ᠰᠠᠭᠤᠷᠢ ᠶᠢ ᠴᠢᠩᠭᠠᠳᠬᠠᠵᠤ  ᠪᠤᠳᠠᠳᠠᠢ ᠶᠢ ᠡᠷᠬᠢᠮᠯᠡᠨ ᠰᠢᠨ᠎ᠡ ᠶᠢ ᠡᠭᠦᠳᠴᠦ  ᠤᠯᠠᠨ ᠵᠦᠢᠯ ᠤᠨ ᠠᠷᠭ᠎ᠠ  ᠶᠢ ᠵᠡᠷᠭᠡᠪᠡᠷ ᠬᠡᠷᠡᠭᠯᠡᠨ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019/6/14
 ᠬᠠᠷᠠᠴᠢᠨ ᠬᠤᠰᠢᠭᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠳᠦᠬᠡᠨ ᠪᠠᠶᠢᠭᠤᠯᠤᠯᠳᠠ ᠶᠢᠨ ᠬᠠᠷᠠᠯᠳᠠ ᠡᠬᠦᠷᠭᠡ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ᠂ ᠡᠯ᠎ᠡ ᠵᠦᠢᠯ ᠤᠨ ᠠᠵᠢᠯ ᠢ ᠪᠤᠳᠠᠳᠠᠢ ᠠᠳᠬᠤᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠠᠤᠯᠢᠵᠢᠯ  ᠤᠨ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠵᠤ ᠪᠠᠶᠢᠨ᠎ᠠ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ  ᠤ ᠪᠦᠳᠦᠬᠡᠨ ᠪᠠᠶᠢᠭᠤᠯᠤᠯᠳᠠ ᠶᠢᠨ ᠵᠢᠯᠤᠭᠤ ᠶᠢ ᠵᠠᠯᠠᠵᠤ ᠪᠠᠶᠢᠨ᠎ᠠ᠃ ᠬᠠᠷᠠᠴᠢᠨ ᠬᠤᠰᠢᠭᠤᠨ ᠤ ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠢ ᠪᠠᠶᠢᠭᠤᠯᠵᠤ᠂ ᠡᠯ᠎ᠡ ᠰᠢᠶᠠᠩ ᠪᠠᠯᠭᠠᠰᠤ ᠵᠡᠬᠡᠯᠢ ᠭᠤᠳᠤᠮᠵᠢ᠂ ᠬᠠᠮᠢᠶ᠎ᠠ ᠪᠦᠬᠦᠢ ᠰᠠᠯᠠᠭ᠎ᠠ ᠮᠦᠴᠢᠷ ᠯᠤᠭ᠎ᠠ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠳᠦᠬᠡᠨ ᠪᠠᠶᠢᠭᠤᠯᠬᠤ ᠬᠠᠷᠠᠯᠳᠠᠳᠤ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠳᠦᠬᠡᠨ ᠪᠠᠶᠢᠭᠤᠯᠬᠤ ᠠᠵᠢᠯ ᠢ ᠵᠢᠯ ᠤᠨ ᠬᠢᠨᠡᠨ ᠰᠢᠯᠭᠠᠬᠤ ᠠᠭᠤᠯᠭ᠎ᠠ ᠪᠤᠯᠭᠠᠪᠠ᠃  ᠲᠤᠭᠳᠠᠭᠰᠠᠨ ᠬᠤᠭᠤᠴᠠᠭ᠎ᠠ  ᠲᠠᠢ ᠪᠠᠷ ᠲᠤᠰᠬᠠᠢ ᠰᠡᠳᠤᠪᠳᠤ ᠬᠤᠷᠠᠯ ᠬᠢᠵᠥ ᠠᠵᠢᠯ ᠢᠶᠠᠨ ᠲᠤᠬᠢᠷᠠᠭᠤᠯᠵᠤ᠂ ᠡᠯ᠎ᠡ ᠰᠢᠶᠠᠩ ᠪᠠᠯᠭᠠᠰᠤ ᠵᠡᠬᠡᠯᠢ ᠭᠤᠳᠤᠮᠵᠢ᠂ ᠬᠠᠮᠢᠶ᠎ᠠ ᠪᠦᠬᠦᠢ ᠰᠠᠯᠠᠭ᠎ᠠ ᠮᠦᠴᠢᠷ ᠬᠠᠭᠠᠰ ᠵᠢᠯ ᠪᠦᠷᠢ ᠠᠵᠢᠯ ᠤᠨ ᠠᠬᠢᠴᠠ ᠪᠠᠨ ᠮᠡᠳᠡᠬᠦᠯᠬᠦ ᠶᠢ ᠱᠠᠭᠠᠷᠳᠠᠪᠠ᠃ ᠬᠤᠰᠢᠭᠤ ᠨᠠᠮ ᠤᠨ ᠬᠤᠷᠢᠶᠠᠨ ᠤ ᠬᠠᠤᠯᠢ ᠶᠤᠰᠤᠭᠠᠷ ᠬᠤᠰᠢᠭᠤ ᠪᠠᠨ ᠵᠠᠰᠠᠬᠤ ᠵᠦᠪᠯᠡᠯ ᠢ ᠪᠠᠶᠢᠭᠤᠯᠵᠤ᠂ ᠠᠩᠬᠠᠳᠠᠭᠴᠢ ᠤᠳᠠᠭᠠᠨ ᠤ ᠬᠤᠷᠠᠯ ᠬᠢᠵᠤ《ᠡᠯ᠎ᠡ ᠵᠤᠬᠢᠴᠠᠭᠤᠯᠬᠤ ᠪᠠᠭ᠎ᠠ ᠲᠤᠭᠤᠶᠢᠯᠡᠩ ᠤᠨ ᠪᠦᠷᠢᠯᠳᠦᠬᠦᠨ ᠬᠡᠰᠢᠬᠦᠨ ᠤ ᠨᠡᠷᠡᠰ》 ᠢ ᠰᠤᠳᠤᠯᠤᠨ ᠪᠠᠳᠤᠯᠠᠵᠤ᠂《 ᠵᠦᠪᠯᠡᠯ ᠤᠨ ᠠᠵᠢᠯ ᠤᠨ ᠲᠦᠷᠢᠮ》᠂《ᠵᠤᠬᠢᠴᠠᠭᠤᠯᠬᠤ ᠪᠠᠭ᠎ᠠ ᠲᠤᠭᠤᠶᠢᠯᠠᠩ ᠤᠨ ᠠᠵᠢᠯ ᠤᠨ ᠲᠦᠷᠢᠮ》᠂《ᠠᠯᠪᠠᠨ ᠭᠡᠷ ᠤᠨ ᠠᠵᠢᠯ ᠤᠨ ᠲᠦᠷᠢᠮ》ᠪᠠ《2019 ᠤᠨ ᠤ ᠠᠵᠢᠯ ᠤᠨ ᠭᠤᠤᠯᠳᠠᠯᠭ᠎ᠠ》 ᠶᠢ ᠬᠢᠨᠡᠨ ᠪᠠᠳᠤᠯᠠᠪᠠ᠂ ᠬᠠᠤᠯᠢ ᠪᠠᠷ ᠵᠠᠰᠠᠬᠤ ᠶᠢ ᠪᠠᠶᠢᠴᠠᠭᠠᠨ ᠰᠤᠳᠤᠯᠬᠤ ᠪᠡ ᠱᠠᠭᠠᠷᠳᠠᠨ ᠪᠠᠶᠢᠴᠠᠭᠠᠬᠤ ᠲᠠᠰᠤᠭ᠂ ᠵᠠᠰᠠᠭ ᠵᠠᠬᠢᠷᠭᠠᠨ ᠤ ᠲᠠᠬᠢᠨ ᠬᠢᠨᠠᠯᠳᠠ ᠬᠢᠬᠦ ᠪᠠ ᠵᠠᠭᠠᠯᠳᠤᠯᠭ᠎ᠠ ᠶᠢ ᠬᠦᠯᠢᠶᠡᠨ ᠠᠪᠬᠤ ᠪᠠ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠵᠤᠬᠢᠴᠠᠭᠤᠯᠤᠨ ᠬᠢᠨᠠᠬᠤ ᠲᠠᠰᠤᠭ ᠢ ᠪᠠᠶᠢᠭᠤᠯᠵᠤ᠂ ᠲᠤᠰᠬᠠᠢ ᠠᠵᠢᠯᠳᠠᠨ 5 ᠬᠦᠮᠦᠨ ᠢ ᠲᠤᠮᠢᠯᠠᠵᠤ ᠡᠳᠦᠷ ᠲᠤᠳᠤᠮ ᠤᠨ ᠠᠵᠢᠯ ᠢᠶᠠᠨ ᠦᠷᠨᠢᠬᠦᠯᠵᠤ ᠪᠠᠶᠢᠨ᠎ᠠ᠃   ᠡᠬᠦᠷᠭᠡ ᠴᠢᠳᠠᠪᠤᠷᠢ ᠪᠠᠨ ᠬᠤᠪᠢᠷᠠᠭᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠳᠦᠬᠡᠨ ᠪᠠᠶᠢᠭᠤᠯᠬᠤ ᠬᠤᠷᠳᠤᠴᠠ ᠪᠠᠨ ᠲᠦᠷᠭᠡᠳᠭᠡᠵᠤ ᠪᠠᠶᠢᠨ᠎ᠠ᠃ ᠬᠤᠰᠢᠭᠤ ᠰᠢᠶᠠᠩ ᠲᠤᠰᠬᠤᠨ ᠤ ᠭᠤᠷᠪᠠᠨ ᠱᠠᠳᠤᠨ ᠤ ᠤᠯᠠᠨ ᠨᠡᠶᠢᠳᠡ ᠶᠢᠨ ᠬᠠᠤᠯᠢ ᠶᠢᠨ ᠦᠢᠯᠡᠴᠢᠯᠡᠬᠡᠨ ᠤ ᠪᠡᠶᠡᠳᠤ ᠲᠠᠪᠴᠠᠩ ᠪᠠ 4k ᠤᠯᠠᠨ ᠨᠡᠶᠢᠳᠡ ᠶᠢᠨ ᠬᠠᠤᠯᠢ ᠶᠢᠨ ᠦᠢᠯᠡᠴᠢᠯᠡᠬᠡᠨ ᠤ ᠲᠧᠯᠧᠢᠰ ᠤᠨ ᠤᠶᠤᠨᠴᠢ  ᠬᠦᠢᠴᠡᠳᠬᠡᠯ ᠤᠨ ᠪᠦᠷᠭᠦᠴᠡ ᠶᠢ ᠪᠡᠶᠡᠯᠡᠬᠦᠯᠪᠡ᠃《ᠬᠠᠤᠯᠢ ᠴᠠᠭᠠᠵᠠ  ᠶᠢᠨ ᠵᠦᠪᠯᠡᠭᠴᠢ ᠶᠢᠨ ᠠᠵᠢᠯ ᠤᠨ ᠬᠡᠷᠡᠭᠵᠢᠬᠦᠯᠬᠦ ᠠᠷᠭ᠎ᠠ》ᠪᠠ《ᠬᠠᠤᠯᠢ ᠴᠠᠭᠠᠵᠠ ᠶᠢᠨ ᠵᠦᠪᠯᠡᠭᠴᠢ ᠶᠢ ᠬᠢᠨᠡᠨ ᠰᠢᠯᠭᠠᠬᠤ ᠠᠷᠭ᠎ᠠ》 ᠢ ᠲᠠᠷᠬᠠᠭᠠᠪᠠ᠂ 60 ᠬᠦᠮᠦᠨ ᠢᠶᠠᠷ ᠪᠦᠷᠢᠯᠳᠦᠭᠰᠡᠨ ᠬᠠᠤᠯᠢ ᠴᠠᠭᠠᠵᠠ ᠶᠢᠨ ᠵᠦᠪᠯᠡᠭᠴᠢᠳ ᠤᠨ ᠬᠦᠮᠦᠷᠭᠡ ᠶᠢ ᠪᠠᠶᠢᠭᠤᠯᠵᠤ᠂ 18 ᠪᠠᠶᠢᠭᠤᠯᠭ᠎ᠠ ᠬᠠᠤᠯᠢ ᠴᠠᠭᠠᠵᠠ ᠶᠢᠨ ᠵᠦᠪᠯᠡᠭᠴᠢ ᠶᠢᠨ ᠬᠡᠷ᠎ᠡ ᠲᠤᠭᠳᠠᠵᠤ᠂ ᠬᠦᠳᠡᠭᠡ ᠲᠤᠰᠬᠤᠨ ᠤ ᠬᠠᠤᠯᠢ ᠴᠠᠭᠠᠵᠠ ᠶᠢᠨ ᠵᠦᠪᠯᠡᠭᠴᠢ 72 ᠬᠦᠮᠦᠨ ᠪᠦᠬᠦ ᠬᠤᠰᠢᠭᠤᠨ ᠤ ᠡᠯ᠎ᠡ ᠲᠤᠰᠬᠤᠨ ︵ᠵᠡᠭᠡᠯᠢ ᠭᠤᠳᠤᠮᠵᠢ︶ ᠳᠤ ᠤᠴᠢᠵᠤ ᠰᠠᠭᠤᠪᠠ᠃《 ᠪᠦᠬᠦ ᠬᠤᠰᠢᠭᠤᠨ ᠤ ᠲᠤᠤᠷ ᠰᠦᠯᠵᠢᠶ᠎ᠠ ᠪᠠᠷ ᠬᠠᠤᠯᠢ ᠰᠤᠷᠤᠯᠴᠠᠬᠤ ᠪᠠ ᠬᠠᠤᠯᠢ ᠲᠦᠬᠡᠮᠡᠯᠵᠢᠬᠦᠯᠬᠦ ᠰᠢᠯᠭᠠᠯᠳᠠ ᠶᠢᠨ ᠠᠵᠢᠯ ᠶᠢᠨ ᠮᠡᠳᠡᠭᠳᠡᠯ》 ᠢ ᠲᠠᠷᠤᠮᠯᠠᠨ ᠲᠠᠷᠬᠠᠭᠠᠪᠠ᠂ ᠤᠳᠤᠬᠠᠨ ᠪᠤᠯᠳᠠᠯ᠎ᠠ 81 ᠪᠠᠶᠢᠭᠤᠯᠭ᠎ᠠ ᠶᠢᠨ 3397 ᠬᠦᠮᠦᠨ ᠲᠤᠤᠷ ᠰᠦᠯᠵᠢᠶ᠎ᠠ ᠪᠠᠷ ᠬᠠᠤᠯᠢ ᠰᠤᠷᠤᠯᠴᠠᠵᠤ ᠪᠤᠢ᠃《 ᠪᠦᠬᠦ ᠬᠤᠰᠢᠭᠤᠨ ᠤ ᠤᠯᠤᠰ ᠤᠨ ᠠᠯᠪᠠᠨ ᠪᠠᠶᠢᠭᠤᠯᠭ᠎ᠠ ᠶᠢᠨ〈ᠬᠡᠨ ᠬᠠᠤᠯᠢ ᠬᠡᠷᠡᠭᠵᠢᠬᠦᠯᠵᠥ ᠪᠠᠶᠢᠪᠠᠯ ᠬᠡᠨ ᠬᠠᠤᠯᠢ ᠲᠦᠬᠡᠮᠡᠯᠵᠢᠬᠦᠯᠬᠦ〉ᠠᠵᠢᠯ ᠢ ᠰᠢᠯᠠᠭᠠᠨ ᠦᠨᠡᠯᠡᠬᠦ ᠠᠷᠭ᠎ᠠ ᠪᠠ ᠰᠢᠯᠭᠠᠨ ᠦᠨᠡᠯᠡᠬᠦ ᠨᠠᠷᠢᠨ ᠲᠦᠷᠢᠮ》 ᠢ ᠲᠠᠷᠤᠮᠯᠠᠨ ᠲᠠᠷᠬᠠᠭᠠᠵᠤ᠂ ᠬᠠᠤᠯᠢ ᠲᠦᠭᠡᠮᠡᠯᠬᠦᠯᠬᠦ ᠠᠵᠢᠯ ᠤᠨ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠴᠢᠩᠭᠠᠳᠬᠠᠪᠠ᠃ ᠬᠡᠷᠡᠴᠢᠯᠡᠯᠳᠡ ᠰᠤᠨᠤᠰᠬᠤ ᠬᠤᠷᠠᠯ᠂ ᠰᠠᠭᠤᠳᠠᠯ ᠤᠨ ᠬᠤᠷᠠᠯ᠂ ᠲᠤᠤᠷ ᠰᠦᠯᠵᠢᠶ᠎ᠠ ᠪᠠᠷ ᠰᠠᠨᠠᠯ ᠬᠤᠷᠢᠶᠠᠬᠤ ᠵᠡᠷᠬᠡ ᠤᠯᠠᠨ ᠵᠦᠢᠯ ᠤᠨ ᠬᠡᠯᠪᠡᠷᠢ ᠪᠠᠷ 10 ᠭᠠᠷᠤᠢ ᠤᠳᠠᠭ᠎ᠠ ᠢᠯᠡ ᠪᠠᠷ ᠰᠠᠨᠠᠯ ᠬᠤᠷᠢᠶᠠᠵᠤ᠂ ᠨᠡᠶᠢᠬᠡᠮ  ᠤᠨ ᠡᠳᠡᠭᠡᠳ ᠤᠨ ᠪᠠᠶᠢᠳᠠᠯ ᠢ ᠮᠡᠳᠡᠬᠦ ᠡᠷᠬᠡ ᠪᠡ ᠤᠷᠤᠯᠴᠠᠬᠤ ᠡᠷᠬᠡ ᠶᠢ ᠦᠨᠡᠨᠬᠦ ᠪᠠᠳᠤᠯᠠᠪᠠ᠃ ᠬᠠᠮᠢᠶᠠᠷᠤᠯᠳᠠ ᠶᠢ ᠲᠦᠷᠢᠮᠵᠢᠬᠦᠯᠦᠨ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠳᠦᠬᠡᠨ ᠪᠠᠶᠢᠭᠤᠯᠤᠯᠳᠠ ᠶᠢᠨ ᠲᠦᠷᠦᠭᠡ ᠶᠢ ᠴᠢᠩᠭᠠᠯᠠᠪᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠡᠯ᠎ᠡ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠯᠠᠭ᠎ᠠ ᠵᠢᠴᠢ ᠲᠡᠬᠦᠨ ᠤ ᠡᠰᠢ ᠪᠡᠷᠢᠮᠳᠡ ᠶᠢ ᠨᠠᠷᠢᠨ ᠬᠢᠨᠠᠮᠠᠭᠠᠢ ᠡᠮᠬᠢᠯᠡᠵᠤ᠂《ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ  ᠤ ᠬᠠᠤᠯᠢ ᠬᠡᠷᠡᠭᠵᠢᠬᠦᠯᠬᠦ ᠦᠨᠳᠦᠰᠦᠯᠡᠯ》 ᠢ ᠨᠠᠶᠢᠷᠠᠭᠤᠯᠵᠤ᠂ ᠡᠮᠬᠢᠯᠡᠨ ᠴᠡᠭᠴᠡᠯᠡᠭᠰᠡᠨ ᠦᠷ᠎ᠡ ᠳ᠋ᠦᠩ ᠢ ᠵᠠᠰᠠᠭ ᠤᠨ ᠶᠠᠪᠤᠳᠠᠯ ᠤᠨ ᠨᠡᠮᠡᠯᠳᠡ ᠰᠡᠳᠭᠦᠯ ᠤᠨ ᠬᠡᠯᠪᠡᠷᠢ ᠪᠠᠷ ᠦᠨ᠎ᠡ ᠲᠦᠯᠦᠪᠦᠷᠢ ᠦᠭᠡᠢ ᠪᠠᠷ ᠲᠠᠷᠬᠠᠭᠠᠪᠠ᠃《 ᠬᠠᠷᠠᠴᠢᠨ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢ ᠠᠬᠢᠭᠤᠯᠬᠤ ᠢᠯᠡ ᠨᠡᠶᠢᠳᠡᠯᠡᠬᠦ ᠲᠦᠷᠢᠮ᠂ ᠬᠠᠤᠯᠢ ᠬᠡᠷᠡᠭᠵᠢᠬᠦᠯᠬᠦ ᠪᠦᠬᠦ ᠶᠠᠪᠤᠴᠠ ᠶᠢᠨ ᠲᠡᠮᠳᠡᠭᠯᠡᠯ ᠬᠢᠬᠦ ᠲᠦᠷᠢᠮ᠂ ᠲᠤᠮᠤ ᠴᠢᠬᠤᠯᠠ ᠬᠠᠤᠯᠢ ᠬᠡᠷᠡᠭᠵᠢᠬᠦᠯᠬᠦ ᠲᠤᠭᠳᠠᠭᠠᠯ  ᠢ ᠬᠢᠨᠡᠨ ᠵᠦᠪᠰᠢᠶᠡᠷᠡᠬᠦ ᠲᠦᠷᠢᠮ ᠤᠨ ᠠᠵᠢᠯ ᠤᠨ ᠲᠦᠰᠦᠯ》ᠲᠤᠭᠳᠠᠭᠠᠨ ᠨᠡᠶᠢᠳᠡᠯᠡᠵᠤ᠂ ᠭᠤᠷᠪᠠᠨ ᠲᠦᠷᠦᠯ ᠤᠨ ᠲᠦᠷᠢᠮ ᠢ ᠪᠦᠬᠦ ᠲᠡᠯ᠎ᠡ ᠪᠠᠷ ᠬᠡᠷᠡᠭᠵᠢᠬᠦᠯᠪᠡ᠃ ᠵᠠᠰᠠᠭ ᠵᠠᠬᠢᠷᠭᠠᠨ ᠤ ᠰᠢᠳᠬᠡᠯ ᠲᠤᠷᠭᠠᠭᠤᠯᠢ᠂ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠬᠠᠤᠯᠢ ᠬᠡᠷᠡᠭᠵᠢᠬᠦᠯᠬᠦ ᠬᠡᠷᠡᠭ ᠤᠨ ᠲᠠᠩᠰᠠ ᠶᠢ ᠦᠨᠡᠯᠡᠨ ᠪᠠᠶᠢᠴᠠᠭᠠᠬᠤ ᠠᠷᠭ᠎ᠠ ᠪᠠ ᠦᠨᠡᠯᠡᠨ ᠪᠠᠶᠢᠴᠠᠭᠠᠬᠤ ᠨᠠᠷᠢᠨ ᠲᠦᠷᠢᠮ ᠢ ᠲᠤᠭᠳᠠᠭᠠᠵᠤ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠶᠢᠨ ᠬᠠᠤᠯᠢ ᠬᠡᠷᠡᠭᠵᠢᠬᠦᠯᠦᠭᠰᠡᠨ ᠲᠡᠩᠰᠠ ᠡᠪᠬᠡᠮᠡᠯ ᠢ ᠦᠨᠡᠯᠡᠨ ᠪᠠᠶᠢᠴᠠᠭᠠᠪᠠ᠃ ᠲᠦᠷᠢᠮᠵᠢᠭᠰᠡᠨ ᠪᠢᠴᠢᠭ ᠮᠠᠲ᠋ᠧᠷᠢᠶᠡᠯ ᠤᠨ ᠭᠤᠤᠯ ᠴᠤᠭᠴᠠ᠂ ᠡᠷᠬᠡ ᠶᠢᠨ ᠬᠢᠵᠠᠭᠠᠷᠯᠠᠯ᠂ ᠠᠭᠤᠯᠭ᠎ᠠ᠂ ᠡᠮᠬᠢ ᠲᠠᠷᠠᠭᠠᠯᠠᠯ ᠵᠡᠷᠭᠡ ᠲᠡᠯ᠎ᠡ ᠪᠠᠷ ᠴᠢᠩᠭ᠎ᠠ ᠡᠵᠡᠮᠳᠡᠵᠤ᠂ ᠬᠠᠤᠯᠢ ᠳᠤ ᠨᠡᠶᠢᠴᠡᠭᠰᠡᠨ ᠬᠢᠨᠠᠨ ᠪᠠᠶᠢᠴᠠᠭᠠᠬᠤ ᠠᠵᠢᠯ ᠢ ᠰᠠᠶᠢᠳᠤᠷ ᠬᠢᠵᠥ᠂ ᠲᠦᠷᠢᠮᠵᠢᠭᠰᠡᠨ ᠪᠢᠴᠢᠭ ᠮᠠᠲ᠋ᠧᠷᠢᠶᠡᠯ ᠢ ᠪᠦᠷᠢᠳᠭᠡᠨ ᠲᠡᠮᠳᠡᠭᠯᠡᠬᠦ᠂ ᠲᠠᠩᠰᠠᠯᠠᠬᠤ ᠨᠤᠷᠮ᠎ᠠ 100% ᠳᠤ ᠬᠦᠷᠴᠡᠢ᠂ ᠲᠦᠷᠢᠮᠵᠢᠭᠰᠡᠨ ᠪᠢᠴᠢᠭ ᠮᠠᠲ᠋ᠧᠷᠢᠶᠡᠯ ᠳᠤ ᠠᠳᠠᠯᠢ ᠪᠤᠰᠤ ᠰᠠᠨᠠᠯ ᠲᠠᠢ ᠪᠠᠶᠢᠪᠠᠯ ᠬᠢᠨᠠᠨ ᠪᠠᠶᠢᠴᠠᠭᠠᠬᠤ ᠲᠦᠷᠢᠮ ᠢ ᠨᠠᠷᠢᠨ ᠬᠢᠨᠠᠮᠠᠭᠠᠢ ᠲᠤᠤᠱᠯᠠᠭᠤᠯᠵᠤ᠂ ᠲᠦᠷᠢᠮᠵᠢᠭᠰᠡᠨ ᠪᠢᠴᠢᠭ ᠮᠠᠲ᠋ᠧᠷᠢᠶᠡᠯ ᠢ ᠲᠤᠭᠳᠠᠭᠰᠠᠨ ᠬᠤᠭᠤᠴᠠᠭ᠎ᠠ ᠲᠠᠢ ᠴᠡᠭᠴᠡᠯᠡᠬᠦ ᠠᠵᠢᠯ ᠢ ᠰᠠᠶᠢᠳᠤᠷ ᠬᠢᠪᠡ᠃ ᠬᠠᠤᠯᠢ ᠴᠠᠭᠠᠵᠠ ᠪᠠᠷ ᠵᠢᠯᠤᠭᠤᠳᠤᠯᠭ᠎ᠠ ᠪᠤᠯᠭᠠᠬᠤ ᠶᠢ ᠬᠦᠨᠵᠡᠬᠡᠶᠢᠷᠡᠭᠦᠯᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠳᠦᠬᠡᠨ ᠪᠠᠶᠢᠭᠤᠯᠤᠯᠳᠠ ᠶᠢᠨ ᠠᠮᠠᠭᠠᠢ ᠶᠢ ᠴᠢᠩᠭᠠᠯᠠᠪᠠ᠃ ᠵᠠᠰᠠᠭ ᠵᠠᠬᠢᠷᠭᠠᠨ ᠤ ᠲᠠᠬᠢᠨ ᠵᠦᠪᠯᠡᠬᠦ ᠬᠡᠷᠡᠭ ᠢ ᠬᠦᠯᠢᠶᠡᠨ ᠠᠪᠬᠤ᠂ ᠬᠢᠨᠡᠨ ᠪᠠᠶᠢᠴᠠᠭᠠᠬᠤ᠂  ᠭᠡᠷᠡᠭ   ᠢ ᠲᠠᠰᠤᠯᠤᠨ ᠲᠡᠬᠦᠰᠬᠡᠬᠦ ᠪᠤᠭᠤᠮᠳᠠ ᠶᠢ ᠴᠢᠩᠭᠠᠳᠬᠠᠵᠤ᠂ ᠦᠨᠳᠦᠰᠦᠯᠡᠯ ᠢ ᠴᠢᠬᠤᠯᠠᠴᠢᠯᠠᠨ᠂ ᠬᠡᠷᠡᠴᠢ ᠪᠠᠷᠢᠮᠳᠠ ᠶᠢ ᠴᠢᠬᠤᠯᠠᠴᠢᠯᠠᠵᠤ᠂ ᠡᠮᠬᠢ ᠲᠠᠷᠠᠭ᠎ᠠ ᠶᠢ ᠴᠢᠬᠤᠯᠴᠢᠯᠠᠨ᠂ ᠵᠠᠰᠠᠭ ᠵᠠᠬᠢᠷᠭᠠᠨ ᠤ ᠲᠠᠬᠢᠨ ᠵᠦᠪᠯᠡᠬᠦ ᠬᠡᠷᠡᠭ ᠢ ᠡᠪᠰᠡᠬᠦᠯᠬᠦ᠂ ᠡᠶᠡᠳᠡᠬᠦᠯᠦᠨ ᠲᠡᠬᠦᠰᠭᠡᠬᠦ᠂ ᠲᠦᠬᠦᠮ ᠲᠠᠷᠠᠭᠠᠯᠠᠯ ᠠᠪᠬᠤ᠂ ᠲᠤᠬᠠᠢ ᠶᠢᠨ ᠭᠠᠵᠠᠷ ᠲᠤ ᠪᠠᠶᠢᠴᠠᠭᠠᠬᠤ᠂ ᠢᠯᠡ ᠪᠠᠷ ᠬᠡᠷᠡᠴᠢ ᠰᠤᠨᠤᠰᠬᠤ᠂ ᠲᠤᠰᠬᠠᠢ ᠮᠡᠷᠬᠡᠵᠢᠯᠳᠡᠨ ᠠᠴᠠ ᠯᠠᠪᠯᠠᠬᠤ ᠵᠡᠷᠬᠡ  ᠬᠡᠷᠡᠭ ᠢ ᠪᠠᠶᠢᠴᠠᠭᠠᠬᠤ ᠤᠯᠠᠨ ᠵᠦᠢᠯ ᠤᠨ ᠠᠷᠭ᠎ᠠ ᠬᠡᠯᠪᠡᠷᠢ ᠶᠢ ᠰᠦᠪᠡᠭᠴᠢᠯᠡᠨ ᠦᠢᠯᠡᠳᠦᠯᠬᠡᠵᠢᠬᠦᠯᠪᠠ᠂ 2019 ᠤᠨ ᠳᠤ ᠵᠠᠰᠠᠭ ᠵᠠᠬᠢᠷᠭᠠᠨ ᠤ ᠲᠠᠬᠢᠨ ᠵᠦᠪᠯᠡᠭᠰᠡᠨ 2 ᠬᠡᠷᠡᠭ ᠢ ᠬᠦᠢᠴᠡᠳᠬᠡᠵᠤ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠤᠯᠪᠤᠭᠠᠯᠠᠭᠰᠠᠨ ᠬᠤᠷᠠᠯ ᠢ 3 ᠤᠳᠠᠭ᠎ᠠ ᠬᠤᠷᠠᠯᠳᠤᠭᠤᠯᠵᠤ᠂ ᠵᠠᠰᠠᠭ ᠵᠠᠬᠢᠷᠭᠠᠨ ᠤ ᠵᠠᠭᠠᠯᠳᠤᠯᠭ᠎ᠠ ᠶᠢᠨ 63 ᠬᠡᠷᠡᠭ ᠢ ᠬᠦᠢᠴᠡᠳᠬᠡᠵᠤ᠂ ᠦᠨᠳᠦᠷ ᠵᠡᠷᠬᠡ ᠶᠢᠨ ᠰᠢᠬᠦᠬᠦ ᠬᠤᠷᠢᠶᠠᠨ ᠤ 2 ᠤᠳᠠᠭᠠᠨ ᠤ ᠬᠡᠷᠡᠴᠢ ᠰᠤᠨᠤᠰᠬᠤ ᠳᠤ ᠤᠷᠤᠯᠴᠠᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢ 20 ᠭᠠᠷᠤᠢ ᠤᠳᠠᠭ᠎ᠠ ᠬᠦᠯᠢᠶᠡᠨ ᠠᠪᠤᠪᠠ᠃ ᠵᠠᠰᠠᠭ ᠵᠠᠬᠢᠷᠭᠠᠨ ᠤ ᠡᠶᠡᠳᠡᠬᠦᠯᠦᠯ ᠢ ᠨᠡᠶᠢᠬᠡᠮ ᠤᠨ ᠬᠠᠮᠢᠶᠠᠷᠤᠯᠳᠠ ᠳᠤ ᠰᠢᠨ᠎ᠡ ᠶᠢ ᠡᠬᠦᠳᠬᠦ ᠪᠠ ᠬᠠᠤᠯᠢ ᠶᠤᠰᠤᠭᠠᠷ ᠵᠠᠰᠠᠭ ᠶᠠᠪᠤᠭᠤᠯᠬᠤ ᠶᠢᠨ ᠴᠢᠬᠤᠯᠠ ᠠᠭᠤᠯᠭ᠎ᠠ ᠪᠤᠯᠭᠠᠨ ᠪᠠᠶᠢᠭᠤᠯᠵᠤ᠂ ᠵᠠᠰᠠᠭ ᠵᠠᠬᠢᠷᠭᠠᠨ ᠤ ᠡᠶᠡᠳᠡᠬᠦᠯᠦᠯ ᠪᠠ ᠠᠷᠠᠳ ᠲᠦᠮᠡᠨ ᠤ ᠡᠶᠡᠳᠡᠬᠦᠯᠦᠯ᠂ ᠬᠠᠤᠯᠢ ᠴᠠᠭᠠᠵᠠ ᠶᠢᠨ ᠡᠶᠡᠳᠡᠬᠦᠯᠦᠯ᠂ ᠵᠠᠰᠠᠭ ᠵᠠᠬᠢᠷᠭᠠᠨ ᠤ ᠲᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠭᠠᠯᠳᠤᠯᠭ᠎ᠠ ᠬᠢᠬᠦ ᠵᠤᠯᠭᠠᠯᠳᠤᠭᠰᠠᠨ ᠲᠤᠭᠳᠠᠯᠴᠠᠭ᠎ᠠ ᠶᠢ ᠪᠡᠶᠡᠯᠡᠬᠦᠯᠵᠥ᠂ ᠵᠦᠷᠢᠴᠡᠯ ᠮᠦᠷᠭᠦᠯᠳᠦᠬᠡᠨ ᠢ ᠰᠡᠷᠬᠡᠶᠢᠯᠡᠬᠦ ᠪᠡ ᠰᠢᠢᠳᠪᠦᠷᠢᠯᠡᠬᠦ ᠪᠦᠬᠦᠶᠢᠯᠡ ᠴᠤᠭᠴᠠ ᠶᠢᠨ ᠬᠠᠮᠳᠤᠷᠠᠯ  ᠶᠢᠨ ᠬᠦᠴᠦ ᠶᠢ ᠴᠢᠩᠭᠠᠳᠬᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号