠢ᠂ ᠵᠢᠨᠱᠠᠨ ᠭᠤᠷᠪᠠᠳᠤᠭᠠᠷ ᠲᠤᠮᠳᠠᠳᠤ ᠰᠤᠷᠭᠠᠭᠤᠯᠢ᠂ ᠤᠯᠠᠭᠠᠨᠬᠠᠳᠠ ᠶᠢᠨ | ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ᠂ ᠵᠢᠨᠱᠠᠨ ᠲᠠᠪᠤᠳᠤᠭᠠᠷ ᠲᠤᠮᠳᠠᠳᠤ ᠰᠤᠷᠭᠠᠭᠤᠯᠢ ᠵᠡᠷᠭᠡ ᠰᠤᠷᠭᠠᠭᠤᠯᠢ | ᠨᠤᠭᠤᠳ ᠲᠤ ᠬᠦᠷᠴᠦ《ᠭᠠᠷ ᠢᠶᠠᠨ ᠬᠤᠯᠪᠤᠯᠴᠠᠨ ᠬᠠᠶᠢᠷ᠎ᠠ ᠬᠠᠯᠠᠮᠵᠯᠠᠯ ᠬᠦᠷᠳᠡᠬᠡᠵᠤ᠂ ᠢᠷᠡᠭᠡᠳᠦᠢ ᠪᠠᠨ ᠬᠠᠮᠳᠤᠪᠠᠷ | ᠬᠠᠮᠠᠭᠠᠯᠠᠬᠤ》 ᠪᠠᠷ ᠭᠤᠤᠯ ᠰᠡᠳᠤᠪ ᠪᠤᠯᠭᠠᠵᠥ᠂ ᠪᠠᠭᠰᠢ ᠰᠤᠷᠤᠭᠴᠢᠳ ᠲᠤ ᠬᠠᠤᠯᠢ ᠵᠠᠰᠠᠭᠯᠠᠯ ᠤᠨ ᠠᠮᠢᠳᠤᠯᠢᠭ | ᠬᠢᠴᠢᠶᠡᠯ ᠬᠢᠪᠡ᠃ ᠪᠠᠶᠢᠴᠠᠭᠠᠭᠴᠢ ᠨᠠᠷ ᠦᠨᠳᠦᠷ ᠵᠡᠷᠬᠡ ᠶᠢᠨ ᠰᠢᠬᠦᠬᠦ ᠬᠤᠷᠢᠶᠡᠨ ᠤ《ᠨᠢᠬᠡᠳᠦᠭᠡᠷ ᠲᠤᠭᠠᠳᠤ | ᠪᠠᠶᠢᠴᠠᠭᠠᠬᠤ ᠰᠠᠨᠠᠭᠤᠯᠭ᠎ᠠ》 ᠲᠠᠢ ᠤᠶᠠᠯᠳᠤᠭᠤᠯᠵᠤ᠂ ᠦᠨᠡᠨ ᠪᠤᠳᠠᠳᠠᠢ ᠨᠡᠶᠢᠳᠡᠯᠢᠭ ᠬᠡᠷᠡᠭ ᠤᠨ ᠵᠢᠱᠢᠶ᠎ᠡ ᠪᠠᠷ | ᠰᠦᠪᠡᠭᠴᠢ ᠪᠤᠯᠭᠠᠵᠤ᠂ ᠪᠠᠭᠰᠢ ᠰᠤᠷᠤᠭᠴᠢᠳ ᠲᠤ ᠨᠠᠰᠤᠨ ᠳᠤ ᠦᠯᠦ ᠬᠦᠷᠦᠭᠰᠡᠳ ᠤᠨ ᠪᠡᠯᠭᠡ ᠶᠢᠨ | ᠬᠠᠯᠳᠠᠯᠭ᠎ᠠ ᠳᠤ ᠤᠴᠠᠷᠠᠬᠤ ᠵᠢᠴᠢ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠡᠯ ᠭᠤᠳᠤᠭᠠᠯ ᠵᠡᠷᠭᠡ ᠠᠭᠤᠯᠭ᠎ᠠ ᠶᠢ | ᠲᠠᠶᠢᠯᠪᠤᠷᠢᠯᠠᠨ᠂ ᠰᠤᠷᠤᠭᠴᠢᠳ ᠡᠳᠦᠷ ᠲᠤᠳᠤᠮ ᠤᠨ ᠠᠮᠢᠳᠤᠷᠠᠯ ᠰᠤᠷᠤᠯᠴᠠᠯᠭ᠎ᠠ ᠲᠤᠮᠳᠠ ᠪᠠᠨ ᠦᠪᠡᠷ ᠢ ᠪᠠᠨ | ᠬᠠᠮᠠᠭᠠᠯᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠡᠷᠡᠰ ᠬᠤᠷᠢᠭᠯᠠᠬᠤ ᠬᠡᠷᠡᠭᠳᠡᠢ | ᠬᠡᠵᠥ ᠰᠠᠨᠠᠭᠤᠯᠪᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠦᠳᠦᠭᠡᠨ ᠪᠠᠶᠢᠭᠤᠯᠤᠯᠳᠠ ᠶᠢ | ᠢᠳᠡᠪᠬᠢᠳᠡᠢ ᠠᠬᠢᠭᠤᠯᠵᠤ᠂ ᠪᠠᠭᠰᠢ ᠠᠵᠢᠯᠳᠠᠨ ᠤ ᠨᠠᠰᠤᠨ ᠳᠤ ᠦᠯᠦ ᠬᠦᠷᠦᠭᠰᠡᠳ ᠢ ᠪᠡᠯᠭᠡ ᠶᠢᠨ ᠬᠠᠯᠳᠠᠯᠭ᠎ᠠ ᠬᠢᠬᠦ | ᠶᠢ ᠰᠡᠷᠬᠡᠶᠢᠯᠡᠵᠥ ᠪᠠᠭᠠᠰᠬᠠᠬᠤ ᠶᠢ ᠰᠤᠷᠭᠠᠭᠤᠯᠢ ᠶᠢᠨ ᠲᠠᠯ᠎ᠠ ᠳᠤ ᠰᠠᠨᠠᠯ ᠲᠤᠷᠠᠳᠪᠠ᠃ | ᠬᠤᠶᠠᠷ ᠲᠤ᠂ ᠪᠠᠭᠰᠢ ᠰᠤᠷᠤᠭᠴᠢᠳ ᠢ ᠤᠷᠢᠵᠤ ᠪᠠᠶᠢᠴᠠᠭᠠᠬᠤ ᠬᠤᠷᠢᠶᠠᠨ ᠳᠤ ᠲᠤᠭᠤᠷᠢᠨ ᠦᠵᠡᠬᠦᠯᠪᠡ᠃ 5 ᠰᠠᠷ᠎ᠠ | ᠶᠢᠨ 27 ᠤ ᠡᠳᠦᠷ ᠤᠨ ᠦᠳᠡ ᠶᠢᠨ ᠡᠮᠦᠨ᠎ᠡ᠂ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠯᠪᠠᠨ ᠭᠡᠷ | ᠠᠴᠠ 20 ᠭᠠᠷᠤᠢ ᠪᠠᠭᠰᠢ ᠰᠤᠷᠤᠭᠴᠢᠳ ᠢ ᠪᠠᠶᠢᠴᠠᠭᠠᠬᠤ ᠬᠤᠷᠢᠶᠡᠨ ᠳᠤ ᠤᠷᠢᠵᠤ᠂ ᠨᠠᠰᠤᠨ ᠳᠤ ᠦᠯᠦ | ᠬᠦᠷᠦᠭᠰᠡᠳ ᠤᠨ ᠪᠠᠶᠢᠴᠠᠭᠠᠬᠤ ᠠᠵᠢᠯ ᠤᠨ ᠬᠡᠷᠡᠭ ᠰᠢᠳᠪᠤᠷᠢᠯᠡᠬᠦ ᠲᠤᠭᠤᠷᠢᠭ ᠢ ᠲᠤᠭᠤᠷᠢᠨ ᠦᠵᠡᠬᠦᠯᠵᠥ᠂ ᠬᠠᠤᠯᠢ | ᠲᠦᠬᠡᠮᠡᠯᠵᠢᠬᠦᠯᠬᠦ ᠮᠠᠲ᠋ᠧᠷᠢᠶᠡᠯ ᠲᠠᠷᠬᠠᠭᠠᠪᠠ᠃ ᠰᠤᠷᠤᠭᠴᠢᠳ ᠲᠤᠭᠤᠷᠢᠨ ᠦᠵᠡᠭᠰᠡᠨ ᠭᠠᠵᠠᠷ ᠪᠤᠯᠭᠠᠨ ᠢ ᠰᠤᠨᠢᠷᠬᠠᠨ | ᠦᠵᠡᠵᠦ ᠠᠰᠭᠤᠯᠳᠠ ᠲᠠᠯᠪᠢᠨ᠂ ᠪᠠᠶᠢᠴᠠᠭᠠᠬᠤ ᠬᠤᠷᠢᠶᠠᠨ ᠤ ᠲᠤᠬᠠᠢ ᠨᠡᠩ ᠤᠯᠠᠨ ᠤᠶᠢᠯᠠᠭᠠᠯᠳᠠ ᠲᠠᠢ ᠪᠤᠯᠬᠤ ᠶᠢ | ᠬᠦᠰᠡᠵᠤ ᠪᠠᠶᠢᠯ᠎ᠠ᠃ | ᠭᠤᠷᠪᠠ ᠲᠤ᠂ ᠰᠠᠭᠤᠳᠠᠯ ᠤᠨ ᠬᠤᠷᠠᠯ ᠬᠢᠪᠡ᠃ 5 ᠰᠠᠷ᠎ᠠ ᠶᠢᠨ 27 ᠤ ᠡᠳᠦᠷ ᠤᠨ ᠦᠳᠡ ᠶᠢᠨ | ᠬᠤᠶᠢᠨ᠎ᠠ᠂ ᠪᠠᠶᠢᠴᠠᠭᠠᠬᠤ ᠬᠤᠷᠢᠶ᠎ᠠ ᠠᠴᠠ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ᠂ ᠡᠪᠯᠡᠯ ᠤᠨ | ᠬᠤᠷᠢᠶ᠎ᠠ᠂ ᠡᠮᠡᠭᠳᠡᠶᠢᠴᠦᠳ ᠤᠨ ᠬᠤᠯᠪᠤᠭᠠᠳᠤ ᠬᠤᠷᠠᠯ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠢ ᠤᠷᠢᠵᠤ᠂《ᠭᠠᠷ ᠢᠶᠠᠨ ᠬᠤᠯᠪᠤᠯᠴᠠᠨ ᠬᠠᠶᠢᠷ᠎ᠠ ᠬᠠᠯᠠᠮᠵᠯᠠᠯ | ᠬᠦᠷᠳᠡᠬᠡᠵᠤ᠂ ᠢᠷᠡᠭᠡᠳᠦᠢ ᠪᠠᠨ ᠬᠠᠮᠳᠤᠪᠠᠷ ᠬᠠᠮᠠᠭᠠᠯᠠᠬᠤ》ᠭᠤᠤᠯ ᠰᠡᠳᠤᠪᠳᠤ ᠰᠠᠭᠤᠳᠠᠯ ᠤᠨ ᠬᠤᠷᠠᠯ | ᠬᠤᠷᠠᠯᠳᠤᠭᠤᠯᠪᠠ᠃ ᠬᠤᠷᠠᠯ ᠲᠡᠭᠡᠷ᠎ᠡ᠂ ᠵᠠᠩ ᠳ᠋ᠦᠩ ᠪᠠᠶᠢᠴᠠᠭᠠᠬᠤ ᠲᠠᠷᠤᠭ᠎ᠠ ᠠᠴᠠ ᠪᠠᠶᠢᠴᠠᠭᠠᠬᠤ ᠬᠤᠷᠢᠶᠠᠨ ᠤ | ᠠᠵᠢᠯ᠂ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠲᠤᠬᠠᠢ ᠲᠠᠨᠢᠯᠴᠠᠭᠤᠯᠤᠨ᠂ ᠦᠨᠳᠦᠷ ᠵᠡᠷᠬᠡ | ᠶᠢᠨ ᠰᠢᠬᠦᠬᠦ ᠬᠤᠷᠢᠶᠠᠨ ᠤ《ᠨᠢᠬᠡᠳᠦᠭᠡᠷ ᠲᠤᠭᠠᠳᠤ ᠪᠠᠶᠢᠴᠠᠭᠠᠬᠤ ᠰᠠᠨᠠᠭᠤᠯᠭ᠎ᠠ》 ᠶᠢ ᠨᠠᠷᠢᠯᠢᠭ ᠲᠠᠶᠢᠯᠪᠤᠷᠢᠯᠠᠯᠳᠠ | ᠬᠢᠪᠠ᠃ ᠲᠦᠯᠦᠭᠡᠯᠡᠭᠴᠢᠳ ᠠᠴᠠ ᠪᠠᠶᠢᠴᠠᠭᠠᠬᠤ ᠬᠤᠷᠢᠶ᠎ᠠ ᠨᠢ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ | ᠠᠵᠢᠯ ᠤᠨ ᠲᠠᠯ᠎ᠠ ᠪᠠᠷ ᠤᠯᠤᠭᠰᠠᠨ ᠠᠮᠵᠢᠯᠳᠠ ᠶᠢ ᠨᠤᠳᠠᠯᠠᠨ ᠮᠠᠭᠳᠠᠪᠠ᠃ ᠡᠬᠦᠨ ᠤ ᠬᠠᠮᠳᠤ᠂ ᠨᠠᠰᠤᠨ ᠳᠤ ᠦᠯᠦ | ᠬᠦᠷᠦᠭᠰᠡᠳ ᠤᠨ ᠪᠠᠶᠢᠴᠠᠭᠠᠬᠤ ᠠᠵᠢᠯ᠂ ᠬᠤᠶᠢᠴᠢ ᠦᠶ᠎ᠡ ᠶᠢ ᠡᠷᠡᠬᠦᠯ ᠢᠶᠠᠷ ᠦᠰᠦᠨ ᠪᠤᠶᠢᠵᠢᠬᠤ ᠶᠢ ᠨᠡᠩ ᠰᠠᠶᠢᠳᠤᠷ | ᠬᠠᠯᠠᠮᠵᠢᠯᠠᠵᠤ᠂ ᠨᠠᠰᠤᠨ ᠳᠤ ᠦᠯᠦ ᠭᠦᠷᠦᠭᠰᠡᠳ ᠲᠤ ᠬᠠᠤᠯᠢ ᠶᠢᠨ ᠪᠠᠳᠤᠯᠠᠭ᠎ᠠ ᠬᠠᠩᠭᠠᠬᠤ ᠵᠡᠷᠬᠡ ᠲᠡᠯ᠎ᠡ ᠪᠠᠷ ᠰᠠᠨᠠᠯ | ᠰᠠᠨᠠᠭᠤᠯᠭ᠎ᠠ ᠲᠤᠷᠠᠳᠪᠠ᠃ | | | | |