6 ᠰᠠᠷ᠎ᠠ ᠶᠢᠨ 4 ᠤ ᠡᠳᠦᠷ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠣᠯᠤᠨ ᠵᠢᠨᠱᠠᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠬᠠᠮᠲᠤᠷᠠᠨ ᠢᠳᠡᠭᠡᠨ ᠳᠤ ᠬᠤᠣᠷᠳᠠᠭᠳᠠᠬᠤ | ᠶᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠭᠡᠨᠡᠳᠲᠡ ᠡᠭᠦᠰᠦᠭᠰᠡᠨ ᠢᠳᠡᠭᠡᠨ ᠳᠤ | ᠬᠤᠣᠷᠳᠠᠭᠳᠠᠭᠰᠠᠨ ᠬᠡᠷᠡᠭ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠵᠠᠶ᠃ | | | | ᠨᠢᠭᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠡᠨᠡᠳᠲᠡ ᠡᠭᠦᠰᠦᠭᠰᠡᠨ ᠣᠯᠠᠨ ᠰᠤᠷᠤᠭᠴᠢ ᠢᠳᠡᠭᠡᠨ ᠳᠤ | ᠬᠤᠣᠷᠳᠠᠭᠳᠠᠭᠰᠠᠨ ᠬᠡᠷᠡᠭ ᠢᠶᠠᠷ ᠡᠬᠡ ᠳᠡᠪᠲᠡᠷ ᠪᠣᠯᠭᠠᠨ ᠰᠣᠷᠢᠯᠲᠠ ᠬᠢᠵᠦ᠂ ᠡᠩ ᠤᠨ ᠴᠢᠨᠠᠷᠲᠠᠶ ᠢᠳᠡᠭᠡᠨ ᠤ ᠠᠮᠤᠷ | ᠲᠦᠪᠰᠢᠨ ᠤ ᠭᠡᠨᠡᠳᠲᠡ ᠶᠢᠨ ᠬᠡᠷᠡᠭ ᠤᠨ ᠡᠭᠦᠰᠦᠭᠰᠡᠨ᠂ ᠠᠬᠢᠴᠠ᠂ ᠰᠢᠶᠳᠪᠦᠷᠢᠯᠡᠭᠰᠡᠨ ᠪᠠᠶᠢᠳᠠᠯ ᠢ ᠳᠠᠭᠤᠷᠢᠶᠠᠨ᠂ | ᠢᠳᠡᠭᠡᠨ ᠤ ᠠᠮᠤᠷ ᠲᠦᠪᠰᠢᠨ ᠤ ᠬᠡᠷᠡᠭ ᠲᠠᠬᠢ ᠡᠯ᠎ᠡ ᠵᠦᠶᠯ ᠤᠨ ᠳᠡᠰ ᠳᠠᠷᠠᠭᠠᠯᠠᠯ ᠤᠨ ᠠᠵᠢᠯᠯᠠᠭ᠎ᠠ ᠶᠢ ᠠᠯᠢ | ᠴᠢᠳᠠᠬᠤ ᠪᠠᠷ ᠡᠵᠡᠮᠰᠢᠵᠦ᠂ ᠪᠡᠯᠡᠳᠬᠡᠯ ᠲᠥᠰᠦᠯ ᠢ ᠲᠠᠬᠢᠵᠤ ᠴᠠᠭᠠᠰᠤᠨ ᠳᠡᠭᠡᠷ᠎ᠡ ᠴᠡᠷᠢᠭ ᠶᠠᠷᠢᠯᠴᠠᠬᠤ ᠥᠬᠡᠶ | ᠪᠣᠯᠭᠠᠨ᠎ᠠ᠃ | | | ᠰᠣᠷᠢᠯᠲᠠ ᠨᠢ ᠦᠳᠡ ᠶᠢᠨ ᠡᠮᠦᠨᠡᠬᠢ 9 ᠴᠠᠭ ᠲᠤ 10 ᠰᠤᠷᠤᠭᠴᠢ ᠪᠥᠭᠡᠯᠵᠢᠬᠦ ᠦᠵᠡᠭᠳᠡᠯ ᠢᠯᠡᠷᠡᠭᠰᠡᠨ ᠢᠶᠠᠷ | ᠰᠦᠪᠡᠭᠴᠢ ᠪᠣᠯᠭᠠᠵᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ | ᠮᠡᠳᠡᠭᠦᠯᠦᠯᠲᠡ ᠬᠢᠵᠦ᠂ ᠬᠠᠤᠯᠢ ᠬᠡᠷᠡᠭᠵᠢᠭᠦᠯᠬᠦ ᠠᠵᠢᠯᠲᠠᠳ ᠪᠡᠯᠡᠳᠬᠡᠯ ᠲᠥᠰᠦᠯ ᠤᠨ ᠶᠣᠰᠣᠭᠠᠷ ᠲᠤᠬᠠᠶ ᠶᠢᠨ | ᠲᠠᠯᠠᠪᠤᠷ ᠲᠤ ᠬᠦᠷᠴᠦ᠂ ᠲᠤᠬᠠᠶ ᠶᠢᠨ ᠲᠠᠯᠠᠪᠤᠷ ᠢ ᠪᠢᠲᠡᠭᠦᠮᠵᠢᠯᠡᠨ ᠬᠠᠳᠠᠭᠠᠯᠠᠬᠤ ᠠᠵᠢᠯ ᠢ ᠴᠠᠭ ᠲᠤᠬᠠᠶ ᠳᠤᠨᠢ | ᠰᠠᠶᠢᠲᠤᠷ ᠬᠢᠬᠦ ᠶᠢᠨ ᠬᠠᠮᠲᠤ ᠥᠯᠢᠭᠡᠷ ᠶᠠᠩᠵᠤ ᠦᠯᠡᠳᠡᠭᠡᠭᠰᠡᠨ ᠢᠳᠡᠭᠡᠨ ᠢ ᠪᠠᠶᠢᠴᠠᠭᠠᠵᠤ᠂ ᠲᠤᠬᠠᠶ ᠶᠢᠨ ᠲᠠᠯᠠᠪᠤᠷ | ᠤᠨ ᠪᠠᠶᠢᠴᠠᠭᠠᠯᠲᠠ ᠶᠢ ᠰᠠᠶᠢᠲᠤᠷ ᠬᠢᠨ᠎ᠡ᠃ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠡᠷᠡᠭᠦᠯ | ᠬᠠᠮᠠᠭᠠᠯᠠᠯ ᠤᠨ ᠤᠬᠠᠭᠠᠨ ᠤ ᠪᠠᠶᠢᠴᠠᠭᠠᠯᠲᠠ᠂ ᠳᠠᠭᠤᠷᠢᠶᠠᠮᠠᠯ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ | ᠵᠡᠷᠭᠡ ᠠᠵᠢᠯ ᠢ ᠳᠠᠭᠤᠷᠢᠶᠠᠨ ᠥᠷᠨᠢᠭᠦᠯᠦᠨ᠎ᠡ᠃ | ᠰᠣᠷᠢᠯᠲᠠ ᠳᠠᠭᠤᠰᠤᠭᠰᠠᠨ ᠤ ᠳᠠᠷᠠᠭ᠎ᠠ᠂ ᠲᠤᠰ ᠤᠳᠠᠭᠠᠨ ᠤ ᠰᠣᠷᠢᠯᠲᠠ ᠳᠠᠬᠢ ᠡᠯ᠎ᠡ ᠲᠠᠰᠤᠭ ᠤᠨ ᠢᠯᠡᠷᠡᠯ ᠳᠤ | ᠴᠢᠭᠯᠡᠭᠦᠯᠦᠨ ᠪᠥᠬᠦ ᠲᠠᠯ᠎ᠠ ᠪᠠᠷ ᠦᠨᠡᠯᠡᠯᠲᠡ ᠬᠢᠵᠦ᠂ ᠠᠰᠠᠭᠤᠳᠠᠯ ᠢ ᠡᠷᠢᠵᠦ᠂ ᠳᠤᠳᠠᠭᠳᠠᠯ ᠢ ᠭᠦᠶᠴᠡᠳ | ᠨᠥᠬᠦᠪᠥᠷᠢᠯᠡᠬᠦ ᠬᠡᠷᠡᠭᠲᠡᠶ᠃ ᠰᠣᠷᠢᠯᠲᠠ ᠬᠢᠬᠦ ᠪᠠᠷ ᠳᠠᠮᠵᠢᠭᠤᠯᠤᠨ ᠢᠳᠡᠭᠡᠨ ᠤ ᠬᠤᠤᠷᠳᠠᠯ ᠤᠨ ᠪᠠᠴᠢᠮ ᠪᠠᠶᠢᠳᠠᠯ ᠢ | ᠠᠷᠭᠠᠴᠠᠨ ᠰᠢᠶᠳᠪᠦᠷᠢᠯᠡᠬᠦ ᠲᠤᠬᠠᠶ ᠶᠢᠨ ᠲᠠᠯᠠᠪᠤᠷ ᠢ ᠵᠢᠯᠣᠭᠤᠳᠬᠤ᠂ ᠪᠠᠶᠢᠴᠠᠭᠠᠬᠤ᠂ ᠡᠵᠡᠮᠳᠡᠬᠦ ᠵᠡᠷᠭᠡ ᠴᠢᠳᠠᠪᠤᠷᠢ ᠶᠢ | ᠳᠡᠭᠡᠭᠰᠢᠯᠡᠭᠦᠯᠵᠦ᠂ ᠲᠤᠰ ᠤᠳᠠᠭᠠᠨ ᠤ ᠰᠣᠷᠢᠯᠲᠠ ᠳᠤ ᠵᠢᠱᠢᠭᠰᠡᠨ ᠦᠷ᠎ᠡ ᠪᠦᠲᠦᠮᠵᠢ ᠣᠯᠪᠠ᠃ |