ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ‍ᠤᠨ‌ᠤᠯᠤᠰ ᠤᠨ ᠥᠮᠴᠢᠯᠡᠯ  ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019/6/12
ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ‍ᠤᠨ‌ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ  ᠬᠠᠷᠠᠴᠢᠨ ᠵᠠᠰᠠᠭ ᠠᠯᠪᠠᠨ ᠥᠰᠥᠭ ︹ 2019 ︺ 23 ᠳ᠋ᠤᠭᠠᠷ ᠲᠣᠭᠠᠲᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ ᠣᠳᠣᠬᠠᠨ ᠳᠤ ᠪᠥᠬᠦ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠨᠢᠭᠡᠨᠲᠡ ᠦᠨᠳᠦᠰᠦᠨ ᠳᠡᠭᠡᠨ ᠳᠠᠭᠤᠰᠴᠤ᠂ ᠬᠡᠰᠡᠭ ᠰᠠᠯᠠᠭ᠎ᠠ ᠮᠥᠴᠢᠷ ᠤᠨ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠷᠢᠶᠠᠨ ᠳᠤ ᠬᠤᠪᠢᠷᠠᠯᠲᠠ ᠭᠠᠷᠤᠭᠰᠠᠨ ᠪᠣᠳᠠᠲᠠᠶ ᠪᠠᠶᠢᠳᠠᠯ ᠢ ᠦᠨᠳᠦᠰᠦᠯᠡᠨ᠂ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠤᠨ ᠴᠢᠩᠭᠠᠳᠬᠠᠵᠤ᠂ ᠵᠠᠰᠠᠭ ᠵᠠᠬᠢᠷᠭᠠᠨ ᠤ ᠨᠢᠭᠡᠴᠡ ᠶᠢᠨ ᠪᠦᠲᠦᠮᠵᠢᠲᠡᠶ ᠠᠵᠢᠯᠯᠠᠭᠠᠨ ᠪᠠ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠨᠠᠩ ᠰᠠᠶᠢᠲᠤᠷ ᠪᠠᠲᠤᠯᠠᠵᠤ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠵᠠᠰᠠᠭ ᠤᠨ ᠣᠷᠳᠣᠨ ᠠᠴᠠ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠳᠣᠤᠷᠠᠬᠢ ᠮᠡᠲᠦ ᠮᠡᠳᠡᠭᠳᠡᠶ᠎ᠡ᠄ ᠨᠢᠭᠡ᠂ ᠤᠯᠤᠰ ᠠᠴᠠ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠵᠥᠪ ᠣᠨᠣᠪᠴᠢᠲᠠᠶ ᠵᠠᠭᠠᠭᠯᠠᠨ ᠲᠣᠭᠲᠠᠭᠠᠨ᠎ᠠ ︵ᠨᠢᠭᠡ︶ ᠤᠯᠤᠰ ᠤᠨ ᠥᠮᠴᠢᠯᠡᠯ ᠤᠨ ᠡᠳ᠋ ᠬᠥᠷᠥᠩᠭᠡ ᠭᠡᠵᠦ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠡᠯ᠎ᠡ ᠵᠦᠢᠯ ᠤᠨ ᠡᠳ᠋ ᠬᠥᠷᠥᠩᠭᠡ᠂ ᠡᠳ᠋ ᠪᠣᠳᠠᠰ᠂ ᠠᠪᠴᠠᠭ᠎ᠠ ᠪᠠ ᠪᠤᠰᠤᠳ ᠡᠷᠬᠡ ᠠᠰᠢᠭ ᠢ ᠬᠡᠯᠡᠵᠦ ᠪᠠᠶᠢᠨ᠎ᠠ᠃ ᠪᠥᠬᠦ ᠬᠤᠰᠢᠭᠤᠨ ᠤ ᠬᠡᠪᠴᠢᠶᠡᠨ ᠳᠠᠬᠢ ᠤᠯᠤᠰ ᠤᠨ ᠥᠮᠴᠢᠯᠡᠯᠲᠡ ᠡᠳ᠋ ᠬᠥᠷᠥᠩᠭᠡ ᠳᠤ ᠲᠤᠰᠠᠭᠠᠷ ᠣᠷᠣᠰᠢᠵᠤ ᠪᠠᠶᠢᠭ᠎ᠠ ᠡᠯ᠎ᠡ ᠲᠥᠷᠥᠯ ᠤᠨ ᠤᠯᠤᠰ ᠤᠨ ᠥᠮᠴᠢᠯᠡᠯᠲᠡ ᠡᠳ᠋ ᠬᠥᠷᠥᠩᠭᠡ ᠪᠠᠭᠲᠠᠬᠤ ᠮᠥᠷᠲᠡᠭᠡᠨ ᠬᠠᠮᠲᠤ ᠨᠡᠶᠢᠲᠡ ᠪᠤᠶᠤ ᠪᠤᠰᠤᠳ ᠥᠮᠴᠢᠯᠡᠭᠴᠢ ᠶᠢᠨ ᠡᠷᠬᠡ ᠠᠰᠢᠭ ᠲᠤ ᠬᠤᠯᠢᠯᠳᠤᠭᠰᠠᠨ ᠤᠯᠤᠰ ᠤᠨ ᠥᠮᠴᠢᠯᠡᠯᠲᠡ ᠡᠳ᠋ ᠬᠥᠷᠥᠩᠭᠡ ᠴᠦ ᠪᠠᠭᠲᠠᠨ᠎ᠠ︔ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠪᠠᠭᠲᠠᠭᠠᠬᠤ ᠮᠥᠷᠲᠡᠭᠡᠨ ᠪᠠᠰᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠪᠠ ᠡᠬᠢ ᠪᠠᠶᠠᠯᠢᠭ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠪᠠᠭᠲᠠᠭᠠᠨ᠎ᠠ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠠᠬᠢ ᠵᠠᠰᠠᠭ ᠤᠨ ᠣᠷᠳᠣᠨ ᠠᠴᠠ ᠪᠡᠯᠡ ᠣᠷᠣᠭᠤᠯᠵᠤ ᠪᠦᠷᠢᠯᠳᠦᠭᠰᠡᠨ ᠡᠯ᠎ᠡ ᠲᠥᠷᠥᠯ ᠤᠨ ᠡᠳ᠋ ᠬᠥᠷᠥᠩᠭᠡ᠂ ᠰᠤᠷᠭᠠᠭᠤᠯᠢ ᠶᠢᠨ ᠬᠥᠷᠥᠩᠭᠡ ︵ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠵᠠᠰᠠᠭ ᠤᠨ ᠣᠷᠳᠣᠨ ᠠᠴᠠ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠭᠡᠷ ᠪᠠᠶᠢᠰᠢᠩ ᠵᠢᠴᠢ ᠪᠤᠰᠤᠳ‌ᠦᠨᠳᠦᠰᠦᠨ ᠲᠥᠬᠦᠭᠡᠷᠦᠮᠵᠢ︶᠂ ᠭᠡᠷ ᠬᠥᠷᠥᠩᠭᠡ ︵ᠭᠠᠴᠠᠭᠠᠨ ᠤ ᠠᠷᠠᠳ ᠤᠨ ᠵᠥᠪᠯᠡᠯ ᠤᠨ ᠠᠯᠪᠠᠨ ᠠᠵᠢᠯ ᠵᠢᠴᠢ ᠭᠠᠴᠠᠭᠠᠨ ᠤ ᠠᠷᠠᠳ ᠤᠨ ᠠᠵᠢᠯᠯᠠᠭᠠᠨ ᠤ ᠲᠥᠪ︶ ᠪᠣᠯᠤᠨ ᠴᠢᠬᠤᠯᠠ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ︵ᠲᠣᠮᠣ ᠬᠡᠯᠪᠡᠷᠢ ᠶᠢᠨ ᠲᠠᠷᠢᠶᠠᠯᠠᠩ ᠤᠨ ᠣᠰᠣᠨ ᠠᠰᠢᠭᠯᠠᠯᠲᠠ ᠶᠢᠨ ᠲᠥᠬᠦᠭᠡᠷᠦᠮᠵᠢ᠂ ᠴᠢᠬᠤᠯᠠ ᠨᠡᠶᠢᠲᠡ ᠶᠢᠨ ᠠᠰᠠᠷᠠᠮᠵᠢ ᠶᠢᠨ ᠲᠥᠬᠦᠭᠡᠷᠦᠮᠵᠢ︶ ᠵᠡᠷᠭᠡ ᠡᠳ᠋ ᠤᠨ ᠵᠠᠰᠠᠭ   ᠤᠨ ᠪᠡᠯᠡ ᠮᠥᠩᠭᠦ ᠶᠢᠨ ᠣᠷᠣᠭᠤᠯᠤᠯᠲᠠ ᠪᠠᠷ ᠪᠦᠷᠢᠯᠳᠦᠭᠰᠡᠨ ᠡᠳ᠋ ᠬᠥᠷᠥᠩᠭᠡ ᠴᠥᠮ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠠᠷᠢᠶᠠᠯᠠᠭᠳᠠᠨ᠎ᠠ᠃ ︵ᠬᠤᠶᠠᠷ︶ ᠶᠠᠮᠠᠷᠪᠠ ᠨᠢᠭᠡᠴᠢ ᠪᠠ ᠬᠤᠪᠢ ᠬᠥᠮᠥᠨ ᠶᠠᠮᠠᠷᠪᠠ ᠨᠡᠷ᠎ᠡ ᠪᠠᠷ ᠡᠵᠡᠯᠡᠨ ᠠᠪᠬᠤ᠂ ᠬᠤᠪᠢᠷᠠᠭᠤᠯᠤᠨ ᠬᠤᠳᠠᠯᠳᠤᠬᠤ᠂ ᠲᠦᠷᠢᠶᠡᠰᠦᠯᠡᠨ ᠦᠭᠬᠦ᠂ ᠪᠠᠷᠢᠴᠠᠭᠠᠯᠠᠬᠤ ᠪᠠ ᠵᠢᠭᠡᠯᠡᠨ ᠬᠡᠷᠡᠭᠯᠡᠵᠦ ᠪᠣᠯᠬᠤ ᠦᠭᠡᠢ᠃ ᠲᠡᠭᠦᠨ ᠢ ᠰᠢᠢᠳᠪᠦᠷᠢᠯᠡᠬᠦ ᠳᠡᠭᠡᠨ ᠡᠷᠬᠡᠪᠰᠢ ︽ᠵᠠᠰᠠᠭ ᠵᠠᠬᠢᠷᠭᠠᠨ ᠤ ᠨᠢᠭᠡᠴᠡ ᠶᠢᠨ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 35 ᠳ᠋ᠤᠭᠠᠷ ᠲᠣᠭᠠᠲᠤ︶᠂ ︽ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 36 ᠳ᠋ᠤᠭᠠᠷ ᠲᠣᠭᠠᠲᠤ︶ ᠪᠣᠯᠤᠨ ︽ᠬᠠᠷᠠᠴᠢᠨ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠡ ᠡᠳ᠋ ᠬᠥᠷᠥᠩᠭᠡ ᠶᠢ ᠰᠢᠢᠳᠪᠦᠷᠢᠯᠡᠬᠦ ᠠᠷᠭ᠎ᠠ︾ ︵ᠬᠠᠷᠠᠴᠢᠨ ᠵᠠᠰᠠᠭ ᠲᠠᠷᠬᠠᠭᠠᠭᠰᠠᠨ︹ 2009 ︺11 ᠳ᠋ᠦᠭᠡᠷ ᠲᠣᠭᠠᠲᠤ︶ ᠳᠤ ᠲᠣᠭᠲᠠᠭᠠᠭᠰᠠᠨ ᠤᠯᠤᠰ ᠤᠨ ᠥᠮᠴᠢᠯᠡᠯᠲᠡ ᠡᠳ᠋ ᠬᠥᠷᠥᠩᠭᠡ ᠶᠢ ᠰᠢᠢᠳᠪᠦᠷᠢᠯᠡᠬᠦ ᠵᠢᠷᠤᠮ ᠢ ᠴᠢᠩᠭ᠎ᠠ ᠵᠢᠷᠤᠮᠯᠠᠨ ᠰᠢᠢᠳᠪᠦᠷᠢᠯᠡᠬᠦ ᠬᠡᠷᠡᠭᠲᠡᠶ᠃ ᠬᠤᠶᠠᠷ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶ ᠪᠣᠯᠭᠠᠬᠤ ᠬᠡᠷᠡᠭᠲᠡᠶ ︵ᠨᠢᠭᠡ︶ ᠡᠯ᠎ᠡ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂   ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠪᠣᠯᠤᠨ ᠬᠤᠰᠢᠭᠤᠨ  ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ  ᠬᠠᠷᠢᠶᠠᠨ ᠳᠠᠬᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠡᠵᠡᠮᠰᠢᠬᠦ᠂ ᠬᠡᠷᠡᠭᠯᠡᠬᠦ ᠡᠷᠬᠡ ᠶᠢ ᠡᠳ᠋ᠯᠡᠬᠦ ᠶᠢᠨ ᠬᠠᠮᠲᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ  ᠶᠢ ᠡᠭᠦᠷᠭᠡᠯᠡᠨ᠎ᠡ᠃ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠡᠵᠡᠮᠰᠢᠵᠦ ᠪᠠᠶᠢᠭ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ᠂  ᠬᠠᠮᠲᠤ ᠶᠢᠨ ᠡᠳ᠋ ᠬᠥᠷᠥᠩᠭᠡ ᠶᠢᠨ ᠳᠣᠲᠣᠷ᠎ᠠ ᠬᠤᠯᠢᠯᠳᠤᠭᠰᠠᠨ ᠤᠯᠤᠰ ᠤᠨ ᠥᠮᠴᠢᠯᠡᠯ ᠤᠨ ᠡᠳ᠋ ᠬᠥᠷᠥᠩᠭᠡ  ᠶᠢ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠠᠴᠠ ᠬᠠᠷᠢᠭᠤᠴᠠᠵᠤ ᠬᠢᠨᠠᠨ ᠬᠠᠮᠢᠶᠠᠷᠤᠨ᠎ᠠ᠃ ︵ᠬᠤᠶᠠᠷ︶ ᠬᠤᠰᠢᠭᠤᠨ ᠤ ᠰᠢᠭᠤᠳ ᠬᠠᠷᠢᠶ᠎ᠠ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠲᠣᠮᠢᠯᠠᠭᠰᠠᠨ ᠪᠠᠶᠢᠭᠤᠯᠤᠮᠵᠢ ᠪᠤᠶᠤ ᠡᠭᠴᠡ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠵᠡᠮᠰᠢᠵᠦ ᠪᠠᠶᠢᠭ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠤᠯᠤᠰ ᠤᠨ ᠥᠮᠴᠢᠯᠡᠯᠲᠡ ᠤᠨ ᠬᠥᠷᠥᠩᠭᠡ ︵ᠭᠡᠷ ᠪᠠᠶᠢᠰᠢᠩ᠂ ᠠᠭᠤᠷᠬᠠᠢ ᠶᠢᠨ ᠭᠠᠷᠤᠯᠲᠠ᠂ ᠤᠢ ᠰᠢᠭᠤᠢ ᠶᠢ ᠪᠠᠭᠲᠠᠨ᠎ᠠ︶ ᠶᠢ ᠡᠵᠡᠮᠰᠢᠵᠦ ᠪᠠᠶᠢᠭ᠎ᠠ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠪᠣᠯᠤᠨ ᠰᠢᠶᠠᠩ ᠪᠠᠯᠭᠠᠰᠤ  ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠬᠠᠮᠲᠤᠪᠠᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠬᠡᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠭᠤᠣᠯ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠵᠦ᠂ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠬᠠᠷᠢᠶ᠎ᠠ ᠭᠠᠵᠠᠷ ᠲᠠᠭᠠᠨ ᠬᠠᠮᠵᠢᠯᠴᠠᠬᠤ ᠬᠠᠷᠢᠭᠤᠴᠠᠯᠭ᠎ᠠ   ᠶᠢ ᠬᠠᠷᠢᠭᠤᠴᠠᠬᠤ   ᠶᠢ  ᠡᠭᠦᠷᠭᠡᠯᠡᠨ᠎ᠡ᠃ ︵ᠭᠤᠷᠪᠠ︶ ᠰᠤᠮᠤ ᠶᠢ ᠬᠠᠰᠤᠵᠤ ᠪᠠᠯᠭᠠᠰᠤ ᠶᠢ ᠨᠡᠶᠢᠯᠡᠭᠦᠯᠬᠦ ᠦᠶ᠎ᠡ ᠳᠤ ᠪᠦᠷᠢᠯᠳᠦᠭᠰᠡᠨ ᠤᠤᠯ ᠤᠨ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠰᠤᠯᠠ ᠪᠠᠶᠢᠭ᠎ᠠ ᠬᠦᠷᠢᠶ᠎ᠡ ( ᠭᠠᠵᠠᠷ ᠳᠡᠭᠡᠷᠡᠬᠢ ᠭᠡᠷ ᠪᠠᠶᠢᠰᠢᠩ ᠢ ᠪᠠᠭᠲᠠᠭᠠᠨ᠎ᠠ )  ᠂ ᠴᠢᠬᠤᠯᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠲᠥᠬᠦᠭᠡᠷᠦᠮᠵᠢ ᠵᠡᠷᠭᠡ ᠡᠳ᠋ ᠬᠥᠷᠥᠩᠭᠡ᠂ ᠢᠯᠠᠩᠭᠤᠶ᠎ᠠ ᠰᠤᠯᠠ ᠪᠠᠶᠢᠭ᠎ᠠ ᠰᠤᠷᠭᠠᠭᠤᠯᠢ ᠶᠢᠨ ᠬᠥᠷᠥᠩᠭᠡ ᠨᠢ ︽ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠯᠠ ᠪᠠᠶᠢᠭ᠎ᠠ ᠰᠤᠷᠭᠠᠭᠤᠯᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠱᠠᠲᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠨᠡᠶᠢᠳᠡᠮ ᠪᠠᠶᠢᠴᠠᠭᠠᠬᠤ ᠠᠰᠠᠭᠤᠳᠠᠯ ᠤᠨ ᠲᠤᠬᠠᠢ ᠬᠤᠷᠠᠯ ᠤᠨ ᠲᠣᠪᠴᠢ ᠲᠡᠮᠳᠡᠭᠯᠡᠯ︾ ︵ᠬᠠᠷᠠᠴᠢᠨ ᠵᠠᠰᠠᠭ ᠰᠠᠬᠢᠯᠭ᠎ᠠ ᠥᠰᠥᠭ ﹇2015﹈ 53ᠲᠤᠭᠠᠷ ᠲᠣᠭᠠᠲᠤ︶   ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠨ ᠬᠥᠮᠦᠵᠢᠯ ᠤᠨ ᠲᠣᠪᠴᠢᠶ᠎ᠠ ᠬᠢᠭᠡᠳ ᠪᠠᠶᠢᠭ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠰᠤᠯᠠ ᠪᠠᠶᠢᠭ᠎ᠠ ᠰᠤᠷᠭᠠᠭᠤᠯᠢ ᠶᠢᠨ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠢᠨ ᠬᠠᠮᠲᠤ  ᠪᠠᠶᠢᠭ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠰᠢᠯᠵᠢᠭᠦᠯᠦᠨ ᠲᠤᠰᠢᠶᠠᠵᠤ ᠨᠢᠭᠡᠳᠦᠯᠲᠡᠢ ᠳᠤ ᠬᠠᠮᠢᠶᠠᠷᠤᠭᠤᠯᠬᠤ ᠬᠡᠷᠡᠭᠲᠡᠢ᠃ ᠰᠢᠯᠵᠢᠭᠦᠯᠦᠨ ᠲᠤᠰᠢᠶᠠᠭᠰᠠᠨ ᠤ ᠳᠠᠷᠠᠭᠠᠬᠢ ᠰᠤᠯᠠ ᠪᠠᠶᠢᠭ᠎ᠠ ᠡᠳ᠋ ᠬᠥᠷᠥᠩᠭᠡ ᠶᠢ ᠪᠣᠯ ᠪᠠᠶᠢᠭ᠎ᠠ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠲᠤᠰᠬᠠᠶ ᠬᠥᠮᠦᠨ ᠢᠶᠠᠷ ᠰᠠᠬᠢᠭᠤᠯᠵᠤ᠂ ᠬᠠᠷᠠᠵᠤ ᠬᠠᠮᠠᠭᠠᠯᠠᠬᠤ ᠬᠡᠯᠡᠯᠴᠡᠭᠡᠷ ᠲᠣᠭᠲᠠᠵᠤ᠂ ᠭᠠᠯ ᠰᠡᠷᠭᠡᠶᠢᠯᠡᠬᠦ᠂ ᠭᠠᠮᠰᠢᠭ ᠢ ᠰᠡᠷᠭᠡᠶᠢᠯᠡᠬᠦ ᠵᠡᠷᠭᠡ ᠬᠠᠮᠢᠶᠠᠷᠤᠨ ᠬᠠᠮᠠᠭᠠᠯᠠᠬᠤ ᠠᠵᠢᠯ ᠢ ᠰᠠᠶᠢᠲᠤᠷ ᠬᠢᠵᠦ᠂  ᠠᠯᠳᠠᠭᠳᠠᠵᠤ ᠭᠡᠭᠡᠭᠳᠡᠬᠦ ᠪᠠ ᠵᠣᠷᠢᠭᠤᠳᠠ ᠪᠤᠶᠤ ᠠᠶᠠᠨᠳᠠᠭᠠᠨ ᠬᠤᠬᠢᠷᠠᠬᠤ ᠶᠢ ᠰᠡᠷᠭᠡᠶᠢᠯᠡᠬᠦ ᠬᠡᠷᠡᠭᠲᠡᠶ᠃︵ᠳᠥᠷᠪᠡ︶ᠤᠯᠤᠰ ᠤᠨ ᠥᠮᠴᠢᠯᠡᠯᠳᠤ ᠤᠨ ᠬᠥᠷᠥᠩᠭᠡ ᠨᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠷᠠᠭ᠎ᠠ ᠬᠤᠪᠢᠷᠠᠯᠲᠠ ᠭᠠᠷᠤᠭᠰᠠᠨ ᠪᠠᠶᠢᠪᠠᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ︽ᠬᠡᠨ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠪᠠᠯ ᠬᠡᠨ ᠳᠠᠩᠰᠠ ᠳᠤ ᠣᠷᠣᠭᠤᠯᠬᠤ︾ ᠱᠠᠭᠠᠷᠳᠠᠯᠭ᠎ᠠ ᠶᠣᠰᠣᠭᠠᠷ᠂ ᠤᠯᠠᠨ ᠨᠡᠢᠲᠡ ᠶᠢᠨ ᠰᠠᠭᠤᠷᠢ ᠪᠡᠯᠡᠳᠬᠡᠮᠵᠢ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠵᠠᠰᠠᠭ ᠤᠨ ᠣᠷᠳᠣᠨ ᠤ ᠨᠥᠭᠡᠴᠡ ᠤᠨ ᠪᠣᠳᠠᠰ᠂ ᠲᠡᠤᠬᠡ ᠶᠢᠨ ᠳᠤᠷᠠᠰᠬᠠᠯᠲᠤ ᠵᠦᠢᠯ ᠰᠣᠶᠣᠯ ᠵᠡᠷᠭᠡ ᠤᠨ ᠬᠥᠷᠥᠩᠭᠡ ᠶᠢ ᠲᠥᠷᠥᠯ ᠬᠤᠪᠢᠶᠠᠨ ᠳᠠᠩᠰᠠᠯᠠᠵᠤ ᠳᠠᠩᠰᠠᠨ ᠳᠤ ᠣᠷᠣᠭᠤᠯᠵᠤ᠂  ᠬᠤᠯᠪᠣᠭᠳᠠᠯ ᠪᠦᠬᠦᠢ ᠨᠢᠭᠲᠠᠯᠠᠨ ᠪᠣᠳᠣᠬᠤ ᠳᠦᠷᠢᠮ ᠤᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠡᠳ᠋ ᠬᠥᠷᠥᠩᠭᠡ ᠶᠢᠨ ᠨᠢᠭᠲᠠᠯᠠᠨ ᠪᠣᠳᠣᠬᠤ ᠲᠣᠭᠠᠴᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠳᠠᠩᠰᠠ ᠪᠠ ᠪᠣᠳᠠᠲᠤ ᠬᠡᠷᠡᠭ ᠢ ᠬᠠᠷᠢᠯᠴᠠᠨ ᠨᠡᠶᠢᠴᠡᠭᠦᠯᠵᠦ᠂ ᠡᠳ᠋ ᠬᠥᠷᠥᠩᠭᠡ  ᠶᠢᠨ ᠮᠡᠳᠡᠭᠡ ᠵᠠᠩᠭᠢ ᠶᠢᠨ ᠪᠦᠬᠦ ᠲᠠᠯ᠎ᠠ ᠶᠢᠨ᠂ ᠵᠥᠪ ᠣᠨᠣᠪᠴᠢᠲᠠᠶ ᠪᠠ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠵᠡᠷᠭᠡ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠡᠳ᠋ ᠬᠥᠷᠥᠩᠭᠡ ᠶᠢᠨ ᠣᠨ ᠤ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠰᠠᠭᠤᠷᠢ ᠲᠤᠭ᠎ᠠ ᠶᠢ ᠲᠣᠳᠣᠷᠬᠠᠶ ᠣᠢᠢᠯᠠᠭᠠᠭᠰᠠᠨ ᠰᠠᠭᠤᠷᠢᠨ ᠳᠡᠭᠡᠷ᠎ᠡ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠳ᠋ ᠬᠥᠷᠥᠩᠭᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ  ᠤᠯᠠᠨ ᠨᠡᠢᠲᠡ ᠶᠢᠨ ᠰᠠᠭᠤᠷᠢ ᠪᠡᠯᠡᠳᠬᠡᠮᠵᠢ ᠵᠡᠷᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠰᠢᠯᠤᠭᠤᠳᠬᠠᠨ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠳᠦᠷᠢᠮ ᠤᠨ ᠪᠠᠶᠢᠭᠤᠯᠤᠯᠲᠠ᠂ ᠨᠢᠭᠲᠠᠯᠠᠨ ᠪᠣᠳᠣᠬᠤ ᠲᠣᠭᠠᠴᠠᠭ᠎ᠠ ᠪᠣᠯᠤᠨ ᠬᠥᠷᠥᠩᠭᠡ ᠶᠢᠨ ᠮᠡᠳᠡᠭᠦᠯᠦᠯᠲᠡ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠬᠠᠮᠢᠶᠠᠷᠤᠯᠲᠠ ᠶᠢᠨ ᠠᠵᠢᠯ ᠢ ᠴᠠᠭ ᠲᠤᠬᠠᠢ ᠲᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠲᠠᠪᠤ︶ ᠡᠯ᠎ᠡ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠣᠯ ᠤᠯᠤᠰ ᠤᠨ ᠥᠮᠴᠢᠯᠡᠯᠳᠤ ᠡᠳ᠋ ᠬᠥᠷᠥᠩᠭᠡ ᠵᠢᠨ‌‍ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠲᠤᠯᠠ᠂ ᠤᠯᠤᠰ ᠤᠨ ᠥᠮᠴᠢᠯᠡᠯᠳᠤ  ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠭᠤᠣᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠭᠤᠷᠪᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠶ ︵ᠨᠢᠭᠡ︶ ᠡᠯ᠎ᠡ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠥᠪ ᠠᠴᠠ ᠣᠷᠣᠨ ᠨᠤᠲᠤᠭ ᠬᠦᠷᠲᠡᠯᠡᠬᠢ ᠡᠯ᠎ᠡ ᠱᠠᠲᠤᠨ ᠤ ᠤᠯᠤᠰ  ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ᠬᠤᠰᠢᠭᠤᠨ ᠵᠠᠰᠠᠭ   ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠠᠷᠠᠴᠢᠨ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠡ ᠡᠳ᠋ ᠬᠥᠷᠥᠩᠭᠡ ᠶᠢ ᠰᠢᠢᠳᠪᠦᠷᠢᠯᠡᠬᠦ ᠠᠷᠭ᠎ᠠ︾᠂ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠡ ᠲᠣᠭᠲᠠᠮᠠᠯ ᠬᠥᠷᠥᠩᠭᠡ ᠶᠢ ᠬᠠᠮᠢᠶᠠᠷᠴᠤ ᠰᠢᠢᠳᠪᠦᠷᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠬᠢᠨᠠᠨ ᠵᠥᠪᠰᠢᠶᠡᠷᠡᠬᠦ ᠠᠷᠭ᠎ᠠ︾ ᠪᠣᠯ ᠤᠯᠤᠰ ᠪᠠ ᠳᠡᠭᠡᠳᠦ ᠱᠠᠲᠤᠨ ᠤ ᠬᠠᠤᠯᠢ ᠲᠣᠭᠲᠠᠭᠠᠯᠲᠠ᠂ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠪᠥᠬᠦ ᠬᠤᠰᠢᠭᠤᠨ ᠤ ᠪᠣᠳᠠᠲᠠᠶ ᠲᠠᠢ ᠤᠶᠠᠯᠳᠤᠭᠤᠯᠤᠨ ᠲᠣᠭᠲᠠᠭᠠᠭᠰᠠᠨ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠴᠢᠬᠤᠯᠠ ᠵᠢᠷᠤᠮᠵᠢᠯ ᠢ ᠦᠨᠳᠦᠰᠦᠯᠡᠨ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠢᠩᠭ᠎ᠠ ᠬᠡᠷᠡᠭᠵᠢᠭᠦᠯᠬᠦ ᠬᠡᠷᠡᠭᠲᠡᠶ᠃ ᠪᠥᠬᠦ ᠬᠤᠰᠢᠭᠤᠨ ᠤ ᠪᠤᠢ ᠪᠦᠬᠦᠢ ᠤᠯᠤᠰ ᠠᠴᠠ ᠥᠮᠴᠢᠯᠡᠯᠲᠡ ᠡᠳ᠋ ᠬᠥᠷᠥᠩᠭᠡ ᠶᠢ ᠰᠢᠢᠳᠪᠦᠷᠢᠯᠡᠬᠦ ︵ᠰᠢᠯᠵᠢᠭᠦᠯᠦᠨ ᠥᠭᠬᠦ᠂ ᠦᠨ᠎ᠡ ᠬᠠᠶᠠᠨ ᠬᠤᠳᠠᠯᠳᠤᠬᠤ᠂ ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ ᠵᠡᠷᠭᠡ︶ ᠠᠵᠢᠯᠯᠠᠭ᠎ᠠ ᠨᠢ ︽ᠭᠤᠶᠤᠴᠢᠯᠠᠬᠤ — ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠬᠤ — ᠬᠤᠰᠢᠭᠤᠨ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠬᠦ︾ ᠳᠡᠰ ᠳᠠᠷᠠᠭᠠᠯᠠᠯ ᠢ ᠴᠢᠩᠭ᠎ᠠ ᠭᠦᠶ᠋ᠴᠡᠳᠬᠡᠬᠦ ᠴᠢᠬᠤᠯᠠᠲᠠᠶ᠃ ︵ᠬᠤᠶᠠᠷ︶ ᠡᠯ᠎ᠡ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠯᠤᠰ ᠪᠣᠯᠤᠨ ᠣᠷᠣᠨ ᠨᠤᠲᠤᠭ ᠤᠨ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠤᠨ ᠵᠢᠷᠤᠮᠵᠢᠯ ᠢ ᠦᠨᠳᠦᠰᠦᠯᠡᠨ᠂ ᠲᠤᠰ ᠬᠠᠷᠢᠶ᠎ᠠ ᠣᠷᠣᠨ ᠪᠣᠯᠤᠨ ᠲᠤᠰ ᠨᠢᠭᠡᠴᠡ ︵ᠬᠠᠷᠢᠶ᠎ᠠ ᠦᠨᠳᠦᠰᠦᠨ ᠱᠠᠲᠤᠨ ᠤ ᠨᠢᠭᠡᠴᠡ ᠪᠠᠭᠲᠠᠨ᠎ᠠ︶ ᠶᠢᠨ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠠᠩᠰᠠᠯᠠᠬᠤ᠂ ᠬᠡᠷᠡᠭᠯᠡᠬᠦ᠂ ᠰᠢᠯᠵᠢᠭᠦᠯᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠤᠳᠤᠷᠢᠳᠤᠯᠭ᠎ᠠ ᠪᠣᠯᠤᠨ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠵᠤ᠂ ᠤᠯᠤᠰ ᠠᠴᠠ ᠥᠮᠴᠢᠯᠡᠯ ᠤᠨ ᠡᠳ᠋ ᠬᠥᠷᠥᠩᠭᠡ ᠶᠢᠨ ᠡᠳᠦᠷ ᠲᠣᠲᠤᠮ ᠤᠨ ᠪᠠ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠵᠤ᠂   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠢᠨᠡᠳᠬᠡᠵᠦ᠂ ᠡᠳ᠋ ᠬᠥᠷᠥᠩᠭᠡ  ᠶᠢᠨ ᠲᠤᠭ᠎ᠠ ᠪᠠᠷᠢᠮᠲᠠ ᠶᠢ ᠪᠣᠳᠠᠲᠠᠶ ᠲᠠᠢ ᠪᠠᠨ ᠨᠢᠭᠡᠳᠦᠯᠲᠡᠶ ᠪᠠᠶᠢᠯᠭᠠᠬᠤ ᠶᠢ ᠪᠠᠲᠤᠯᠠᠨ᠎ᠠ᠃ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ  ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮᠴᠢᠯᠡᠬᠦ᠂ ᠵᠢᠷᠤᠮᠵᠢᠬᠤ᠂ ᠳᠡᠰ ᠳᠠᠷᠠᠭᠠᠵᠢᠭᠤᠯᠬᠤ᠂ ᠪᠠᠶᠢᠩᠭᠤᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠰᠢᠭᠤᠨ ᠤ ᠤᠯᠤᠰ ᠤᠨ ᠥᠮᠴᠢᠯᠡᠯᠲᠡ ᠡᠳ᠋ ᠬᠥᠷᠥᠩᠭᠡ ᠶᠢ ᠢᠮᠠᠭᠲᠠ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ᠂ ᠡᠷᠡᠭᠦᠯ ᠪᠥᠭᠡᠳ ᠡᠮᠬᠢ ᠵᠢᠷᠤᠮ ᠲᠠᠢ ᠪᠠᠶᠢᠯᠭᠠᠬᠤ ᠪᠠᠶᠢᠳᠠᠯ ᠳᠤ ᠪᠠᠶᠢᠯᠭᠠᠬᠤ ᠬᠡᠷᠡᠭᠲᠡᠶ᠃ ︵ᠭᠤᠷᠪᠠ︶ ᠬᠤᠰᠢᠭᠤᠨ ᠤ ᠡᠳ᠋ ᠤᠨ ᠵᠠᠰᠠᠭ᠂ ᠬᠢᠨᠠᠨ ᠪᠣᠳᠣᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠯᠤᠰ   ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠤᠯᠤᠰ   ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠤᠮᠳᠠᠬᠢ ᠵᠦᠢ ᠵᠣᠬᠢᠰ ᠥᠬᠡᠶ ᠦᠢᠯᠡ ᠠᠵᠢᠯᠯᠠᠭ᠎ᠠ ᠶᠢ ᠴᠠᠭ ᠲᠤᠬᠠᠢ ᠲᠤᠨᠢ ᠵᠠᠯᠠᠷᠠᠭᠤᠯᠬᠤ ᠪᠠ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠤᠮᠳᠠᠬᠢ ᠪᠠᠭᠤᠷᠠᠢ ᠭᠤᠭᠴᠤᠭ᠎ᠠ ᠶᠢ ᠨᠥᠬᠦᠪᠥᠷᠢᠯᠡᠬᠦ ᠬᠡᠷᠡᠭᠲᠡᠢ᠃ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠳᠤ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠴᠠᠯᠠᠭᠠᠷᠳᠠᠭᠤᠯᠤᠭᠰᠠᠨ᠂ ᠡᠷᠬᠡ ᠪᠠᠨ ᠠᠰᠢᠭᠯᠠᠨ ᠪᠡᠶ᠎ᠡ ᠳᠤ ᠪᠠᠨ ᠠᠰᠢᠭ ᠬᠦᠷᠳᠡᠭᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠲᠤᠨᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠲᠤ ᠰᠢᠯᠵᠢᠭᠦᠯᠦᠨ ᠲᠤᠰᠢᠶᠠᠵᠤ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ 2019 ᠣᠨ ᠤ 5 ᠳ᠋ᠤᠭᠠᠷ ᠰᠠᠷ᠎ᠠ ᠶᠢᠨ 29 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号