ᠬᠤᠰᠢᠭᠤᠨ ᠤ ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠄《 ᠴᠤᠩᠬᠤ》 ᠪᠠᠨ ᠴᠡᠪᠡᠷᠬᠡᠨ ᠠᠷᠴᠢᠵᠤ ᠠᠷᠠᠳ ᠲᠦᠮᠡᠨ ᠳᠤ ᠦᠢᠯᠡᠴᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2019/6/10
ᠤᠯᠠᠨ ᠲᠦᠮᠡᠨ ᠳᠤ ᠨᠡᠩ ᠰᠠᠶᠢᠨ ᠦᠢᠯᠡᠴᠢᠯᠡᠵᠤ᠂ ᠲᠠᠩᠰᠠᠯᠠᠬᠤ ᠵᠦᠪᠰᠢᠶᠡᠷᠡᠯ ᠤᠨ《ᠰᠤᠯᠠᠯᠠᠬᠤ ᠬᠠᠮᠢᠶᠠᠷᠬᠤ ᠦᠢᠯᠡᠴᠢᠯᠡᠬᠦ》ᠠᠵᠢᠯ ᠤᠨ ᠪᠠᠶᠢᠷᠢᠯᠠᠭᠤᠯᠤᠯᠳᠠ ᠶᠢ ᠲᠤᠤᠱᠯᠠᠭᠤᠯᠬᠤ ᠶᠢᠨ ᠲᠦᠯᠦᠭᠡ᠂ 5 ᠰᠠᠷ᠎ᠠ ᠶᠢᠨ 28 ᠤ ᠡᠳᠦᠷ ᠂ ᠬᠤᠰᠢᠭᠤᠨ ᠤ ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠠᠴᠠ ᠴᠤᠩᠬᠤ ᠶᠢᠨ ᠪᠦᠬᠦ ᠠᠵᠢᠯᠳᠠᠨ ᠢᠶᠠᠨ ᠲᠦᠪᠯᠡᠷᠡᠬᠦᠯᠦᠨ ᠰᠤᠷᠤᠯᠴᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠬᠡ ᠠᠯᠬᠤᠮ ᠨᠢᠭᠡᠳᠬᠡᠵᠤ᠂ ᠠᠵᠢᠯ ᠤᠨ ᠬᠠᠷᠠᠯᠳᠠ ᠪᠠᠨ ᠲᠤᠳᠤᠷᠬᠠᠶᠢᠯᠠᠪᠠ᠃ᠬᠤᠶᠢᠰᠢᠳᠠ ᠶᠢᠨ ᠠᠵᠢᠯ ᠲᠤᠮᠳᠠ ᠪᠠᠨ ᠶᠠᠭᠤᠨ ᠤ ᠲᠡᠷᠢᠬᠦᠨ ᠳᠤ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠥ᠂ ᠲᠠᠩᠰᠠᠯᠠᠬᠤ ᠵᠦᠪᠰᠢᠶᠡᠷᠡᠯ ᠤᠨ ᠦᠢᠯᠡᠴᠢᠯᠡᠬᠡᠨ ᠢᠶᠠᠨ ᠲᠦᠷᠢᠮᠵᠢᠬᠦᠯᠦᠨ᠂ ᠴᠤᠩᠬᠤ ᠶᠢ ᠨᠡᠶᠢᠯᠡᠬᠦᠯᠬᠦ ᠬᠤᠭᠤᠴᠠᠭᠠᠨ ᠳᠤ ᠠᠵᠢᠯ ᠤᠨ ᠡᠬᠦᠷᠬᠡ ᠬᠠᠷᠢᠭᠤᠴᠠᠯᠭ᠎ᠠ ᠪᠠᠨ ᠨᠢᠮᠪᠡᠢ ᠬᠦᠢᠴᠡᠳᠬᠡᠵᠤ᠂ ᠲᠠᠩᠰᠠᠯᠠᠨ ᠵᠦᠪᠰᠢᠶᠡᠷᠡᠬᠦ ᠡᠯ᠎ᠡ ᠵᠦᠢᠯ ᠤᠨ ᠠᠵᠢᠯ ᠢᠶᠠᠨ ᠨᠡᠩ ᠲᠡᠭᠡᠳᠦ ᠱᠠᠳᠤᠨ ᠳᠤ ᠲᠠᠪᠰᠢᠭᠤᠯᠬᠤ ᠶᠢ ᠠᠬᠢᠭᠤᠯᠤᠨ᠎ᠠ᠃ ᠬᠤᠶᠠᠷ ᠲᠤ᠂ ᠦᠢᠯᠡᠴᠢᠯᠡᠬᠡᠨ ᠤ《ᠴᠤᠩᠬᠤ ᠳᠤ ᠪᠠᠭ᠎ᠠ ᠤᠴᠢᠷ ᠪᠠᠶᠢᠬᠤ ᠦᠭᠡᠢ》ᠭᠡᠳᠡᠭ ᠢ ᠪᠠᠳᠤ ᠴᠡᠬᠡᠵᠢᠯᠡᠵᠤ᠂ ᠦᠢᠯᠡᠴᠢᠯᠡᠬᠡᠨ ᠤ ᠲᠠᠨᠢᠯᠳᠠ ᠪᠠᠨ ᠴᠢᠩᠭᠠᠳᠬᠠᠵᠤ᠂ ᠲᠠᠩᠰᠠᠯᠠᠨ ᠵᠦᠪᠰᠢᠶᠡᠷᠡᠬᠦ ᠠᠵᠢᠯ ᠤᠨ ᠲᠤᠮᠳᠠ ᠪᠠᠨ ᠭᠠᠷ ᠬᠦᠢᠴᠡᠳᠬᠡᠯ ᠬᠢᠬᠦ ᠤᠯᠠᠨ ᠲᠦᠮᠡᠨ ᠳᠤ ᠰᠢᠯᠢᠳᠡᠭ ᠰᠠᠶᠢᠨ ᠦᠢᠯᠡᠴᠢᠯᠡᠭᠡ ᠶᠢ ᠬᠠᠩᠭᠠᠨ᠎ᠠ᠃ ᠭᠤᠷᠪᠠ ᠳᠤ᠂ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢ ᠤᠯᠠᠮ ᠰᠠᠶᠢᠨ ᠠᠳᠬᠤᠵᠤ᠂ ᠠᠵᠢᠯ ᠤᠨ ᠰᠠᠬᠢᠯᠭ᠎ᠠ ᠪᠠᠳᠤ ᠶᠢ ᠪᠠᠳᠤ ᠰᠠᠬᠢᠨ᠎ᠠ᠃ ᠲᠦᠷᠪᠡ ᠳᠤ᠂ ᠪᠦᠯᠬᠦᠮᠳᠠᠵᠤ ᠬᠠᠷᠢᠯᠴᠠᠨ ᠬᠠᠪᠰᠤᠷᠴᠤ᠂ ᠨᠢᠬᠡᠳᠦᠯᠳᠡᠢ ᠲᠦᠯᠦᠪᠡᠯᠡᠵᠤ ᠵᠤᠬᠢᠴᠠᠭᠤᠯᠬᠤ ᠶᠢ ᠴᠢᠩᠭᠠᠳᠬᠠᠨ᠂ ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ ᠰᠤᠷᠤᠯᠴᠠᠯᠭ᠎ᠠ ᠶᠢ ᠴᠢᠩᠭᠠᠳᠬᠠᠨ᠎ᠠ᠂ ᠤᠨᠴᠠᠭᠠᠶᠢᠯᠠᠨ ᠲᠤᠬᠠᠶᠢᠯᠠᠭᠰᠠᠨ ᠠᠵᠢᠯ ᠤᠨ ᠬᠠᠷᠢᠯᠴᠠᠨ ᠰᠤᠷᠤᠯᠴᠠᠬᠤ ᠶᠢ ᠴᠢᠩᠭᠠᠳᠬᠠᠵᠤ᠂ ᠲᠠᠩᠰᠠᠯᠠᠨ ᠵᠦᠪᠰᠢᠶᠡᠷᠡᠬᠦ ᠠᠵᠢᠯ ᠤᠨ ᠪᠦᠷᠢᠨ ᠴᠢᠳᠠᠪᠤᠷᠢᠳᠠᠨ ᠪᠤᠯᠬᠤ ᠪᠠᠷ ᠲᠡᠮᠡᠴᠡᠵᠤ᠂ ᠰᠡᠳᠬᠢᠯ ᠨᠢᠬᠡᠳᠦᠨ ᠬᠦᠴᠦ ᠬᠠᠮᠳᠤᠷᠠᠵᠤ᠂ ᠦᠢᠯᠡᠴᠢᠯᠡᠬᠡᠨ ᠤ ᠴᠤᠩᠬᠤ ᠪᠠᠨ ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ ᠳᠠᠬᠢ ᠰᠢᠨ᠎ᠡ ᠲᠦᠷᠢ ᠲᠦᠷᠬᠦ ᠶᠢᠨ ᠬᠢᠯᠪᠠᠭᠠᠳᠤ ᠨᠡᠷ᠎ᠡ ᠶᠢᠨ ᠬᠠᠭᠤᠳᠠᠰᠤ ᠪᠤᠯᠭᠠᠨ ᠪᠢᠴᠢᠭᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号