ᠢᠳᠡᠭᠡᠨ ᠤᠮᠳᠠᠭᠠᠨ ᠤ ᠦᠢᠯᠡᠴᠢᠯᠡᠭᠡᠨ ᠤ ᠪᠠᠶᠢᠭᠤᠯᠭ᠎ᠠ ᠶᠢᠨ ᠢᠳᠡᠬᠡᠨ ᠤᠮᠳᠠᠭᠠᠨ ᠤ ᠠᠮᠤᠷ ᠲᠦᠪᠰᠢᠨ ᠤ | ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠤᠯᠠᠨ ᠲᠦᠮᠡᠨᠴᠢ ᠴᠢᠨᠠᠷᠳᠠᠢ ᠢᠳᠡᠬᠡᠨ ᠤᠮᠳᠠᠭᠠᠨ ᠤ ᠠᠮᠤᠷ ᠲᠦᠪᠰᠢᠨ | ᠤ ᠬᠡᠷᠡᠭ ᠡᠭᠦᠰᠭᠦ ᠶᠢ ᠰᠡᠷᠬᠡᠶᠢᠯᠡᠬᠦ ᠶᠢᠨ ᠲᠦᠯᠦᠬᠡ᠂ 5 ᠰᠠᠷ᠎ᠠ ᠶᠢᠨ27 ᠤ ᠡᠳᠦᠷ᠂ ᠬᠤᠰᠢᠭᠤᠨ ᠵᠠᠬ᠎ᠠ ᠲᠡᠯᠬᠡᠬᠦᠷ | ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠠᠴᠠ ᠤᠯᠠᠭᠠᠨᠬᠳᠠ ᠶᠢᠨ ᠬᠤᠩ ᠺᠦᠨ ᠭᠡᠷ ᠪᠠᠶᠢᠰᠢᠩ ᠤᠨ | ᠬᠢᠵᠠᠭᠠᠷᠳᠤ ᠺᠤᠮᠫᠠᠨᠢ ᠶᠢᠨ ᠢᠳᠡᠬᠡᠨ ᠤᠮᠳᠠᠭᠠᠨ ᠤ ᠬᠠᠷᠢᠶᠠᠳᠤ ᠲᠦᠷᠪᠡᠨ ᠠᠵᠤ ᠠᠬᠤᠶᠢᠯᠠᠯ ᠤᠨ ᠠᠵᠢᠯᠳᠠᠳ ᠢ | ᠲᠠᠪᠳᠠᠨ ᠪᠤᠯᠪᠠᠰᠤᠷᠠᠭᠤᠯᠪᠠ᠃ | | | ᠲᠠᠪᠳᠠᠨ ᠪᠤᠯᠪᠠᠰᠤᠷᠠᠭᠤᠯᠬᠤ ᠬᠤᠷᠠᠯ ᠲᠡᠭᠡᠷ᠎ᠡ᠂ ᠬᠤᠰᠢᠭᠤᠨ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ | ᠶᠢᠨ ᠲᠤᠪᠴᠢᠶ᠎ᠠ ᠶᠢᠨ ᠠᠵᠢᠯᠳᠠᠨ ᠠᠴᠠ ᠰᠢᠨ᠎ᠡ ᠬᠡᠪᠯᠡᠯ ᠤᠨ《ᠢᠳᠡᠬᠡᠨ ᠤᠮᠳᠠᠭᠠᠨ ᠤ ᠦᠢᠯᠡᠴᠢᠯᠡᠬᠡᠨ ᠤ ᠠᠮᠤᠷ | ᠲᠦᠪᠰᠢᠨ ᠠᠵᠢᠯᠯᠠᠭᠠᠨ ᠤ ᠲᠦᠷᠢᠮᠵᠢᠯ》 ᠢ ᠲᠠᠶᠢᠯᠪᠤᠷᠢᠯᠠᠨ᠂ ᠪᠠᠷᠠᠭ᠎ᠠ ᠤᠷᠤᠭᠤᠯᠤᠨ ᠪᠠᠶᠢᠴᠠᠭᠠᠬᠤ᠂ | ᠪᠤᠯᠪᠠᠰᠤᠷᠠᠭᠤᠯᠤᠨ ᠦᠢᠯᠡᠳᠬᠦ᠂ ᠢᠳᠡᠭᠡᠨ ᠤ ᠶᠠᠩᠵᠤ ᠦᠯᠡᠳᠡᠬᠡᠬᠦ᠂ ᠢᠳᠡᠬᠡᠨ ᠬᠠᠩᠭᠠᠬᠤ᠂ ᠰᠡᠪᠡ ᠬᠡᠷᠡᠭᠰᠡᠯ | ᠤᠭᠢᠶᠡᠨ ᠠᠷᠢᠭᠤᠳᠬᠠᠬᠤ᠂ ᠬᠤᠯᠤᠭᠠᠨ᠎ᠠ ᠢᠯᠠᠭ᠎ᠠ ᠶᠢ ᠰᠡᠷᠬᠡᠶᠢᠯᠡᠬᠦ᠂ ᠬᠠᠶᠠᠭᠳᠠᠮᠠᠯ ᠪᠤᠳᠠᠰ ᠢ ᠰᠢᠢᠳᠪᠦᠷᠢᠯᠡᠬᠦ᠂ | ᠠᠵᠢᠯ ᠬᠢᠭᠰᠡᠳ ᠤᠨ ᠬᠠᠮᠢᠶᠠᠷᠤᠯᠳᠠ ᠵᠡᠷᠭᠡ ᠲᠡᠯ᠎ᠡ ᠪᠠᠷ ᠬᠢ ᠠᠭᠤᠯᠭ᠎ᠠ ᠶᠢ ᠭᠤᠤᠯᠳᠠᠯᠭ᠎ᠠ ᠲᠠᠢ ᠲᠠᠨᠢᠯᠴᠠᠭᠤᠯᠪᠠ᠃ | | | ᠡᠨᠡ ᠤᠳᠠᠭᠠᠨ ᠤ ᠪᠤᠯᠪᠠᠰᠤᠷᠠᠯ ᠢᠶᠠᠷ ᠤᠷᠤᠯᠴᠠᠭᠴᠢᠳ ᠤᠨ ᠢᠳᠡᠬᠡᠨ ᠤᠮᠳᠠᠭᠠᠨ ᠤ ᠠᠮᠤᠷ ᠲᠦᠪᠰᠢᠨ ᠤ | ᠴᠢᠬᠤᠯᠠ ᠴᠢᠨᠡᠷ ᠢ ᠤᠯᠠᠮ ᠨᠢᠬᠡ ᠠᠯᠬᠤᠮ ᠲᠠᠨᠢᠵᠤ᠂ ᠲᠦᠷᠢᠮᠵᠢᠭᠰᠡᠨ ᠠᠵᠢᠯᠯᠠᠭ᠎ᠠ ᠪᠠᠷ ᠢᠳᠡᠬᠡᠨ ᠤ ᠠᠮᠤᠷ | ᠲᠦᠪᠰᠢᠨ ᠢ ᠴᠢᠩᠭᠠᠳᠬᠠᠬᠤ᠂ ᠢᠳᠡᠬᠡᠨ ᠢ ᠠᠮᠤᠷ ᠲᠦᠪᠰᠢᠨ ᠦᠢᠯᠡᠳᠬᠦ ᠴᠢᠳᠠᠪᠤᠷᠢ ᠶᠢ ᠲᠡᠭᠡᠭᠰᠢᠯᠡᠬᠦᠯᠬᠦ ᠶᠢ | ᠰᠤᠷᠤᠯᠴᠠᠨ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠴᠢᠩᠭᠠᠳᠬᠠᠪᠠ᠃《ᠬᠤᠭᠤᠯᠠ ᠤᠮᠳᠠ ᠶᠢ ᠢᠯᠡ | ᠬᠢᠬᠦ》 ᠶᠢ ᠤᠯᠠᠮ ᠪᠤᠢ ᠪᠤᠯᠭᠠᠨ᠂ ᠢᠳᠡᠬᠡᠨ ᠤ ᠠᠮᠤᠷ ᠲᠦᠪᠰᠢᠨ ᠤ ᠲᠠᠯᠳᠠ ᠬᠡᠮ ᠢ ᠡᠷᠴᠢᠮᠳᠡᠢ ᠠᠷᠢᠯᠭᠠᠵᠤ᠂ | 《4D》ᠲᠠᠪᠰᠢᠩᠭᠤᠢ ᠬᠠᠮᠢᠶᠠᠷᠤᠯᠳᠠ ᠶᠢ ᠲᠦᠬᠡᠮᠡᠯᠵᠢᠬᠦᠯᠬᠦ ᠳᠤ ᠰᠠᠶᠢᠨ ᠰᠠᠭᠤᠷᠢ ᠶᠢ ᠲᠠᠯᠪᠢᠵᠤ ᠴᠢᠳᠠᠪᠠ᠃ | |