ᠬᠠᠷᠠᠴᠢᠨ ᠬᠤᠰᠢᠭᠤᠨ ᠤ ᠤᠢ ᠰᠢᠭᠤᠢ ᠶᠢᠨ ᠲᠤᠳᠤᠭᠠᠳᠤ ᠶᠢ ᠬᠠᠮᠠᠭᠠᠯᠬᠤ ᠲᠤᠪᠴᠢᠶ᠎ᠠ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠪᠠᠶᠢᠴᠠᠭᠠᠯᠳᠠ ᠶᠢ ᠦᠷᠨᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2019/6/10
 ᠤᠶᠢᠷ᠎ᠠ ᠶᠢᠨ ᠡᠳᠦᠷ᠂ ᠬᠠᠷᠠᠴᠢᠨ ᠬᠤᠰᠢᠭᠤᠨ ᠤ ᠤᠢ ᠰᠢᠭᠤᠢ ᠶᠢᠨ ᠲᠤᠳᠤᠭᠠᠳᠤ ᠶᠢ ᠬᠠᠮᠠᠭᠠᠯᠬᠤ ᠲᠤᠪᠴᠢᠶ᠎ᠠ ᠨᠢ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠤᠯᠪᠤᠭᠠᠯᠠᠨ ᠰᠢᠶᠠᠩ ᠪᠠᠯᠭᠠᠰᠤᠨ ᠳᠤ ᠬᠦᠨᠵᠡᠬᠡᠶᠢᠷᠡᠨ᠂ ᠵᠠᠬ᠎ᠠ ᠲᠠᠯᠭᠡᠭᠦᠷ᠂ ᠬᠤᠭᠤᠯᠠᠨ ᠬᠡᠷ᠂ ᠵᠤᠴᠢᠳ ᠤᠨ ᠪᠠᠭᠤᠳᠠᠯ᠂ ᠲᠠᠷᠢᠶᠠᠴᠢᠨ ᠡᠷᠦᠬᠡ ᠶᠢᠨ ᠪᠠᠶᠠᠰᠤᠯ ᠵᠡᠷᠬᠡ ᠢᠳᠡᠭᠡᠨ ᠤᠮᠳᠠᠭᠠᠨ ᠤ ᠵᠠᠬ᠎ᠠ ᠲᠡᠯᠭᠡᠭᠦᠷ ᠲᠤ ᠬᠡᠬᠡᠷ᠎ᠡ ᠶᠢᠨ ᠠᠮᠢᠳᠠᠨ ᠤᠷᠭᠤᠮᠠᠯ ᠶᠢᠨ ᠡᠬᠢ ᠪᠠᠶᠠᠯᠢᠭ ᠢ ᠬᠠᠮᠠᠭᠠᠯᠠᠬᠤ ᠶᠡᠭᠡ ᠪᠠᠶᠢᠴᠠᠭᠠᠯᠳᠠ ᠶᠢ ᠦᠷᠨᠢᠬᠦᠯᠦᠭᠰᠡᠨ ᠪᠠ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠬᠢᠪᠠ᠃ ᠤᠶᠢᠯᠠᠭᠠᠭᠰᠠᠨ ᠢᠶᠠᠷ᠂ 2019 ᠤᠨ ᠠᠴᠠ ᠨᠠᠰᠢ᠂ ᠬᠤᠰᠢᠭᠤᠨ ᠤ  ᠤᠢ ᠰᠢᠭᠤᠢ ᠶᠢᠨ ᠲᠤᠳᠤᠭᠠᠳᠤ ᠶᠢ ᠬᠠᠮᠠᠭᠠᠯᠬᠤ ᠲᠤᠪᠴᠢᠶ᠎ᠠ ᠨᠢ ᠰᠢ ᠶᠢᠨ ᠫᠢᠩ ᠶᠡᠷᠦᠩᠭᠡᠢ ᠱᠦᠵᠢ ᠶᠢᠨ《ᠤᠯᠤᠰ ᠲᠦᠷᠦ ᠪᠠᠷ ᠴᠠᠭᠳᠠᠭ᠎ᠠ ᠪᠠᠨ ᠪᠠᠶᠢᠭᠤᠯᠵᠥ᠂ ᠦᠭᠡᠷᠡᠴᠢᠯᠡᠯᠳᠡ ᠪᠠᠷ ᠴᠠᠭᠳᠠᠭ᠎ᠠ ᠪᠠᠨ ᠬᠦᠴᠦᠷᠭᠡᠭᠵᠢᠬᠦᠯᠵᠥ᠂ ᠰᠢᠨᠵᠢᠯᠡᠬᠦ ᠮᠡᠷᠬᠡᠵᠢᠯ ᠢᠶᠠᠷ ᠴᠠᠭᠳᠠᠭ᠎ᠠ  ᠪᠠᠨ ᠮᠠᠨᠳᠤᠭᠤᠯᠵᠥ᠂ ᠴᠠᠭᠳᠠᠭ᠎ᠠ ᠪᠠᠨ ᠴᠢᠩᠭ᠎ᠠ ᠵᠠᠰᠠᠬᠤ》ᠲᠤᠬᠠᠢ ᠲᠤᠳᠤᠭᠠᠳᠤ ᠶᠢ ᠬᠠᠮᠠᠭᠠᠯᠬᠤ ᠠᠵᠢᠯ   ᠤᠨ ᠴᠢᠭᠯᠡᠯᠳᠠ ᠶᠢ ᠲᠤᠤᠱᠯᠠᠭᠤᠯᠵᠤ᠂ ᠬᠠᠪᠤᠷ ᠤᠨ ᠤᠯᠠᠷᠢᠯ ᠳᠤ ᠬᠠᠤᠯᠢ ᠵᠦᠷᠢᠴᠡᠨ ᠬᠡᠬᠡᠷ᠎ᠡ ᠭᠠᠯ ᠬᠡᠷᠡᠭᠯᠡᠬᠦ᠂ ᠤᠰᠠᠳᠤᠮᠠᠷ ᠪᠠᠶᠢᠭ᠎ᠠ ᠬᠡᠬᠡᠷ᠎ᠡ ᠶᠢᠨ ᠠᠮᠢᠳᠠᠨ ᠤᠷᠭᠤᠮᠠᠯ ᠢ ᠬᠠᠤᠯᠢ ᠵᠦᠷᠢᠴᠡᠨ ᠠᠩᠨᠠᠵᠤ ᠠᠪᠠᠯᠠᠬᠤ᠂ ᠨᠤᠭᠤᠭᠠᠷᠠᠭᠤᠯᠤᠯᠳᠠ ᠶᠢ ᠬᠠᠮᠠᠭᠠᠯᠠᠬᠤ 2019 ᠤᠨ ᠤᠢ ᠰᠢᠭᠤᠢ ᠨᠤᠳᠤᠭ ᠪᠡᠯᠴᠢᠭᠡᠷ ᠤᠨ ᠬᠠᠤᠯᠢ ᠬᠡᠷᠡᠭᠵᠢᠬᠦᠯᠬᠦ᠂ ᠤᠢ ᠰᠢᠭᠤᠢ ᠨᠤᠳᠤᠭ ᠪᠡᠯᠴᠢᠭᠡᠷ ᠢ ᠡᠪᠳᠡᠬᠦ᠂ ᠤᠷᠴᠢᠨ ᠲᠤᠭᠤᠷᠢᠨ ᠤ ᠬᠠᠮᠠᠭᠠᠯᠠᠯᠳᠠ ᠲᠠᠢ ᠬᠤᠯᠪᠤᠭᠳᠠᠭᠰᠠᠨ ᠬᠠᠷᠬᠢᠰ ᠠᠵᠢᠯᠯᠠᠭ᠎ᠠ᠂ ᠨᠡᠭᠦᠳᠡᠯ ᠰᠢᠪᠠᠭᠤ ᠶᠢ ᠬᠠᠮᠠᠭᠠᠯᠠᠬᠤ ᠵᠡᠷᠬᠡ ᠵᠢᠷᠭᠤᠭᠠᠨ ᠲᠤᠰᠬᠠᠢ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠬᠦᠯᠪᠡ᠃ ᠤᠳᠤᠬᠠᠨ ᠪᠤᠯᠳᠠᠯ᠎ᠠ᠂ ᠤᠢ ᠰᠢᠭᠤᠢ ᠶᠢᠨ ᠬᠠᠮᠠᠭᠠᠯᠠᠯᠳᠠ ᠳᠤ ᠬᠤᠯᠪᠤᠭᠳᠠᠭᠰᠠᠨ 167 ᠬᠡᠷᠡᠭ ᠢ ᠪᠠᠶᠢᠴᠠᠭᠠᠨ ᠢᠯᠡᠷᠡᠬᠦᠯᠵᠥ᠂  ᠬᠠᠤᠯᠢ ᠵᠦᠷᠢᠴᠡᠭᠰᠡᠨ 160 ᠬᠦᠮᠦᠨ ᠳᠤ ᠴᠤᠬᠢᠯᠳᠠ ᠦᠭᠴᠦ᠂ 62 ᠬᠦᠮᠦᠨ ᠢ ᠠᠮᠤᠷ ᠢ ᠬᠠᠮᠠᠭᠠᠯᠬᠤ ᠲᠦᠷ ᠬᠤᠷᠢᠬᠤ ᠪᠠᠷ ᠰᠢᠳᠬᠡᠨ᠂ 11 ᠭᠡᠷᠡᠭ 12 ᠬᠦᠮᠦᠨ ᠢ ᠪᠠᠶᠢᠴᠠᠭᠠᠬᠤ ᠬᠤᠷᠢᠶᠠᠨ ᠳᠤ ᠰᠢᠯᠵᠢᠬᠦᠯᠦᠨ ᠦᠭᠪᠡ᠂ ᠮᠢᠩᠭ᠎ᠠ ᠭᠠᠷᠤᠢ ᠮᠤ᠋ ᠶᠢ ᠬᠤᠷᠢᠶᠠᠨ ᠠᠪᠴᠦ ᠤᠢ ᠮᠤᠳᠤ ᠶᠢ ᠰᠡᠷᠭᠦᠭᠡᠵᠥ᠂ ᠤᠢ ᠰᠢᠭᠤᠢ ᠨᠤᠳᠤᠭ ᠪᠡᠯᠴᠢᠭᠡᠷ ᠪᠠ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠶᠠᠯᠠᠳᠤ ᠠᠵᠢᠯᠯᠠᠭ᠎ᠠ ᠶᠢ ᠡᠷᠴᠢᠮᠳᠠᠢ ᠬᠤᠷᠢᠭᠯᠠᠨ᠂ ᠬᠦᠬᠡ ᠠᠭᠤᠯᠠ ᠬᠦᠬᠡᠮᠳᠦᠭ ᠤᠰᠤ ᠪᠠᠨ ᠬᠠᠮᠠᠭᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号