ᠬᠠᠷᠠᠴᠢᠨ ᠵᠠᠰᠠᠭ ᠠᠯᠪᠠᠨ ᠥᠰᠥᠭ ﹇2019﹈ 22 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ | ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠳᠤ᠄ | ᠰᠤᠳᠤᠯᠬᠤ ᠪᠠᠷ ᠳᠠᠮᠵᠢᠨ᠂ ︽ᠬᠠᠷᠠᠴᠢᠨ ᠬᠤᠰᠢᠭᠤᠨ ᠤ 2019 ᠣᠨ ᠤ ᠲᠠᠷᠢᠶᠠᠯᠠᠩ ᠤᠨ ᠮᠠᠰᠢᠨ ᠭᠦᠨ | ᠬᠥᠪᠰᠥᠭᠡᠷ ᠭᠠᠵᠠᠷ ᠲᠡᠭᠰᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠭᠦᠯᠲᠦᠭᠡᠶ᠃ | 2019 ᠣᠨ 5 ᠳ᠋ᠤᠭᠠᠷ ᠰᠠᠷ᠎ᠠ ᠶᠢᠨ 28 ᠤ ᠡᠳᠦᠷ | ᠬᠠᠷᠠᠴᠢᠨ ᠬᠤᠰᠢᠭᠤᠨ ᠤ 2019 ᠣᠨ ᠤ ᠲᠠᠷᠢᠶᠠᠯᠠᠩ ᠤᠨ ᠮᠠᠰᠢᠨ ᠭᠦᠨ ᠬᠥᠪᠰᠥᠭᠡᠷ ᠭᠠᠵᠠᠷ ᠲᠡᠭᠰᠢᠯᠡᠬᠦ ᠠᠵᠢᠯ | ᠤᠨ ᠬᠡᠷᠡᠭᠵᠢᠭᠦᠯᠬᠦ ᠲᠥᠰᠦᠯ | ᠲᠠᠷᠢᠶᠠᠯᠠᠩ ᠤᠨ ᠮᠠᠰᠢᠨ ᠭᠦᠨ ᠬᠥᠪᠰᠥᠭᠡᠷ ᠭᠠᠵᠠᠷ ᠲᠡᠭᠰᠢᠯᠡᠬᠦ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨ ᠤ ᠭᠦᠨ | ᠬᠥᠪᠰᠥᠭᠡᠷ ᠭᠠᠵᠠᠷ ᠲᠡᠭᠰᠢᠯᠡᠬᠦ ᠠᠵᠢᠯ ᠢ ᠲᠦᠯᠬᠢᠨ ᠠᠬᠢᠭᠤᠯᠵᠤ᠂ 2019 ᠣᠨ ᠤ ᠲᠠᠷᠢᠶᠠᠯᠠᠩ ᠤᠨ ᠮᠠᠰᠢᠨ ᠭᠦᠨ | ᠬᠥᠪᠰᠥᠭᠡᠷ ᠭᠠᠵᠠᠷ ᠲᠡᠭᠰᠢᠯᠡᠬᠦ ᠡᠭᠦᠷᠭᠡ ᠶᠢ ᠴᠢᠨᠠᠷ ᠰᠠᠶᠢᠲᠠᠶ ᠪᠥᠭᠡᠳ ᠲᠤᠭ᠎ᠠ ᠶᠣᠰᠣᠭᠠᠷ ᠪᠡᠶᠡᠯᠡᠭᠦᠯᠬᠦ ᠶᠢᠨ ᠲᠥᠯᠥᠭᠡ | ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽2019 ᠣᠨ ᠤ ᠲᠥᠪ ᠤᠨ ᠡᠳ᠋ ᠤᠨ ᠵᠠᠰᠠᠭ ᠤᠨ | ᠲᠠᠷᠢᠶᠠᠯᠠᠩ ᠤᠨ ᠮᠠᠰᠢᠨ ᠭᠦᠨ ᠬᠥᠪᠰᠥᠭᠡᠷ ᠭᠠᠵᠠᠷ ᠲᠡᠭᠰᠢᠯᠡᠬᠦ ᠲᠥᠷᠥᠯ ᠵᠦᠶᠯ ᠤᠨ ᠬᠡᠷᠡᠭᠵᠢᠭᠦᠯᠬᠦ ᠲᠥᠰᠦᠯ︾ ᠪᠠ | ︽ᠤᠯᠠᠭᠠᠨᠬᠠᠳᠠ ᠬᠤᠲᠠ ᠶᠢᠨ 2019 ᠣᠨ ᠤ ᠭᠦᠨ ᠬᠥᠪᠰᠥᠭᠡᠷ ᠭᠠᠵᠠᠷ ᠲᠡᠭᠰᠢᠯᠡᠬᠦ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠲᠠᠶ | ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ ᠬᠢᠭᠡᠳ ᠡᠭᠦᠷᠭᠡ | 2019 ᠣᠨ ᠤ ᠪᠦᠬᠦ ᠬᠤᠰᠢᠭᠤᠨ ᠤ ᠮᠧᠬᠠᠨᠢᠭ ᠪᠠᠷ ᠭᠦᠨ ᠬᠦᠪᠰᠦᠭᠡᠷᠵᠢᠭᠦᠯᠬᠦ ᠡᠭᠦᠷᠭᠡ 7 ᠲᠦᠮᠡᠨ ᠮᠤ᠋ ᠳᠤ | ᠬᠦᠷᠪᠡ᠃ ᠬᠥᠷᠥᠰᠥ ᠰᠢᠷᠣᠶ ᠶᠢ ᠭᠦᠨ ᠬᠥᠪᠰᠥᠭᠡᠷ ᠲᠡᠭᠰᠢᠯᠡᠬᠦ ᠠᠵᠢᠯ ᠢ ᠥᠷᠨᠢᠭᠦᠯᠬᠦ ᠪᠠᠷ ᠳᠠᠮᠵᠢᠭᠤᠯᠤᠨ ᠂ | ᠬᠥᠷᠥᠰᠥ ᠰᠢᠷᠣᠶ ᠶᠢ ᠶᠢᠨ ᠣᠰᠤ ᠬᠠᠳᠠᠭᠠᠯᠠᠬᠤ ᠳᠤᠤᠷ᠎ᠠ ᠬᠡᠮᠵᠢᠶ᠎ᠡ ᠶᠢᠨ ᠪᠠᠳᠤᠯᠭ᠎ᠠ ᠂ ᠭᠠᠩ ᠢ ᠳᠠᠭᠠᠵᠤ ᠤᠰᠤᠲᠤᠯ | ᠢ ᠵᠠᠶᠢᠯᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠨᠡᠮᠡᠭᠳᠡᠭᠦᠯᠵᠦ᠂ ᠮᠧᠬᠠᠨᠢᠭᠵᠢᠭᠤᠯᠤᠯᠲᠠ ᠶᠢᠨ ᠶᠡᠷᠦᠩᠬᠡᠶᠢᠯᠡᠭᠰᠡᠨ | ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ᠂ ᠲᠠᠷᠢᠶᠠᠴᠢᠳ | ᠤᠨ ᠣᠷᠣᠯᠭ᠎ᠠ ᠶᠢ ᠨᠡᠮᠡᠭᠳᠡᠭᠦᠯᠬᠦ ᠳᠤ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃ | ᠬᠤᠶᠠᠷ᠂ ᠶᠡᠷᠦᠩᠬᠡᠢ ᠱᠠᠭᠠᠷᠳᠠᠯᠭ᠎ᠠ ᠬᠢᠭᠡᠳ ᠮᠡᠷᠭᠡᠵᠢᠯ ᠤᠨ ᠵᠠᠭᠪᠤᠷ | ( ᠨᠢᠭᠡ ) ᠶᠡᠷᠦᠩᠬᠡᠢ ᠱᠠᠭᠠᠷᠳᠠᠯᠭ᠎ᠠ | ᠲᠠᠷᠢᠶᠠᠯᠠᠩ ᠤᠨ ᠮᠠᠰᠢᠨ ᠤ ᠭᠦᠨ ᠬᠦᠪᠰᠦᠭᠡᠷᠵᠢᠭᠦᠯᠬᠦ ᠠᠵᠢᠯ ᠢ ᠬᠥᠷᠥᠰᠥ ᠰᠢᠷᠣᠢ ᠶᠢᠨ ᠲᠠᠷᠢᠶᠠᠯᠠᠬᠤ | ᠳᠠᠪᠬᠤᠷᠭ᠎ᠠ ᠶᠢᠨ 50 cm ᠠᠴᠠ ᠳᠡᠭᠡᠭᠰᠢᠬᠢ ᠬᠡᠰᠡᠭ ᠲᠤ ᠶᠠᠪᠤᠭᠳᠠᠭᠤᠯᠬᠤ ᠬᠡᠷᠡᠭᠲᠡᠢ᠂ ᠡᠩ ᠤᠨ ᠪᠠᠶᠢᠳᠠᠯ ᠳᠤ | ᠬᠤᠶᠠᠷ ᠬᠤᠭᠤᠴᠠᠭ᠎ᠠ ᠬᠤᠪᠢᠶᠠᠨ ᠲᠥᠪᠯᠡᠷᠡᠭᠦᠯᠦᠨ ᠪᠡᠶᠡᠯᠡᠭᠦᠯᠬᠦ ᠬᠡᠷᠡᠭᠲᠡᠢ᠂ ᠨᠢᠭᠡ ᠨᠢ ᠬᠠᠪᠤᠷ ᠲᠠᠷᠢᠬᠤ ᠠᠴᠠ | ᠡᠮᠦᠨ᠎ᠡ ( 3 ᠲᠤᠭᠠᠷ ᠰᠠᠷ᠎ᠠ ᠶᠢᠨ ᠰᠢᠨᠡᠳ ᠠᠴᠠ 5ᠲᠤᠭᠠᠷ ᠰᠠᠷ᠎ᠠ ᠶᠢᠨ ᠬᠤᠷᠢᠳ ᠪᠣᠯᠲᠠᠯ᠎ᠠ ) ᠂ ᠬᠤᠶᠠᠷ ᠲᠤ | ᠨᠠᠮᠤᠷ ᠤᠨ ᠬᠤᠷᠢᠶᠠᠯᠳᠠ ᠶᠢᠨ ᠲᠠᠷᠠᠭ᠎ᠠ ( 8 ᠰᠠᠷ᠎ᠠ ᠶᠢᠨ ᠬᠤᠷᠢᠳ ᠠᠴᠠ 11 ᠰᠠᠷ᠎ᠠ ᠶᠢᠨ ᠬᠤᠷᠢᠳ ᠢᠶᠠᠷ )᠃ | ᠭᠦᠨ ᠬᠥᠪᠰᠥᠭᠡᠷ ᠭᠠᠵᠠᠷ ᠲᠡᠭᠰᠢᠯᠡᠨ ᠠᠵᠢᠯᠯᠠᠬᠤ ᠦᠶ᠎ᠡ ᠳᠤ ᠳᠡᠳ᠋ ᠬᠥᠷᠥᠰᠥᠨ ᠤ ᠳᠠᠪᠬᠤᠷᠭ᠎ᠠ ( ᠭᠦᠨ ᠤ ᠬᠡᠮᠵᠢᠶ᠎ᠡ | ᠨᠢ 30 ᠰᠠᠨᠲ᠋ᠢᠮᠧᠲᠷ ᠠᠴᠠ ᠶᠡᠭᠡ᠂ ᠵᠠᠯᠭᠠᠯᠳᠤᠭᠤᠯᠤᠨ ᠠᠵᠢᠯᠯᠠᠬᠤ ᠲᠠᠯᠠᠪᠠᠢ ᠨᠢ 50 ᠮᠤ᠋ ᠠᠴᠠ ᠶᠡᠭᠡ ) ᠶᠢ | ᠡᠪᠳᠡᠵᠦ ᠬᠠᠪᠤᠷ ᠡᠪᠦᠯ ᠤᠨ ᠬᠤᠶᠠᠷ ᠤᠯᠠᠷᠢᠯ ᠤᠨ ᠪᠣᠷᠣᠭᠠᠨ ᠤ ᠤᠰᠤ ᠪᠠ ᠴᠠᠰᠤᠨ ᠤ ᠤᠰᠤ ᠶᠢ ᠬᠦᠯᠢᠶᠡᠨ ᠠᠪᠴᠤ | ᠂ ᠬᠥᠷᠥᠰᠥ ᠰᠢᠷᠣᠶ ᠶᠢᠨ ᠭᠠᠳᠠᠷᠭᠤ ᠶᠢᠨ ᠤᠷᠤᠰᠤᠮᠠᠯ ᠪᠣᠯᠬᠤ ᠶᠢ ᠰᠡᠷᠭᠡᠶᠢᠯᠡᠵᠦ᠂ ᠭᠠᠩ ᠢ ᠳᠠᠭᠠᠵᠤ ᠤᠰᠤᠲᠤᠯ ᠢ | ᠵᠠᠶᠢᠯᠠᠭᠤᠯᠬᠤ ᠦᠷ᠎ᠡ ᠳ᠋ᠦᠩ ᠳᠤ ᠬᠦᠷᠦᠭᠦᠯᠬᠦ ᠬᠡᠷᠡᠭᠲᠡᠢ᠂ ᠠᠵᠢᠭᠯᠠᠭᠰᠠᠨ ᠤ ᠳᠠᠷᠠᠭ᠎ᠠ ᠭᠦᠨ ᠭᠦᠢᠬᠡᠨ ᠨᠢ | ᠨᠢᠭᠡᠳᠦᠯᠲᠡᠶ᠂ ᠲᠠᠷᠢᠬᠤ ᠭᠠᠵᠠᠷ ᠨᠢ ᠲᠡᠭᠰᠢ᠂ ᠬᠥᠷᠥᠰᠥ ᠰᠢᠷᠣᠶ ᠨᠢ ᠨᠠᠷᠢᠨ ᠨᠢᠭᠲᠠ᠂ ᠭᠡᠭᠡᠭᠳᠡᠯ ᠦᠭᠡᠢ ᠲᠠᠷᠢᠬᠤ᠂ | ᠳᠡᠭᠡᠷ᠎ᠡ ᠪᠠᠨ ᠴᠤᠯᠤᠷᠬᠠᠭ ᠳᠣᠣᠷ᠎ᠠ ᠪᠠᠨ ᠬᠤᠭᠤᠰᠣᠷᠬᠠᠭ ᠪᠠᠶᠢᠵᠦ᠂ ᠲᠠᠷᠢᠬᠤ ᠪᠠᠢᠳᠠᠯ ᠳᠤ ᠬᠦᠷᠦᠭᠦᠯᠦᠨ᠎ᠡ᠃ | ( ᠬᠤᠶᠠᠷ ) ᠮᠡᠷᠭᠡᠵᠢᠯ ᠤᠨ ᠵᠠᠭᠪᠤᠷ | 1 . ᠦᠯᠡᠳᠦᠭᠳᠡᠯ ᠪᠦᠷᠬᠦᠪᠴᠢ ᠶᠢ ᠴᠡᠪᠡᠷᠯᠡᠬᠦ + ᠦᠨᠳᠦᠰᠦ ᠶᠢ ᠠᠷᠢᠯᠭᠠᠬᠤ + ᠭᠦᠨ ᠬᠦᠪᠰᠦᠭᠡᠷᠵᠢᠭᠦᠯᠬᠦ + | ᠡᠷᠭᠢᠯᠳᠦᠭᠦᠯᠦᠨ ᠬᠠᠭᠠᠯᠪᠤᠷᠢᠯᠠᠵᠦ ᠳᠠᠷᠤᠰᠢᠭᠤᠯᠬᠤ | 2 . ᠦᠯᠡᠳᠦᠭᠳᠡᠯ ᠪᠦᠷᠬᠦᠪᠴᠢ ᠶᠢ ᠴᠡᠪᠡᠷᠯᠡᠬᠦ + ᠦᠨᠳᠦᠰᠦ ᠶᠢ ᠠᠷᠢᠯᠭᠠᠬᠤ +ᠭᠦᠨ ᠬᠦᠪᠰᠦᠭᠡᠷᠵᠢᠭᠦᠯᠬᠦ ︵ | ᠪᠣᠭᠤᠨᠢ ᠭᠤᠤᠷᠰᠤᠨ ᠳᠡᠭᠡᠷᠡᠬᠢ ᠬᠥᠯᠳᠡᠭᠰᠡᠨ ᠭᠠᠵᠠᠷ ᠲᠤ ᠬᠡᠷᠡᠭᠯᠡᠬᠦ ᠶᠢ ᠰᠠᠨᠠᠭᠤᠯᠤᠨ᠎ᠠ︶︔ | 3 . ᠵᠦᠪᠬᠡᠨ ᠭᠦᠨ ᠬᠥᠪᠰᠥᠭᠡᠷ ᠭᠠᠵᠠᠷ ᠲᠡᠭᠰᠢᠯᠡᠬᠦ ︵ᠦᠨᠳᠦᠰᠦ ᠭᠤᠤᠷᠰᠤ ᠦᠯᠡᠳᠦᠭᠰᠡᠨ ᠥᠬᠡᠶ ᠬᠡᠰᠡᠭ ᠭᠠᠵᠠᠷ | ᠲᠤ ᠬᠡᠷᠡᠭᠯᠡᠨ᠎ᠡ︶᠃ | ᠭᠤᠷᠪᠠ᠂ ᠠᠵᠢᠯ ᠤᠨ ᠭᠤᠣᠯ ᠴᠣᠭᠴᠠ ᠬᠢᠭᠡᠳ ᠢᠵᠢ ᠪᠦᠷᠢᠳᠦᠭᠦᠯᠬᠦ ᠬᠥᠳᠡᠯᠭᠡᠬᠦ ᠬᠦᠴᠦᠨ ᠤ ᠮᠧᠬᠠᠨᠢᠭ ᠪᠠᠭᠠᠵᠢ | ( ᠨᠢᠭᠡ )ᠠᠵᠢᠯ ᠤᠨ ᠭᠤᠣᠯ ᠴᠣᠭᠴᠠ᠄ ᠲᠠᠷᠢᠶᠠᠯᠠᠩ ᠤᠨ ᠮᠠᠰᠢᠨ ᠤ ᠬᠤᠷᠰᠢᠶ᠎ᠠ᠂ ᠲᠠᠷᠢᠶᠠᠯᠠᠩ ᠤᠨ ᠮᠠᠰᠢᠨ ᠤ ᠲᠣᠮᠣ | ᠡᠷᠦᠬᠡ᠃ | ( ᠬᠤᠶᠠᠷ ) ᠢᠵᠢ ᠪᠦᠷᠢᠳᠦᠭᠦᠯᠬᠦ ᠬᠥᠳᠡᠯᠭᠡᠬᠦ ᠬᠦᠴᠦᠨ᠄ ᠦᠨᠳᠦᠰᠦ ᠶᠢ ᠠᠷᠢᠯᠭᠠᠬᠤ + ᠡᠷᠭᠢᠯᠳᠦᠭᠦᠯᠦᠨ | ᠬᠠᠭᠠᠯᠪᠤᠷᠢᠯᠠᠬᠤ + ᠭᠦᠨ ᠬᠦᠪᠰᠦᠭᠡᠷᠵᠢᠭᠦᠯᠬᠦ ᠭᠤᠷᠪᠠᠨ ᠵᠦᠢᠯ ᠤᠨ ᠠᠵᠢᠯ ᠪᠤᠶᠤ ᠤᠯᠠᠨ ᠲᠠᠯ᠎ᠠ ᠶᠢᠨ | ᠬᠤᠤᠰᠯᠠᠭᠰᠠᠨ ᠮᠠᠶ᠋ᠢᠭ ᠤᠨ ᠠᠵᠢᠯ ᠂ ᠬᠦᠷᠳᠦ ᠶᠢᠨ ᠬᠡᠯᠪᠡᠷᠢ ᠶᠢᠨ 150 ᠮᠤᠷᠢᠨ ᠤ ᠬᠦᠴᠦ ᠠᠴᠠ ᠳᠡᠭᠡᠭᠰᠢ | ᠳᠥᠷᠪᠡᠨ ᠬᠦᠷᠳᠦᠲᠦ ᠬᠥᠳᠡᠯᠭᠡᠭᠦᠷ ᠲᠷᠠᠺᠲ᠋ᠣᠷ ᠬᠡᠷᠡᠭᠯᠡᠬᠦ ᠶᠢ ᠱᠠᠭᠠᠷᠳᠠᠨ᠎ᠠ᠃ | ( ᠭᠤᠷᠪᠠ ) ᠢᠵᠢ ᠪᠦᠷᠢᠳᠦᠭᠦᠯᠬᠦ ᠮᠧᠬᠠᠨᠢᠭ ᠪᠠᠭᠠᠵᠢ᠄ ᠠᠵᠢᠯᠯᠠᠬᠤ ᠮᠠᠰᠢᠨᠴᠢ ᠬᠥᠳᠡᠯᠭᠡᠭᠴᠢ ᠬᠦᠴᠦᠨ ᠤ ᠮᠧᠬᠠᠨᠢᠭ | ᠤᠨ ᠪᠣᠳᠠᠲᠤ ᠪᠠᠶᠢᠳᠠᠯ ᠢ ᠦᠨᠳᠦᠰᠦᠯᠡᠨ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠭᠠᠭᠴᠠ ᠵᠦᠢᠯ ᠤᠨ ᠭᠦᠨ | ᠬᠥᠪᠰᠥᠭᠡᠷ ᠭᠠᠵᠠᠷ ᠲᠡᠭᠰᠢᠯᠡᠬᠦ ᠮᠧᠬᠠᠨᠢᠭ ᠪᠠᠭᠠᠵᠢ᠂ ᠬᠤᠤᠰᠯᠠᠭᠰᠠᠨ ᠮᠠᠶ᠋ᠢᠭ ᠶᠢᠨ ᠭᠦᠨ ᠬᠥᠪᠰᠥᠭᠡᠷ ᠭᠠᠵᠠᠷ | ᠲᠡᠭᠰᠢᠯᠡᠬᠦ ᠮᠧᠬᠠᠨᠢᠭ ᠪᠠᠭᠠᠵᠢ ᠶᠢ ᠰᠠᠶᠢᠨ ᠳᠤᠷ᠎ᠠ ᠠᠴᠠ ᠪᠠᠨ ᠰᠣᠩᠭᠤᠨ ᠤᠭᠰᠠᠷᠠᠨ᠎ᠠ᠃ ᠨᠥᠬᠦᠴᠡᠯ ᠳᠤ ᠨᠡᠶᠢᠴᠡᠬᠦ | ᠲᠡᠷᠭᠡ᠂ ᠮᠠᠰᠢᠨ ᠪᠠᠭᠠᠵᠢ ᠵᠡᠷᠭᠡ ᠳᠤ ᠦᠨᠳᠦᠰᠦᠨ ᠮᠡᠳᠡᠭᠡ ᠵᠠᠩᠭᠢ ᠶᠢᠨ ᠳᠠᠩᠰᠠ ᠡᠪᠬᠡᠮᠡᠯ ᠢ ᠨᠢᠭᠡᠳᠦᠯᠲᠡᠶ | ᠪᠠᠶᠢᠭᠤᠯᠵᠤ᠂ ᠲᠠᠷᠢᠶᠠᠯᠠᠩ ᠤᠨ ᠮᠠᠰᠢᠨ ᠤ ᠭᠦᠨ ᠬᠦᠪᠰᠦᠭᠡᠷᠵᠢᠭᠦᠯᠬᠦ ᠲᠥᠬᠦᠭᠡᠷᠦᠮᠵᠢ ᠨᠢᠭᠡᠪᠦᠷᠢ ᠳᠤ ᠡᠷᠬᠡᠪᠰᠢ | ᠨᠥᠬᠦᠴᠡᠯ ᠳᠤ ᠨᠡᠶᠢᠴᠡᠭᠰᠡᠨ ᠭᠦᠨ ᠬᠥᠪᠰᠥᠭᠡᠷ ᠭᠠᠵᠠᠷ ᠲᠡᠭᠰᠢᠯᠡᠬᠦ ᠢ ᠬᠢᠨᠠᠨ ᠬᠡᠮᠵᠢᠬᠦ ᠬᠡᠮᠵᠢᠭᠦᠷᠯᠢᠭ ᠢ ᠤᠭᠰᠠᠷᠠᠬᠤ | ᠶᠢᠨ ᠬᠠᠮᠲᠤ ᠠᠵᠢᠯᠯᠠᠬᠤ ᠬᠤᠭᠤᠴᠠᠭᠠᠨ ᠤ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃ | ᠳᠥᠷᠪᠡ᠂ ᠰᠢᠯᠭᠠᠨ ᠠᠪᠬᠤ ᠪᠠᠷᠢᠮᠵᠢᠶ᠎ᠠ ᠬᠢᠭᠡᠳ ᠨᠥᠬᠦᠪᠥᠷᠢ | ( ᠨᠢᠭᠡ ) ᠡᠷᠬᠡᠪᠰᠢ ᠭᠦᠨ ᠬᠦᠪᠰᠦᠭᠡᠷᠵᠢᠭᠦᠯᠬᠦ ᠠᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠲᠠᠷᠢᠶᠠᠯᠠᠩ ᠤᠨ ᠮᠠᠰᠢᠨ | ᠪᠠᠭᠠᠵᠢ ᠶᠢ ᠰᠣᠩᠭᠤᠵᠤ ᠠᠵᠢᠯᠯᠠᠬᠤ ᠬᠡᠷᠡᠭᠲᠡᠶ᠃ ᠨᠥᠬᠦᠴᠡᠯ ᠳᠤ ᠬᠦᠷᠬᠦ ᠦᠭᠡᠢ ᠮᠧᠬᠠᠨᠢᠭ ᠪᠠᠭᠠᠵᠢ ᠶᠢ ᠰᠣᠩᠭᠤᠨ | ᠬᠡᠷᠡᠭᠯᠡᠵᠦ ᠠᠵᠢᠯ ᠬᠢᠭᠰᠡᠨ ᠪᠤᠶᠤ ᠰᠢᠯᠭᠠᠨ ᠠᠪᠴᠤ ᠳᠠᠩᠰᠠᠯᠠᠭᠤᠯᠤᠭᠰᠠᠨ ᠦᠭᠡᠢ ᠲᠠᠷᠢᠶᠠᠯᠠᠩ ᠤᠨ ᠮᠧᠬᠠᠨᠢᠭ ᠪᠠᠭᠠᠵᠢ | ᠬᠡᠷᠡᠭᠯᠡᠭᠰᠡᠨ ᠪᠠᠶᠢᠪᠠᠯ᠂ ᠭᠦᠨ ᠬᠦᠪᠰᠦᠭᠡᠷᠵᠢᠭᠦᠯᠬᠦ ᠨᠥᠬᠦᠪᠥᠷᠢ ᠥᠭᠬᠦ ᠦᠭᠡᠢ᠃ | ( ᠬᠤᠶᠠᠷ ) ᠠᠵᠢᠯᠯᠠᠬᠤ ᠬᠤᠭᠤᠴᠠᠭᠠᠨ ᠳᠤ GPS ᠤᠨ ᠠᠵᠢᠯ ᠤᠨ ᠬᠡᠪ ᠤᠨ ᠪᠠᠶᠢᠳᠠᠯ ᠢ ᠡᠷᠬᠡᠪᠰᠢ ᠪᠠᠲᠤᠯᠠᠬᠤ | ᠬᠡᠷᠡᠭᠲᠡᠶ᠃ ᠭᠦᠨ ᠬᠦᠪᠰᠦᠭᠡᠷᠵᠢᠭᠦᠯᠬᠦ ᠠᠵᠢᠯ ᠤᠨ ᠵᠠᠮ ᠮᠥᠷ ᠢ ᠦᠨᠳᠦᠰᠦᠯᠡᠨ ᠠᠵᠢᠯᠯᠠᠬᠤ ᠶᠠᠰᠤ ᠴᠢᠨᠠᠷ ᠲᠤ ᠴᠠᠭ | ᠲᠤᠬᠠᠶ ᠳᠤᠨᠢ ᠲᠣᠬᠢᠷᠠᠭᠤᠯᠤᠯᠲᠠ ᠬᠢᠵᠦ᠂ ᠭᠦᠨ ᠬᠦᠪᠰᠦᠭᠡᠷᠵᠢᠭᠦᠯᠬᠦ ᠪᠠᠷᠢᠮᠵᠢᠶ᠎ᠠ ᠳᠤ ᠬᠦᠷᠬᠦ ᠶᠢ ᠦᠨᠡᠨ ᠬᠦ | ᠪᠠᠲᠤᠯᠠᠨ᠎ᠠ᠃ | ( ᠭᠤᠷᠪᠠ ) ᠲᠠᠷᠢᠶᠠᠯᠠᠩ ᠤᠨ ᠮᠠᠰᠢᠨ ᠤ ᠲᠣᠪᠴᠢᠶ᠎ᠠ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠤᠨ ᠲᠤᠬᠠᠢ | ᠶᠢᠨ ᠭᠠᠵᠠᠷ ᠲᠤ ᠰᠤᠩᠭᠠᠨ ᠪᠠᠶᠢᠴᠠᠭᠠᠯᠲᠠ ᠬᠢᠬᠦ ᠶᠢ ᠬᠠᠷᠢᠭᠤᠴᠠᠬᠤ ᠪᠠᠷ ᠳᠠᠮᠵᠢᠨ᠂ ᠬᠢᠨᠠᠨ ᠬᠡᠮᠵᠢᠭᠰᠡᠨ ᠲᠤᠭ᠎ᠠ | ᠪᠠᠷᠢᠮᠲᠠ ᠳᠤ ᠬᠢᠨᠠᠨ ᠰᠢᠯᠭᠠᠨ ᠪᠠᠶᠢᠴᠠᠭᠠᠨ᠎ᠠ᠂ ᠠᠨᠵᠢᠰᠤ ᠶᠢᠨ ᠬᠤᠸᠠ ᠶᠢᠨ ᠬᠤᠭᠤᠷᠣᠨᠳᠣᠬᠢ ᠵᠠᠢ ᠶᠢ 60 | ᠰᠠᠨᠲ᠋ᠢᠮᠧᠲᠷ ᠠᠴᠠ ᠬᠡᠲᠦᠷᠡᠭᠦᠯᠵᠦ ᠪᠣᠯᠬᠤ ᠦᠭᠡᠢ᠂ ᠭᠦᠨ ᠬᠦᠪᠰᠦᠭᠡᠷᠵᠢᠭᠦᠯᠬᠦ ᠠᠵᠢᠯᠯᠠᠬᠤ ᠭᠦᠨ ᠨᠢ 30 | ᠰᠠᠨᠲ᠋ᠢᠮᠧᠲᠷ ᠠᠴᠠ ᠳᠡᠭᠡᠭᠰᠢᠬᠢ ᠨᠢ ᠬᠢᠷᠢ ᠲᠡᠩᠴᠡᠭᠰᠡᠨ ᠠᠵᠢᠯᠯᠠᠬᠤ ᠲᠠᠯᠠᠪᠠᠢ ᠃ ᠡᠨᠡ ᠪᠠᠷᠢᠮᠵᠢᠶ᠎ᠠ ᠠᠴᠠ ᠳᠣᠣᠷ᠎ᠠ | ᠪᠣᠯ ᠬᠢᠷᠢ ᠲᠡᠩᠴᠡᠬᠦ ᠦᠭᠡᠢ᠃ ᠬᠡᠷᠪᠡ ᠬᠢᠨᠠᠨ ᠬᠡᠮᠵᠢᠬᠦ ᠪᠠᠭᠠᠵᠢ ᠬᠡᠷᠡᠭᠰᠡᠯ ᠤᠨ ᠠᠩᠬᠠᠨ ᠤ ᠤᠭᠰᠠᠷᠠᠬᠤ ᠪᠠᠶᠢᠷᠢ ᠶᠢ | ᠳᠤᠷ᠎ᠠ ᠪᠠᠷ ᠢᠶᠠᠨ ᠥᠭᠡᠷᠡᠴᠢᠯᠡᠵᠦ᠂ ᠭᠦᠨ ᠬᠦᠪᠰᠦᠭᠡᠷᠵᠢᠭᠦᠯᠬᠦ ᠤᠳᠬᠤᠭᠤᠷ ᠤᠨ ᠲᠤᠭ᠎ᠠ ᠬᠡᠮᠵᠢᠶ᠎ᠡ ᠶᠢ | ᠪᠠᠭᠠᠰᠬᠠᠵᠤ᠂ ᠬᠤᠳᠠᠯ ᠬᠡᠯᠡᠵᠦ ᠬᠠᠭᠤᠷᠮᠠᠭ ᠢᠶᠠᠷ ᠦᠶᠯᠡᠳᠦᠭᠰᠡᠨ ᠪᠠᠶᠢᠪᠠᠯ᠂ ᠭᠦᠨ ᠬᠥᠪᠰᠥᠭᠡᠷ ᠭᠠᠵᠠᠷ ᠲᠡᠭᠰᠢᠯᠡᠬᠦ | ᠨᠥᠬᠦᠪᠥᠷᠢ ᠶᠢᠨ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ | ( ᠳᠥᠷᠪᠡ ) ᠭᠦᠨ ᠬᠥᠪᠰᠥᠭᠡᠷ ᠭᠠᠵᠠᠷ ᠲᠡᠭᠰᠢᠯᠡᠬᠦ ᠢ ᠬᠢᠨᠠᠨ ᠬᠡᠮᠵᠢᠬᠦ ᠬᠡᠮᠵᠢᠭᠦᠷᠯᠢᠭ ᠤᠨ ᠲᠡᠮᠳᠡᠭᠯᠡᠭᠰᠡᠨ ᠬᠢᠷᠢ | ᠲᠡᠩᠴᠡᠭᠰᠡᠨ ᠲᠤᠭ᠎ᠠ ᠪᠠᠷᠢᠮᠲᠠ ᠪᠠᠷ ᠰᠢᠯᠭᠠᠨ ᠠᠪᠬᠤ ᠦᠨᠳᠦᠰᠦᠯᠡᠯ ᠪᠣᠯᠭᠠᠵᠤ ᠂ ᠲᠠᠷᠢᠶᠠᠴᠢᠨ ᠡᠷᠦᠬᠡ᠂ ᠲᠠᠷᠢᠶᠠᠯᠠᠩ | ᠤᠨ ᠮᠠᠰᠢᠨ ᠤ ᠥᠷᠲᠡᠭᠡᠨ ᠤ ᠳᠠᠷᠤᠭ᠎ᠠ ᠬᠠᠮᠲᠤ ᠪᠠᠷ ᠬᠦᠨ ᠬᠥᠪᠰᠥᠭᠡᠷ ᠭᠠᠵᠠᠷ ᠲᠡᠭᠰᠢᠯᠡᠬᠦ ᠲᠠᠯᠠᠪᠠᠢ ᠶᠢ | ᠨᠤᠲᠠᠯᠠᠭᠰᠠᠨ ᠤ ᠳᠠᠷᠠᠭ᠎ᠠ᠂ ᠭᠠᠴᠠᠭᠠᠨ ᠤ ᠠᠷᠠᠳ ᠤᠨ ᠵᠥᠪᠯᠡᠯ ᠳᠤ 7 ᠡᠳᠦᠷ ᠵᠠᠷᠯᠠᠨ ᠨᠡᠶᠢᠲᠡᠯᠡᠵᠦ᠂ ᠣᠨᠳᠣᠣ | ᠰᠠᠨᠠᠯ ᠦᠭᠡᠢ ᠪᠣᠯ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠭᠦᠨ ᠬᠥᠪᠰᠥᠭᠡᠷ ᠭᠠᠵᠠᠷ ᠲᠡᠭᠰᠢᠯᠡᠬᠦ ᠠᠯᠪᠠᠨ ᠭᠡᠷ | ᠲᠤ ᠮᠡᠳᠡᠭᠦᠯᠦᠨ ᠳᠠᠩᠰᠠᠯᠠᠭᠤᠯᠤᠨ᠎ᠠ᠃ | ( ᠲᠠᠪᠤ ) ᠭᠦᠨ ᠬᠥᠪᠰᠥᠭᠡᠷ ᠭᠠᠵᠠᠷ ᠲᠡᠭᠰᠢᠯᠡᠬᠦ ᠲᠥᠷᠥᠯ ᠵᠦᠢᠯ ᠳᠤ ᠤᠯᠤᠰ ᠠᠴᠠ 25 ᠲᠥᠭᠦᠷᠢᠭ \ ᠮᠣ᠋ ᠶᠢᠨ | ᠨᠥᠬᠦᠪᠥᠷᠢ ᠣᠯᠭᠤᠨ᠎ᠠ᠃ ᠬᠤᠤᠰᠯᠠᠭᠰᠠᠨ ᠮᠠᠶ᠋ᠢᠭ ᠶᠢᠨ ᠠᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ | ᠶᠠᠪᠤᠳᠠᠯ ᠢ ᠲᠠᠷᠢᠶᠠᠴᠢᠨ ᠡᠷᠦᠬᠡ ᠪᠣᠯᠤᠨ ᠬᠤᠷᠰᠢᠶ᠎ᠠ᠂ ᠮᠠᠰᠢᠨᠴᠢᠨ ᠵᠥᠪᠳᠡᠯᠴᠡᠨ ᠲᠣᠭᠲᠠᠭᠠᠨ᠎ᠠ᠃ ᠢᠯᠠ ᠨᠡᠶᠢᠲᠡᠯᠡᠬᠦ | ᠪᠠᠷ ᠳᠠᠮᠵᠢᠭᠠᠳ ᠣᠨᠳᠣᠣ ᠰᠠᠨᠠᠯ ᠥᠬᠡᠶ ᠪᠣᠯᠤᠭᠰᠠᠨ ᠤ ᠲᠠᠷᠠᠭ᠎ᠠ᠂ ᠲᠠᠷᠢᠶᠠᠯᠠᠩ ᠤᠨ ᠮᠠᠰᠢᠨ ᠤ ᠰᠠᠯᠠᠭ᠎ᠠ ᠮᠥᠴᠢᠷ ᠨᠢ | ᠰᠢᠯᠭᠠᠨ ᠠᠪᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠠᠰ ᠳᠠᠷᠠᠭᠠᠯᠠᠯ ᠤᠨ ᠶᠣᠰᠣᠭᠠᠷ ᠳᠡᠭᠡᠭᠰᠢ ᠮᠡᠳᠡᠭᠦᠯᠵᠦ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠤᠯᠤᠰ ᠤᠨ ᠭᠦᠨ ᠬᠥᠪᠰᠥᠭᠡᠷ ᠭᠠᠵᠠᠷ ᠲᠡᠭᠰᠢᠯᠡᠬᠦ ᠨᠥᠬᠦᠪᠥᠷᠢ ᠶᠢᠨ | ᠪᠡᠯᠡ ᠮᠥᠩᠭᠦ ᠶᠢ ᠺᠠᠷᠲ ᠢᠶᠠᠷ ᠳᠠᠮᠵᠢᠭᠤᠯᠤᠨ ᠠᠵᠢᠯ ᠤᠨ ᠮᠠᠰᠢᠨᠴᠢ ᠳᠤ ᠥᠭᠭᠦᠨ᠎ᠡ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠢᠭᠡᠳ ᠠᠵᠢᠯ ᠤᠨ ᠱᠠᠭᠠᠷᠳᠠᠯᠭ᠎ᠠ | ( ᠨᠢᠭᠡ ) ᠠᠵᠢᠯ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ 2019 ᠣᠨ ᠤ | ᠲᠠᠷᠢᠶᠠᠯᠠᠩ ᠤᠨ ᠮᠠᠰᠢᠨ ᠤ ᠬᠦᠨ ᠬᠥᠪᠰᠥᠭᠡᠷ ᠭᠠᠵᠠᠷ ᠲᠡᠭᠰᠢᠯᠡᠬᠦ ᠠᠵᠢᠯ ᠤᠨ ᠡᠭᠦᠷᠭᠡ ᠶᠢ ᠤᠷᠤᠭᠰᠢᠲᠠᠶ | ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠠᠷᠢᠶᠠᠯᠠᠩ ᠤᠨ ᠮᠠᠰᠢᠨ ᠤ ᠲᠣᠪᠴᠢᠶ᠎ᠠ ᠠᠴᠠ ᠲᠠᠷᠢᠶᠠᠯᠠᠩ | ᠤᠨ ᠮᠠᠰᠢᠨ ᠤ ᠬᠦᠨ ᠬᠥᠪᠰᠥᠭᠡᠷ ᠭᠠᠵᠠᠷ ᠲᠡᠭᠰᠢᠯᠡᠬᠦ ᠲᠤᠰᠬᠠᠶ ᠤᠳᠤᠷᠢᠳᠬᠤ ᠳᠤᠭᠤᠢᠢᠯᠠᠩ ᠪᠠᠶᠢᠭᠤᠯᠵᠤ᠂ ᠵᠣᠬᠢᠶᠠᠨ | ᠪᠠᠶᠢᠭᠤᠯᠵᠤ ᠵᠣᠬᠢᠴᠠᠭᠤᠯᠬᠤ ᠪᠠ ᠰᠢᠯᠭᠠᠨ ᠠᠪᠬᠤ ᠵᠡᠷᠭᠡ ᠪᠣᠳᠠᠲᠠᠶ ᠠᠵᠢᠯ ᠢ ᠬᠠᠷᠢᠭᠤᠴᠠᠭᠤᠯᠤᠨ᠎ᠠ ( ᠤᠳᠤᠷᠢᠳᠬᠤ | ᠳᠤᠭᠤᠢᠢᠯᠠᠩ ᠤᠨ ᠪᠦᠷᠢᠯᠳᠦᠬᠦᠨ ᠤ ᠨᠡᠷᠡᠰ ᠢ ᠠᠷᠤ ᠳᠤ ᠳᠠᠭᠠᠯᠳᠤᠭᠤᠯᠪᠠ )᠃ | ( ᠬᠤᠶᠠᠷ ) ᠭᠦᠨ ᠬᠦᠪᠰᠦᠭᠡᠷᠵᠢᠭᠦᠯᠬᠦ ᠠᠵᠢᠯ ᠤᠨ ᠲᠠᠯᠠᠪᠠᠢ ᠶᠢ ᠬᠢᠨᠠᠮᠠᠭᠠᠢ ᠨᠠᠢᠳᠠᠪᠤᠷᠢᠵᠢᠭᠤᠯᠬᠤ ᠬᠡᠷᠡᠭᠲᠡᠢ᠃ ᠡᠯ᠎ᠡ | ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠲᠠᠷᠢᠶᠠᠨ ᠭᠠᠵᠠᠷ᠂ ᠲᠠᠷᠢᠶᠠᠯᠠᠩ ᠤᠨ ᠮᠠᠰᠢᠨ ᠤ ᠢᠵᠢ ᠪᠦᠷᠢᠳᠦᠭᠦᠯᠬᠦ | ᠵᠡᠷᠭᠡ ᠪᠠᠶᠢᠳᠠᠯ ᠢ ᠶᠡᠷᠦᠩᠬᠡᠶᠢᠯᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠵᠠᠷᠴᠢᠮ ᠶᠣᠰᠣᠭᠠᠷ᠂ | ᠬᠡᠷᠡᠭᠵᠢᠭᠦᠯᠬᠦ ᠠᠵᠢᠯ ᠤᠨ ᠲᠠᠯᠠᠪᠠᠢ ᠶᠢ ᠵᠦᠢ ᠵᠣᠬᠢᠰᠲᠠᠶ ᠲᠣᠭᠲᠠᠭᠠᠵᠤ᠂ ᠬᠡᠪᠴᠢᠶᠡᠵᠢᠭᠦᠯᠦᠨ ᠠᠵᠢᠯᠯᠠᠬᠤ ᠣᠷᠣᠨ | ᠪᠦᠰᠡ ᠶᠢ ᠪᠦᠷᠢᠯᠳᠦᠭᠦᠯᠦᠨ᠎ᠡ᠃ | ( ᠭᠤᠷᠪᠠ ) ᠰᠢᠯᠭᠠᠨ ᠠᠪᠬᠤ ᠪᠠ ᠨᠥᠬᠦᠪᠥᠷᠢ ᠶᠢ ᠦᠭᠬᠦ ᠶᠢ ᠴᠢᠩᠳᠠᠯᠠᠬᠤ ᠬᠡᠷᠡᠭᠲᠡᠢ᠃ ᠬᠦᠨ ᠬᠥᠪᠰᠥᠭᠡᠷ ᠭᠠᠵᠠᠷ | ᠲᠡᠭᠰᠢᠯᠡᠬᠦ ᠠᠵᠢᠯ ᠤᠨ ᠨᠥᠬᠦᠪᠥᠷᠢ ᠥᠭᠬᠦ ᠠᠵᠢᠯ ᠢ ︽ᠤᠷᠢᠳᠠᠪᠠᠷ ᠠᠵᠢᠯᠯᠠᠭᠤᠯᠵᠤ ᠳᠠᠷᠠᠭ᠎ᠠ ᠨᠢ ᠨᠥᠬᠦᠪᠥᠷᠢ ᠥᠭᠬᠦ᠂ | ᠤᠷᠢᠳᠠᠪᠠᠷ ᠵᠠᠷᠯᠠᠨ ᠨᠡᠶᠢᠲᠡᠯᠡᠵᠦ ᠳᠠᠷᠠᠭ᠎ᠠ ᠨᠢ ᠪᠡᠯᠡᠨ ᠵᠣᠭᠤᠰ ᠣᠯᠭᠤᠬᠤ︾ ᠳᠡᠰ ᠳᠠᠷᠠᠭᠠᠯᠠᠯ ᠢᠶᠠᠷ | ᠶᠠᠪᠤᠭᠳᠠᠭᠤᠯᠤᠨ᠎ᠠ᠃ ᠲᠠᠷᠢᠶᠠᠯᠠᠩ ᠤᠨ ᠮᠠᠰᠢᠨ ᠤ ᠭᠦᠨ ᠬᠥᠪᠰᠥᠭᠡᠷ ᠭᠠᠵᠠᠷ ᠲᠡᠭᠰᠢᠯᠡᠬᠦ ᠠᠵᠢᠯ ᠳᠠᠭᠤᠰᠤᠭᠰᠠᠨ ᠤ | ᠲᠠᠷᠠᠭ᠎ᠠ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠦᠨᠡᠨ ᠢᠶᠠᠷ ᠨᠢ ᠮᠡᠳᠡᠭᠦᠯᠵᠦ᠂ ᠲᠠᠷᠢᠶᠠᠯᠠᠩ ᠤᠨ ᠮᠠᠰᠢᠨ ᠤ | ᠰᠠᠯᠠᠭ᠎ᠠ ᠮᠥᠴᠢᠷ ᠠᠵᠢᠯᠯᠠᠬᠤ ᠬᠤᠭᠤᠴᠠᠭᠠᠨ ᠲᠠᠭᠠᠨ ᠴᠠᠭ ᠲᠤᠬᠠᠢ ᠲᠤᠨᠢ ᠰᠤᠭᠤᠴᠢᠨ ᠪᠠᠶᠢᠴᠠᠭᠠᠯᠲᠠ ᠬᠢᠵᠦ᠂ | ᠬᠤᠳᠠᠯ ᠢᠶᠠᠷ ᠬᠢᠵᠦ ᠬᠠᠭᠤᠷᠮᠠᠭᠯᠠᠨ ᠵᠣᠬᠢᠶᠠᠭᠰᠠᠨ᠂ ᠮᠡᠷᠭᠡᠵᠢᠯ ᠤᠨ ᠱᠠᠭᠠᠷᠳᠠᠯᠭ᠎ᠠ ᠨᠢ ᠪᠠᠷᠢᠮᠵᠢᠶ᠎ᠠ ᠳᠤ ᠬᠦᠷᠦᠭᠰᠡᠨ | ᠦᠭᠡᠢ ᠵᠡᠷᠭᠡ ᠦᠢᠯᠡ ᠠᠵᠢᠯᠯᠠᠭ᠎ᠠ ᠶᠢ ᠣᠯᠵᠤ ᠮᠡᠳᠡᠪᠡᠯ ᠨᠥᠬᠦᠪᠥᠷᠢ ᠶᠢ ᠨᠢ ᠦᠭᠬᠦ ᠦᠭᠡᠢ᠃ | ︵ᠳᠥᠷᠪᠡ︶ ᠮᠡᠷᠭᠡᠵᠢᠯ ᠤᠨ ᠵᠢᠯᠣᠭᠤᠳᠣᠯᠭ᠎ᠠ ᠪᠠ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠲᠠᠷᠢᠶᠠᠯᠠᠩ | ᠤᠨ ᠮᠠᠰᠢᠨ ᠤ ᠰᠠᠯᠠᠭ᠎ᠠ ᠮᠥᠴᠢᠷ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠡᠯ᠎ᠡ ᠰᠢᠶᠠᠩ | ᠪᠠᠯᠭᠠᠰᠤᠨ ᠳᠤ ᠭᠦᠨᠵᠡᠭᠡᠶᠢᠷᠡᠭᠦᠯᠦᠨ᠂ ᠮᠡᠷᠭᠡᠵᠢᠯ ᠤᠨ ᠪᠣᠯᠪᠠᠰᠤᠷᠠᠯ ᠪᠠ ᠲᠤᠬᠠᠶ ᠶᠢᠨ ᠭᠠᠵᠠᠷ ᠤᠨ ᠵᠢᠯᠣᠭᠤᠳᠤᠯᠭ᠎ᠠ | ᠶᠢ ᠬᠢᠨᠠᠮᠠᠭᠠᠶ ᠥᠷᠨᠢᠭᠦᠯᠬᠦ ᠬᠡᠷᠡᠭᠲᠡᠶ᠃ ᠡᠭᠦᠨ ᠤ ᠵᠡᠷᠭᠡᠴᠡᠭᠡ ᠪᠠᠷ᠂ ᠤᠯᠠᠨ ᠵᠦᠢᠯ ᠤᠨ ᠵᠠᠭᠤᠴᠢᠯᠠᠭᠤᠷ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠠᠵᠢᠯ ᠤᠨ ᠪᠠᠶᠢᠳᠠᠯ ᠢ ᠤᠬᠠᠭᠤᠯᠬᠤ | ᠡᠷᠴᠢᠮ ᠢᠶᠠᠨ ᠴᠢᠩᠭᠠᠳᠬᠠᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠥᠷᠭᠡᠨ | ᠤᠯᠠᠨ ᠠᠷᠠᠳ ᠲᠦᠮᠡᠨ ᠳᠤ ᠲᠡᠭᠦᠨ ᠠᠴᠠ ᠨᠠᠩ ᠰᠠᠶᠢᠨ ᠠᠰᠢᠭ ᠲᠤᠰᠠ ᠬᠦᠷᠲᠡᠭᠡᠬᠦ ᠬᠡᠷᠡᠭᠲᠡᠶ᠃ | ᠳᠠᠭᠠᠯᠳᠤᠭᠤᠯᠤᠯ | 1 . ᠬᠠᠷᠠᠴᠢᠨ ᠬᠤᠰᠢᠭᠤᠨ ᠤ 2019 ᠣᠨ ᠤ ᠲᠠᠷᠢᠶᠠᠯᠠᠩ ᠤᠨ ᠮᠠᠰᠢᠨ ᠤ ᠭᠦᠨ ᠬᠥᠪᠰᠥᠭᠡᠷ ᠭᠠᠵᠠᠷ | ᠲᠡᠭᠰᠢᠯᠡᠬᠦ ᠠᠵᠢᠯᠯᠠᠬᠤ ᠲᠥᠷᠥᠯ ᠵᠦᠢᠯ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠤ ᠨᠡᠷᠡᠰ | 2 . ᠬᠠᠷᠠᠴᠢᠨ ᠬᠤᠰᠢᠭᠤᠨ ᠤ 2019 ᠣᠨ ᠤ ᠲᠠᠷᠢᠶᠠᠯᠠᠩ ᠤᠨ ᠮᠠᠰᠢᠨ ᠤ ᠭᠦᠨ ᠬᠥᠪᠰᠥᠭᠡᠷ ᠭᠠᠵᠠᠷ | ᠲᠡᠭᠰᠢᠯᠡᠬᠦ ᠲᠠᠯᠠᠪᠠᠢ ᠶᠢᠨ ᠡᠭᠦᠷᠭᠡ ᠶᠢᠨ ᠬᠦᠰᠦᠨᠦᠭ | ᠳᠠᠭᠠᠯᠳᠤᠭᠤᠯᠤᠯ 1᠄ | ᠬᠠᠷᠠᠴᠢᠨ ᠬᠤᠰᠢᠭᠤᠨ ᠤ 2019 ᠣᠨ ᠲᠠᠷᠢᠶᠠᠯᠠᠩ ᠤᠨ ᠮᠠᠰᠢᠨ ᠤ ᠭᠦᠨ ᠬᠥᠪᠰᠥᠭᠡᠷ ᠭᠠᠵᠠᠷ ᠲᠡᠭᠰᠢᠯᠡᠬᠦ ᠲᠥᠷᠥᠯ | ᠵᠦᠶᠯ | ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠤ ᠨᠡᠷᠡᠰ | ᠳᠤᠭᠤᠢᠢᠯᠠᠩ ᠤᠨ ᠳᠠᠷᠤᠭ᠎ᠠ᠄ ᠮᠠ ᠰᠢᠶᠣᠤ ᠵᠢᠶᠦ᠋ᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠬᠤᠰᠢᠭᠤᠨ ᠳᠠᠷᠤᠭ᠎ᠠ | ᠳᠡᠳ᠋ ᠳᠤᠭᠤᠢᠢᠯᠠᠩ ᠤᠨ ᠳᠠᠷᠤᠭ᠎ᠠ᠄ ᠵᠠᠩ ᡁᠢ ᠬᠤᠸᠠ ᠬᠤᠰᠢᠭᠤᠨ ᠤ ᠲᠠᠷᠢᠶᠠᠯᠠᠩ ᠤᠨ ᠮᠠᠰᠢᠨ ᠤ ᠲᠥᠪ ᠤᠨ | ᠡᠷᠬᠢᠯᠡᠭᠴᠢ | ᠪᠦᠷᠢᠯᠳᠦᠬᠦᠨ᠄ ᠪᠠᠶ ᠯᠦᠩ ᠹᠧᠢ ᠮᠧᠶ ᠯᠢᠨ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠯᠢᠦ ᠵᠢᠶᠧ ᠸᠠᠩ ᠤᠨ ᠣᠷᠳᠣᠨ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠢᠦ᠋ᠢ ᠵᠢᠦ ᠴᠧᠨ ᠵᠢᠨᠱᠠᠨ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠯᠢ ᠸᠧᠨ ᠱᠦ ᠨᠢᠤ ᠵᠢᠶᠠ ᠶᠢᠩᠽᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ | ᠵᠢᠶᠠ ᠸᠧᠶ ᠸᠧᠶ ᠰᠢᠶᠣᠤ ᠨᠢᠤ ᠴᠢᠶᠦ᠋ᠨ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠸᠠᠩ ᠶᠠᠨ ᠹᠧᠢ ᠨᠠᠨᠲᠠᠢ ᠽᠢ ᠰᠢᠶᠠᠩ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠲᠠᠨ ᠰᠢᠶᠣᠤ ᠴᠢᠶᠠᠩ ᠱᠢ ᠵᠢᠶᠠ ᠮᠠᠨᠵᠤ ᠦᠨᠳᠦᠰᠦᠲᠡᠨ ᠤ ᠰᠢᠶᠠᠩ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ | ᠸᠠᠩ ᠶᠦᠩ ᠲᠠᠢ ᠨᠠᠷᠢᠨ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠯᠢᠦ ᠢᠩ ᠵᠢᠶᠧ ᠰᠢ ᠴᠢᠶᠣᠤ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠳ᠋ᠧᠦ ᠮᠢᠩ ᠰᠢᠤᠸᠠᠢ ᠡᠾᠧᠨᠠᠨ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠳᠡᠳ᠋ | ᠡᠷᠬᠢᠯᠡᠭᠴᠢ | ᠸᠠᠩ ᠶᠠᠨ ᠴᠢᠩ ᠾᠧᠪᠧᠢ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠳᠡᠳ᠋ | ᠡᠷᠬᠢᠯᠡᠭᠴᠢ | ᠯᠢᠦ ᠪᠠᠶ ᠴᠦᠨ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠲᠥᠪ ᠤᠨ ᠡᠷᠬᠢᠯᠡᠭᠴᠢ | ᠤᠳᠤᠷᠢᠳᠬᠤ ᠳᠤᠭᠤᠢᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠠᠷᠢᠶᠠᠯᠠᠩ ᠤᠨ ᠮᠠᠰᠢᠨ ᠤ | ᠲᠥᠪ ᠲᠤ ᠪᠠᠶᠢᠭᠤᠯᠤᠨ᠎ᠠ᠃ | ᠠᠯᠪᠠᠨ ᠭᠡᠷ ᠤᠨ ᠡᠷᠬᠢᠯᠡᠭᠴᠢ᠄ ᠯᠢᠦ ᠪᠠᠶ ᠴᠦᠨ | ᠠᠯᠪᠠᠨ ᠭᠡᠷ ᠤᠨ ᠬᠠᠷᠢᠯᠴᠠᠬᠤ ᠤᠲᠠᠰᠤ ᠄ 13804768201 | ᠳᠠᠭᠠᠯᠳᠤᠭᠤᠯᠤᠯ 2᠄ | ᠬᠠᠷᠠᠴᠢᠨ ᠬᠤᠰᠢᠭᠤᠨ ᠤ 2019 ᠣᠨ ᠤ ᠲᠠᠷᠢᠶᠠᠯᠠᠩ ᠤᠨ ᠮᠠᠰᠢᠨ ᠤ ᠭᠦᠨ ᠬᠥᠪᠰᠥᠭᠡᠷ ᠭᠠᠵᠠᠷ ᠲᠡᠭᠰᠢᠯᠡᠬᠦ | ᠲᠠᠯᠠᠪᠠᠢ ᠶᠢᠨ ᠡᠭᠦᠷᠭᠡ ᠶᠢᠨ ᠬᠦᠰᠦᠨᠦᠭ | ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠡᠷᠡᠶᠢᠳᠦᠯ | ᠬᠤᠪᠢᠶᠠᠷᠢᠯᠠᠬᠤ ᠲᠠᠯᠠᠪᠠᠢ ( ᠮᠣ᠋ ) | ᠮᠡᠶᠢᠷᠡᠨ ᠪᠠᠯᠭᠠᠰᠤ | 2000 | ᠵᠢᠨᠱᠠᠨ ᠪᠠᠯᠭᠠᠰᠤ᠂ ᠾᠧᠨᠠᠨ ᠤ ᠵᠡᠭᠡᠯᠢ ᠭᠤᠳᠤᠮᠵᠢ᠂ ᠾᠧᠪᠧᠢ ᠵᠡᠭᠡᠯᠢ ᠭᠤᠳᠤᠮᠵᠢ | 2000 | ᠨᠢᠤ ᠵᠢᠶᠠ ᠶᠢᠩᠽᠢ ᠪᠠᠯᠭᠠᠰᠤ | 5000 | ᠰᠢᠶᠣᠣ ᠨᠢᠦ ᠴᠢᠶᠦ᠋ᠨ ᠪᠠᠯᠭᠠᠰᠤ | 8000 | ᠨᠠᠨᠲᠠᠢ ᠽᠢ ᠰᠢᠶᠠᠩ | 8000 | ᠱᠢ ᠵᠢᠶᠠ ᠮᠠᠨᠵᠤ ᠦᠨᠳᠦᠰᠦᠲᠡᠨ ᠤ ᠰᠢᠶᠠᠩ | 10000 | ᠰᠢ ᠴᠢᠶᠣᠤ ᠪᠠᠯᠭᠠᠰᠤ | 15000 | ᠨᠠᠷᠢᠨ ᠪᠠᠯᠭᠠᠰᠤ | 20000 | ᠨᠡᠶᠢᠲᠡ | 70000 |