ᠬᠠᠷᠠᠴᠢᠨ ᠬᠤᠰᠢᠭᠤ ᠤᠤᠭᠤᠬᠤ ᠤᠰᠤᠨ ᠤ ᠲᠦᠪᠯᠡᠷᠡᠬᠦᠯᠦᠭᠰᠡᠨ ᠬᠡᠯᠪᠡᠷᠢᠳᠦ ᠡᠬᠢ ᠰᠤᠷᠪᠤᠯᠵᠢ ᠶᠢᠨ ᠤᠷᠴᠢᠨ ᠲᠤᠭᠤᠷᠢᠨ ᠢ ᠬᠠᠮᠠᠭᠠᠯᠬᠤ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019/6/18
 ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠡᠯᠳᠡ ᠶᠢ ᠲᠡᠮᠡᠴᠡᠨ ᠤᠯᠵᠤ᠂ ᠲᠦᠪ ᠬᠤᠷᠢᠶᠠᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠶᠢ ᠰᠢᠢᠳᠪᠤᠷᠢᠯᠡᠵᠤ᠂ ᠪᠦᠬᠦ ᠬᠤᠰᠢᠭᠤᠨ ᠤ ᠠᠷᠠᠳ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ᠂ ᠬᠠᠷᠠᠴᠢᠨ ᠬᠤᠰᠢᠭᠤ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠤᠤᠭᠤᠬᠤ ᠤᠰᠤᠨ ᠤ ᠲᠦᠪᠯᠡᠷᠡᠬᠦᠯᠦᠭᠰᠡᠨ ᠬᠡᠯᠪᠡᠷᠢᠳᠦ ᠡᠬᠢ ᠰᠤᠷᠪᠤᠯᠵᠢ ᠶᠢᠨ ᠤᠷᠴᠢᠨ ᠲᠤᠭᠤᠷᠢᠨ ᠢ ᠬᠠᠮᠠᠭᠠᠯᠬᠤ  ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃2019 ᠤᠨ ᠤ 2 ᠰᠠᠷ᠎ᠠ ᠳᠤ᠂ ᠬᠠᠷᠠᠴᠢᠨ ᠬᠤᠰᠢᠭᠤᠨ ᠤ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ ᠠᠴᠠ ᠪᠦᠬᠦ ᠬᠤᠰᠢᠭᠤᠨ ᠤ ᠮᠢᠩᠭᠠᠨ ᠬᠦᠮᠦᠨ ᠠᠴᠠ ᠲᠡᠭᠡᠭᠰᠢᠬᠢ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠪᠠᠶᠢᠴᠠᠭᠠᠵᠤ ᠠᠵᠢᠯ ᠢ ᠦᠷᠨᠢᠬᠦᠯᠵᠤ᠂ ᠦᠨᠳᠦᠰᠦᠨ ᠪᠠᠶᠢᠳᠠᠯ ᠪᠠ ᠤᠷᠤᠰᠢᠵᠤ ᠪᠠᠶᠢᠭ᠎ᠠ ᠠᠰᠠᠭᠤᠳᠠᠯ ᠢ ᠨᠠᠷᠢᠨ ᠤᠶᠢᠯᠠᠭᠠᠭᠰᠠᠨ ᠪᠢᠯᠡ᠃5 ᠰᠠᠷ᠎ᠠ ᠶᠢᠨ ᠲᠤᠮᠳᠠᠴᠢ ᠪᠠᠷ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ ᠵᠡᠷᠬᠡ ᠰᠠᠯᠠᠭ᠎ᠠ ᠮᠦᠴᠢᠷ ᠠᠴᠠ 4 ᠰᠢᠶᠠᠩ ᠪᠠᠯᠭᠠᠰᠤᠨ ᠤ ᠤᠤᠭᠤᠬᠤ ᠤᠰᠤᠨ ᠰᠤᠷᠪᠤᠯᠵᠢ  ᠶᠢᠨ ᠭᠠᠵᠠᠷ ᠢ ᠪᠠᠶᠢᠴᠠᠭᠠᠨ ᠦᠵᠡᠵᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠤᠰᠤᠨ ᠤ ᠰᠤᠷᠪᠤᠯᠵᠢ ᠶᠢᠨ ᠤᠷᠤᠨ ᠢ ᠨᠡᠶᠢᠳᠡ ᠶᠢᠨ ᠠᠰᠠᠷᠠᠮᠵᠢ ᠶᠢᠨ ᠵᠠᠭᠠᠯᠳᠤᠯᠭ᠎ᠠ ᠶᠢᠨ ᠭᠡᠪᠴᠢᠶᠡᠨ ᠳᠤ ᠤᠷᠤᠭᠤᠯᠵᠤ᠂ ᠤᠰᠤᠨ ᠰᠤᠷᠪᠤᠯᠵᠢ ᠶᠢᠨ ᠤᠷᠤᠨ ᠤ ᠠᠰᠠᠭᠤᠳᠠᠯ ᠢ ᠵᠠᠰᠠᠨ ᠴᠡᠭᠴᠡᠯᠡᠬᠦ ᠶᠢ ᠲᠠᠮᠵᠢᠪᠠ᠃5 ᠰᠠᠷ᠎ᠠ ᠶᠢᠨ ᠰᠡᠬᠦᠯᠴᠢ ᠪᠠᠷ᠂ ᠬᠠᠷᠠᠴᠢᠨ ᠬᠤᠰᠢᠭᠤᠨ ᠤ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ ᠠᠴᠠ ᠠᠷᠠᠳ ᠤᠨ ᠪᠠᠶᠢᠴᠭᠠᠬᠤ ᠬᠤᠷᠢᠶ᠎ᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠳᠠ ᠵᠡᠷᠬᠡ 4 ᠰᠠᠯᠠᠭ᠎ᠠ ᠮᠦᠴᠢᠷ᠂ ᠸᠠᠩ ᠶᠧ ᠹᠦ᠋᠂ ᠵᠢᠨᠱᠠᠨ᠂ ᠨᠢᠦ ᠶᠢᠩᠽᠢ᠂ ᠰᠢ ᠴᠢᠶᠤᠤ᠂ ᠨᠠᠷᠢᠨ᠂ ᠰᠢᠶᠤᠤ ᠨᠢᠦ ᠴᠢᠶᠦ᠋ᠨ᠂ ᠱᠢ ᠵᠢᠶᠠ ᠵᠡᠷᠬᠡ ᠬᠠᠮᠢᠶ᠎ᠠ ᠪᠦᠬᠦᠢ 7 ᠰᠢᠶᠠᠩ ᠪᠠᠯᠭᠠᠰᠤ ᠶᠢ ᠵᠤᠬᠢᠶᠠᠨ ᠪᠠᠶᠢᠭᠤᠯᠵᠤ᠂ ᠤᠰᠤᠨ ᠰᠤᠷᠪᠤᠯᠵᠢ ᠶᠢᠨ ᠭᠠᠵᠠᠷ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠰᠬᠠᠢ ᠠᠵᠢᠯᠯᠠᠭ᠎ᠠ ᠶᠢᠨ ᠬᠤᠷᠠᠯ ᠬᠢᠪᠠ ᠃ ᠬᠤᠷᠠᠯ ᠲᠡᠭᠡᠷ᠎ᠡ᠂ ᠤᠤᠭᠤᠬᠤ ᠤᠰᠤᠨ ᠤ ᠲᠦᠪᠯᠡᠷᠡᠬᠦᠯᠦᠭᠰᠡᠨ ᠬᠡᠯᠪᠡᠷᠢᠳᠦ ᠡᠬᠢ ᠰᠤᠷᠪᠤᠯᠵᠢ ᠶᠢᠨ ᠤᠷᠴᠢᠨ ᠲᠤᠭᠤᠷᠢᠨ ᠢ ᠬᠠᠮᠠᠭᠠᠯᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠦᠷᠢᠮ ᠢ ᠭᠤᠤᠯᠳᠠᠯᠭ᠎ᠠ ᠲᠠᠢ ᠰᠤᠷᠤᠯᠴᠠᠵᠤ᠂ ᠪᠦᠬᠦ ᠬᠤᠰᠢᠭᠤᠨ ᠤ ᠤᠤᠭᠤᠬᠤ ᠤᠰᠤᠨ ᠤ ᠲᠦᠪᠯᠡᠷᠡᠬᠦᠯᠦᠭᠰᠡᠨ ᠬᠡᠯᠪᠡᠷᠢᠳᠦ ᠡᠬᠢ ᠰᠤᠷᠪᠤᠯᠵᠢ ᠶᠢᠨ ᠤᠷᠴᠢᠨ ᠲᠤᠭᠤᠷᠢᠨ ᠢ ᠬᠠᠮᠠᠭᠠᠯᠬᠤ ᠲᠤᠰᠬᠠᠢ ᠠᠵᠢᠯᠯᠠᠭ᠎ᠠ ᠶᠢᠨ ᠵᠠᠰᠠᠨ ᠴᠡᠭᠴᠡᠯᠡᠬᠦ ᠲᠦᠰᠦᠯ ᠢ ᠰᠤᠳᠤᠯᠤᠨ ᠶᠠᠷᠢᠯᠴᠠᠵᠤ᠂ ᠤᠰᠤᠨ ᠰᠤᠷᠪᠤᠯᠵᠢ ᠶᠢᠨ ᠤᠷᠤᠨ ᠳᠤ ᠤᠷᠤᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠵᠠᠰᠠᠨ ᠴᠡᠭᠴᠡᠯᠡᠬᠦ ᠱᠠᠭᠠᠷᠳᠠᠯᠭ᠎ᠠ ᠪᠠ ᠵᠠᠰᠠᠨ ᠦᠭᠡᠷᠡᠴᠢᠯᠡᠬᠦ ᠴᠠᠭ ᠤᠨ ᠬᠢᠵᠠᠭᠠᠷ ᠢ ᠲᠤᠳᠤᠷᠬᠠᠶᠢᠯᠠᠨ᠂  ᠵᠠᠰᠠᠨ ᠦᠭᠡᠷᠡᠴᠢᠯᠡᠬᠦ ᠡᠭᠦᠷᠭᠡ  ᠶᠢ ᠲᠤᠭᠳᠠᠭᠰᠠᠨ ᠬᠤᠭᠤᠴᠠᠭᠠᠨ ᠳᠤ ᠴᠢᠨᠡᠷ ᠪᠠ ᠬᠡᠮᠵᠢᠶ᠎ᠡ ᠶᠢ ᠪᠠᠳᠤᠯᠠᠨ ᠪᠡᠶᠡᠯᠡᠬᠦᠯᠬᠦ ᠬᠡᠷᠡᠭᠳᠡᠢ ᠬᠡᠵᠥ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号