ᠤᠯᠠᠭᠠᠨᠬᠠᠳᠠ ᠬᠤᠲᠠ ᠶᠢᠨ ︽2019 ᠣᠨ ᠤ ᠪᠥᠬᠦ ᠬᠤᠲᠠ ᠶᠢᠨ ᠲᠠᠷᠢᠶᠠᠯᠠᠩ ᠤᠨ ᠦᠶᠯᠡᠳᠪᠦᠷᠢᠯᠡᠯ ᠤᠨ | ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠲᠤᠰᠬᠠᠶ ᠵᠠᠰᠠᠯᠲᠠ ᠶᠢᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ | ᠤᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ | ᠴᠡᠪᠡᠷᠰᠢᠭᠦᠯᠵᠦ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠨ᠂ ᠥᠷᠭᠡᠨ ᠣᠯᠠᠨ ᠲᠠᠷᠢᠶᠠᠴᠢᠨ ᠲᠦᠮᠡᠨ ᠳᠤ | ᠴᠢᠨᠠᠷ ᠰᠠᠶᠢᠲᠠᠶ ᠠᠮᠤᠷ ᠲᠦᠪᠰᠢᠨ ᠲᠠᠷᠢᠶᠠᠯᠠᠩ ᠤᠨ ᠮᠠᠰᠢᠨ ᠤ ᠦᠶᠯᠡᠳᠬᠦᠨ ᠢ ᠬᠤᠳᠠᠯᠳᠤᠨ ᠥᠭᠬᠦ ᠶᠢᠨ ᠲᠥᠯᠥᠭᠡ᠂ | ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ᠢᠳᠡᠪᠬᠢᠲᠡᠶ ᠰᠠᠨᠠᠭᠠᠴᠢᠯᠠᠭ᠎ᠠ ᠲᠠᠢ ᠪᠠᠷ | ᠠᠵᠢᠯᠯᠠᠵᠤ᠂ ᠲᠠᠷᠢᠶᠠᠯᠠᠩ ᠤᠨ ᠮᠠᠰᠢᠨ ᠤ ᠬᠠᠭᠤᠷᠮᠠᠭ ᠲᠤ ᠴᠣᠬᠢᠯᠲᠠ ᠥᠭᠬᠦ ᠲᠤᠰᠬᠠᠶ ᠵᠠᠰᠠᠯᠲᠠ ᠶᠢᠨ ᠠᠵᠢᠯᠯᠠᠭ᠎ᠠ | ᠶᠢ ᠦᠷᠭᠦᠯᠵᠢᠯᠡᠨ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃ | ᠨᠢᠭᠡ᠂ ᠬᠠᠭᠤᠷᠮᠠᠭ ᠲᠤ ᠴᠣᠬᠢᠯᠲᠠ ᠥᠭᠴᠦ ᠲᠠᠷᠢᠶᠠᠯᠠᠩ ᠢ ᠬᠠᠮᠠᠭᠠᠯᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ | ᠶᠢ ᠥᠷᠨᠢᠭᠦᠯᠪᠡ᠃ ᠲᠠᠷᠢᠶᠠᠯᠠᠩ ᠤᠨ ᠮᠠᠰᠢᠨ ᠤ ᠰᠡᠯᠪᠢᠭ ᠲᠣᠨᠤᠭ ᠢᠶᠠᠷ ᠭᠤᠣᠯᠳᠠᠯᠭ᠎ᠠ ᠪᠣᠯᠭᠠᠨ᠂ ᠡᠳᠦᠷ | ᠲᠣᠲᠤᠮ ᠤᠨ ᠲᠣᠭᠤᠷᠢᠨ ᠪᠠᠶᠢᠴᠠᠭᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠬᠤ | ᠶᠢ ᠪᠠᠷᠢᠮᠲᠠᠯᠠᠨ᠂ ᠶᠠᠰᠤ ᠴᠢᠨᠠᠷ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠭᠤᠷᠮᠠᠭ ᠢ ᠦᠢᠯᠡᠳᠴᠦ | ᠪᠣᠷᠣᠯᠠᠭᠤᠯᠬᠤ᠂ ᠲᠠᠷᠢᠶᠠᠴᠢᠨ ᠢ ᠮᠡᠬᠡᠯᠡᠬᠦ ᠲᠠᠷᠢᠶᠠᠴᠢᠨ ᠢ ᠬᠤᠬᠢᠷᠠᠭᠤᠯᠬᠤ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠲᠠᠷᠢᠶᠠᠯᠠᠩ ᠤᠨ ᠮᠠᠰᠢᠨ ᠤ ᠬᠤᠯᠪᠣᠯᠳᠤᠭᠰᠠᠨ ᠡᠵᠡᠩᠨᠡᠯᠲᠡ ᠪᠠ ᠢᠲᠡᠭᠡᠮᠵᠢᠲᠡᠶ ᠳᠡᠯᠭᠡᠭᠦᠷ | ᠪᠠᠶᠢᠭᠤᠯᠬᠤ ᠶᠢ ᠳᠠᠮᠵᠢᠵᠤ᠂ ᠡᠷᠬᠡ ᠪᠠᠨ ᠬᠠᠮᠠᠭᠠᠯᠠᠬᠤ᠂ ᠲᠥᠷᠥᠯ ᠬᠤᠪᠢᠶᠠᠨ ᠬᠢᠨᠠᠨ ᠬᠠᠮᠢᠶᠠᠷᠬᠤ ᠵᠡᠷᠭᠡ ᠳᠦᠷᠢᠮ ᠢ | ᠨᠠᠶᠢᠳᠠᠪᠤᠷᠢᠵᠢᠭᠤᠯᠬᠤ᠂ ᠲᠠᠷᠢᠶᠠᠴᠢᠳ ᠤᠨ ︽ᠰᠠᠨᠠᠭ᠎ᠠ ᠠᠮᠤᠷ ᠲᠠᠷᠢᠶᠠᠯᠠᠩ ᠤᠨ ᠮᠧᠬᠠᠨᠢᠭ︾ ᠢ ᠬᠡᠷᠡᠭᠯᠡᠬᠦ ᠶᠢ ᠦᠨᠡᠨ | ᠬᠦ ᠪᠠᠲᠤᠯᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠲᠠᠷᠢᠶᠠᠯᠠᠩ ᠤᠨ ᠮᠠᠰᠢᠨ ᠤ ᠬᠡᠷᠡᠭᠯᠡᠭᠡᠨ ᠤ ᠮᠡᠳᠡᠯᠭᠡ ᠶᠢ | ᠤᠬᠠᠭᠤᠯᠬᠤ ᠪᠠ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠲᠠᠷᠢᠶᠠᠴᠢᠳ ᠤᠨ ᠬᠠᠤᠯᠢ ᠶᠣᠰᠣᠭᠠᠷ ᠡᠷᠬᠡ ᠪᠠᠨ | ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ᠂ ᠦᠨᠡᠮᠯᠡᠯ ᠦᠭᠡᠢ ᠡᠵᠡᠩᠨᠡᠯᠲᠡ ᠶᠢ ᠪᠠᠶᠢᠴᠠᠭᠠᠨ ᠰᠢᠶᠳᠪᠦᠷᠢᠯᠡᠬᠦ ᠲᠤᠰᠬᠠᠶ ᠠᠵᠢᠯᠯᠠᠭ᠎ᠠ ᠶᠢ ᠥᠷᠨᠢᠭᠦᠯᠪᠡ᠃ | ᠲᠠᠷᠢᠶᠠᠴᠢᠳ ᠤᠨ ᠡᠷᠬᠡ ᠠᠰᠢᠭ ᠢ ᠳᠡᠭᠡᠳᠦᠯᠡᠬᠦ ᠵᠠᠷᠴᠢᠮ ᠶᠣᠰᠣᠭᠠᠷ᠂ ᠪᠠᠶᠢᠴᠠᠭᠠᠨ ᠰᠢᠶᠳᠪᠦᠷᠢᠯᠡᠬᠦ ᠴᠠᠭᠠᠵᠠᠯᠠᠬᠤ | ᠡᠷᠴᠢᠮ ᠢᠶᠠᠨ ᠴᠢᠩᠭᠠᠷᠠᠭᠤᠯᠵᠤ᠂ ᠦᠨᠡᠮᠯᠡᠯ ᠦᠭᠡᠢ᠂ ᠦᠨᠡᠮᠯᠡᠯ ᠪᠦᠷᠢᠨ ᠪᠤᠰᠤ ᠲᠠᠷᠢᠶᠠᠯᠠᠩ ᠤᠨ ᠮᠧᠬᠠᠨᠢᠭ ᠢ | ᠰᠡᠯᠪᠢᠨ ᠵᠠᠰᠠᠬᠤ ᠪᠠ ᠡᠵᠡᠩᠨᠡᠨ ᠪᠣᠷᠣᠯᠠᠭᠤᠯᠬᠤ ᠰᠦᠯᠵᠢᠶᠡᠨ ᠴᠡᠭ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ | ᠰᠡᠯᠪᠢᠨ ᠵᠠᠰᠠᠬᠤ᠂ ᠪᠣᠷᠣᠯᠠᠭᠤᠯᠬᠤ ᠠᠵᠢᠯᠯᠠᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ | ᠳᠠᠩᠰᠠᠯᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ︽ᠦᠨᠡᠮᠯᠡᠯ ᠦᠭᠡᠢ ᠪᠠᠷ ᠡᠵᠡᠩᠨᠡᠬᠦ︾ ᠠᠰᠠᠭᠤᠳᠠᠯ ᠢ ᠡᠬᠢ | ᠡᠭᠦᠰᠦᠯ ᠠᠴᠠ ᠨᠢ ᠴᠢᠷᠮᠠᠶᠢᠨ ᠰᠢᠶᠳᠪᠦᠷᠢᠯᠡᠨ᠎ᠡ᠃ | ᠭᠤᠷᠪᠠ᠂ ᠳᠥᠷᠪᠡᠨ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠡᠵᠡᠮᠳᠡᠨ᠎ᠡ᠂ ᠡᠭᠦᠨ ᠳᠤ ᠭᠤᠣᠯᠳᠠᠭᠤ | ᠤᠬᠠᠭᠤᠯᠭ᠎ᠠ ᠬᠥᠮᠦᠵᠢᠯ ᠤᠨ ᠭᠤᠭᠴᠤᠭ᠎ᠠ᠂ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠳᠤ ᠬᠢᠨᠠᠯᠲᠠ ᠲᠠᠯᠪᠢᠬᠤ | ᠭᠤᠭᠴᠤᠭ᠎ᠠ᠂ ᠲᠠᠷᠢᠶᠠᠯᠠᠩ ᠤᠨ ᠮᠠᠰᠢᠨ ᠤ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠦᠢᠯᠡᠳᠪᠦᠷᠢᠯᠡᠯ ᠤᠨ | ᠭᠤᠭᠴᠤᠭ᠎ᠠ᠂ ᠲᠠᠷᠢᠶᠠᠯᠠᠩ ᠤᠨ ᠮᠠᠰᠢᠨ ᠢ ᠰᠡᠯᠪᠢᠨ ᠵᠠᠰᠠᠬᠤ ᠰᠦᠯᠵᠢᠶᠡᠨ ᠴᠡᠭ ᠤᠨ ᠬᠢᠨᠠᠨ ᠬᠠᠮᠢᠶᠠᠷᠤᠯᠲᠠ ᠶᠢᠨ | ᠭᠤᠭᠴᠤᠭ᠎ᠠ ᠪᠣᠯᠤᠨ᠎ᠠ᠃ ᠲᠤᠰ ᠤᠳᠠᠭᠠᠨ ᠤ ᠲᠤᠰᠬᠠᠶ ᠵᠦᠶᠯ ᠤᠨ ᠵᠠᠰᠠᠯᠲᠠ ᠶᠢᠨ ᠠᠵᠢᠯᠯᠠᠭ᠎ᠠ ᠳᠤ ᠨᠡᠶᠢᠲᠡ | 1200 ᠭᠠᠷᠤᠶ ᠬᠤᠪᠢ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠤ | ᠬᠠᠤᠯᠢ ᠴᠠᠭᠠᠵᠠ ᠶᠢᠨ ᠨᠣᠮ ᠰᠡᠳᠬᠦᠯ ︵ᠳᠡᠪᠲᠡᠷ︶ ᠥᠭᠴᠦ᠂ 1800 ᠭᠠᠷᠤᠶ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠤᠯᠤᠰ ᠠᠴᠠ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ᠂ 3.15 ᠡᠷᠬᠡ ᠪᠠᠨ ᠬᠠᠮᠠᠭᠠᠯᠠᠬᠤ ᠡᠳᠦᠷ ᠢ ᠠᠰᠠᠭᠤᠨ | ᠯᠠᠪᠯᠠᠵᠤ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠵᠢᠴᠢ | ᠬᠠᠤᠯᠢ ᠴᠠᠭᠠᠵᠠ᠂ ᠬᠠᠤᠯᠢ ᠲᠣᠭᠲᠠᠭᠠᠯ ᠢ 1400 ᠭᠠᠷᠤᠶ ᠬᠥᠮᠥᠨ ᠤᠳᠠᠭ᠎ᠠ ᠲᠠᠶᠢᠯᠪᠤᠷᠢᠯᠠᠵᠤ ᠂ ᠲᠠᠷᠢᠶᠠᠯᠠᠩ ᠤᠨ | ᠮᠠᠰᠢᠨ ᠤ ᠲᠣᠮᠣ ᠡᠷᠦᠬᠡ᠂ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ︽ᠭᠤᠷᠪᠠᠨ ᠬᠥᠮᠥᠷᠭᠡ ᠨᠢᠭᠡ ᠲᠠᠰᠤᠭ︾ ᠢ | 18 ᠪᠠᠶᠢᠴᠠᠭᠠᠵᠤ᠂ ᠲᠠᠷᠢᠶᠠᠯᠠᠩ ᠤᠨ ᠮᠠᠰᠢᠨ ᠡᠵᠡᠩᠨᠡᠨ ᠪᠣᠷᠣᠯᠠᠭᠤᠯᠬᠤ ᠠᠵᠤ ᠠᠬᠤᠢᠢᠯᠠᠯ ᠢ 10 ᠪᠠᠶᠢᠴᠠᠭᠠᠵᠤ᠂ ︽ | ᠭᠤᠷᠪᠠᠨ ᠥᠬᠡᠶ︾ ᠦᠶᠯᠡᠳᠬᠦᠨ ᠵᠠᠬ᠎ᠠ ᠳᠡᠯᠭᠡᠭᠦᠷ ᠲᠤ ᠣᠷᠣᠭᠰᠠᠨ ᠪᠠ ᠲᠠᠷᠢᠶᠠᠯᠠᠩ ᠤᠨ ᠮᠠᠰᠢᠨ ᠢ ᠰᠢᠯᠵᠢᠭᠦᠯᠦᠨ | ᠥᠭᠴᠦ ᠰᠢᠯᠭᠠᠨ ᠲᠣᠭᠲᠠᠭᠠᠭᠰᠠᠨ ᠦᠨᠡᠮᠯᠡᠯ ᠢ ᠬᠠᠭᠤᠷᠮᠠᠭᠯᠠᠨ ᠬᠡᠷᠡᠭᠯᠡᠭᠰᠡᠨ᠂ ᠬᠢᠷᠢ ᠲᠡᠩᠴᠡᠭᠰᠡᠨ ᠦᠨᠡᠮᠯᠡᠯ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠦᠭᠰᠡᠨ ᠪᠠᠶᠢᠨ᠎ᠠ᠃ |