ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠬᠤᠳᠠᠯ ᠬᠠᠭᠤᠷᠮᠠᠭ ᠦᠶᠯᠡᠳᠬᠦᠨ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ︽ᠭᠤᠷᠪᠠᠨ ᠵᠣᠨ︾ ᠢ ᠬᠠᠮᠠᠭᠠᠯᠠᠪᠠ
ᠨᠡᠶᠢᠲᠡᠯᠡᠭᠰᠡᠨ ᠴᠠᠭ᠄
2019/6/20
ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠬᠢᠨ ᠲᠠᠷᠢᠶᠠᠯᠠᠩ ᠤᠨ ᠮᠠᠰᠢᠨ ᠤ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠬᠤᠳᠠᠯ ᠬᠠᠭᠤᠷᠮᠠᠭ ᠲᠠᠷᠢᠶᠠᠯᠠᠩ ᠤᠨ ᠮᠠᠰᠢᠨ ᠤ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠵᠢᠯᠯᠠᠭ᠎ᠠ ᠶᠢ ᠴᠡᠪᠡᠷᠰᠢᠭᠦᠯᠵᠦ᠂ ︽ᠭᠤᠷᠪᠠᠨ ᠵᠤᠨ︾ ᠤ ᠲᠠᠷᠢᠶᠠᠯᠠᠩ ᠤᠨ ᠮᠠᠰᠢᠨ ᠤ ᠦᠶᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠰᠠᠨᠠᠭᠠᠴᠢᠯᠠᠭ᠎ᠠ ᠠᠴᠠ ᠪᠠᠨ ᠠᠶᠤᠯᠭᠦᠶ ᠦᠶᠯᠡᠳᠪᠦᠷᠢᠯᠡᠯ ᠤᠨ ᠬᠢᠨᠠᠯᠲᠠ᠂ ᠶᠠᠰᠤ ᠴᠢᠨᠠᠷ ᠤᠨ ᠬᠢᠨᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠤᠯᠪᠣᠭᠠᠯᠠᠨ᠂ ᠪᠥᠬᠦ ᠬᠤᠰᠢᠭᠤᠨ ᠳᠤ ᠲᠠᠷᠢᠶᠠᠯᠠᠩ ᠤᠨ ᠮᠠᠰᠢᠨ ᠤ ᠬᠤᠳᠠᠯ ᠬᠠᠭᠤᠷᠮᠠᠭ ᠦᠶᠯᠡᠳᠬᠦᠨ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃ ᠨᠢᠭᠡ ᠳᠤ᠂ ᠡᠷᠬᠡ ᠪᠠᠨ ᠬᠠᠮᠠᠭᠠᠯᠠᠵᠤ ︽ᠭᠤᠷᠪᠠᠨ ᠵᠤᠨ︾ ᠢ ᠬᠠᠮᠠᠭᠠᠯᠠᠬᠤ ᠶᠢ ᠤᠬᠠᠭᠤᠯᠤᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ᠂ ᠬᠥᠨᠳᠡᠯᠡᠨ ᠡᠯᠭᠦᠭᠡ ᠤᠬᠠᠭᠤᠯᠭ᠎ᠠ ᠶᠢᠨ ᠡᠯᠭᠦᠭᠡ ᠵᠢᠷᠤᠭ ᠵᠡᠷᠭᠡ ᠤᠯᠠᠨ ᠵᠦᠢᠯ ᠤᠨ ᠬᠡᠯᠪᠡᠷᠢ ᠮᠠᠶ᠋ᠢᠭ ᠢ ᠠᠰᠢᠭᠯᠠᠨ ᠲᠠᠷᠢᠶᠠᠯᠠᠩ ᠤᠨ ᠮᠠᠰᠢᠨ ᠤ ᠬᠤᠳᠠᠯ ᠬᠠᠭᠤᠷᠮᠠᠭ ᠲᠤ ᠴᠣᠬᠢᠯᠲᠠ ᠥᠭᠴᠦ ᠲᠠᠷᠢᠶᠠᠯᠠᠩ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ︽ᠬᠡᠷᠡᠭᠯᠡᠭᠴᠢᠳ ᠤᠨ ᠡᠷᠬᠡ ᠠᠰᠢᠭ ᠤᠨ ᠬᠠᠤᠯᠢ︾ ᠂ ︽ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠳᠦᠷᠢᠮ︾᠂ ︽ᠲᠠᠷᠢᠶᠠᠯᠠᠩ ᠤᠨ ᠮᠠᠰᠢᠨ ᠤ ᠭᠤᠷᠪᠠᠨ ᠳᠠᠭᠠᠭᠠᠴᠢᠯᠠᠯᠲᠠ ᠶᠢᠨ ᠲᠣᠭᠲᠠᠭᠠᠯ︾᠂ ︽ ᠲᠠᠷᠢᠶᠠᠯᠠᠩ ᠤᠨ ᠬᠠᠤᠯᠢ︾᠂ ︽ᠶᠠᠰᠤ ᠴᠢᠨᠠᠷ ᠤᠨ ᠬᠠᠤᠯᠢ  ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ  ᠤᠯᠠᠨ ᠲᠠᠯ᠎ᠠ ᠠᠴᠠ᠂ ᠤᠯᠠᠨ ᠲᠠᠰ ᠳᠠᠪᠬᠤᠷᠭ᠎ᠠ ᠪᠠᠷ ᠤᠬᠠᠭᠤᠯᠵᠦ᠂  ᠵᠠᠭᠠᠯᠳᠤᠬᠤ ᠳᠦᠷᠢᠮ᠂ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠠᠶᠤᠯᠭᠦᠶ ᠶᠢᠨ ᠮᠡᠳᠡᠯᠭᠡ᠂ ᠬᠤᠳᠠᠯ ᠬᠠᠭᠤᠷᠮᠠᠭ ᠦᠢᠯᠡᠳᠬᠦᠨ ᠢ ᠢᠯᠭᠠᠨ ᠲᠠᠨᠢᠬᠤ ᠠᠷᠭ᠎ᠠ ᠶᠢ ᠥᠷᠭᠡᠨ ᠢᠶᠠᠷ ᠤᠬᠠᠭᠤᠯᠵᠤ᠂ ᠲᠠᠷᠢᠶᠠᠴᠢᠳ ᠤᠨ ᠬᠤᠳᠠᠯ ᠬᠠᠭᠤᠷᠮᠠᠭ ᠵᠦᠢᠯ ᠳᠤ ᠴᠣᠬᠢᠯᠲᠠ ᠥᠭᠬᠦ ᠪᠠ ᠡᠷᠬᠡ ᠪᠠᠨ ᠬᠠᠮᠠᠭᠠᠯᠠᠬᠤ ᠤᠬᠠᠮᠰᠠᠷ ᠢ ᠨᠡᠮᠡᠭᠳᠡᠭᠦᠯᠪᠡ᠃ ᠣᠳᠣ ᠪᠣᠯᠲᠠᠯ᠎ᠠ᠂ 10 ᠭᠠᠷᠤᠶ ᠤᠷᠢᠶ᠎ᠠ ᠯᠣᠽᠦ᠋ᠩ ᠨᠠᠭᠠᠵᠤ᠂ 200 ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠢ ᠶᠢᠨ ᠲᠠᠯᠠᠪᠠᠢ ᠳᠤ 100 ᠭᠠᠷᠤᠢ ᠬᠥᠮᠥᠨ ᠤᠳᠠᠭ᠎ᠠ ᠶᠢᠨ ᠠᠰᠠᠭᠤᠯᠲᠠ ᠳᠤ ᠬᠠᠷᠢᠭᠤᠯᠲᠠ ᠥᠭᠴᠡᠢ  ᠃ ᠬᠤᠶᠠᠷ ᠲᠤ ᠵᠠᠬ᠎ᠠ ᠳᠡᠯᠭᠡᠭᠦᠷ ᠢ ᠴᠡᠪᠡᠷᠰᠢᠭᠦᠯᠵᠦ ︽ᠭᠤᠷᠪᠠᠨ ᠵᠤᠨ︾ ᠢ ᠪᠠᠲᠤᠯᠠᠨ᠎ᠠ᠃ ᠨᠡᠷ᠎ᠡ ᠬᠦᠨᠳᠦ ᠮᠠᠭᠤᠲᠠᠶ᠂ ᠦᠨᠡᠮᠯᠡᠯ ᠦᠭᠡᠢ ᠪᠠᠷ ᠡᠵᠡᠩᠨᠡᠭᠰᠡᠨ᠂ ᠴᠢᠨᠠᠷ ᠮᠠᠭᠤᠲᠠᠶ ᠦᠢᠯᠡᠳᠬᠦᠨ ᠢ ᠡᠵᠡᠩᠨᠡᠵᠦ ᠪᠠᠶᠢᠭ᠎ᠠ ᠲᠠᠷᠢᠶᠠᠯᠠᠩ ᠤᠨ ᠮᠠᠰᠢᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠵᠦ᠂ ︽ᠭᠤᠷᠪᠠᠨ ᠳᠠᠭᠠᠭᠠᠴᠢᠯᠠᠯᠲᠠ︾ ᠶᠢᠨ ᠦᠢᠯᠡᠴᠢᠯᠡᠭᠡᠨ ᠤ ᠪᠠᠶᠢᠳᠠᠯ᠂ ᠠᠮᠤᠷ ᠲᠦᠪᠰᠢᠨ ᠤ ᠴᠢᠳᠠᠪᠬᠢ ᠳᠤ ᠬᠤᠯᠪᠣᠭᠳᠠᠭᠰᠠᠨ ︽ᠭᠤᠷᠪᠠᠨ ᠦᠭᠡᠢ︾ ᠲᠠᠷᠢᠶᠠᠯᠠᠩ ᠤᠨ ᠮᠧᠬᠠᠨᠢᠭ ᠦᠢᠯᠡᠳᠬᠦᠨ᠂ ︽ᠭᠤᠷᠪᠠᠨ ᠳᠠᠭᠠᠭᠠᠴᠢᠯᠠᠯᠲᠠ︾   ᠶᠢᠨ ᠦᠢᠯᠡᠴᠢᠯᠡᠭᠡᠨ ᠤ ᠠᠮᠠᠯᠠᠯᠲᠠ ᠪᠠᠨ ᠭᠦᠢᠴᠡᠳᠬᠡᠬᠦ ᠠᠵᠢᠯᠯᠠᠭ᠎ᠠ ᠳᠤ ᠵᠦᠢᠯ ᠳᠠᠷᠠᠭᠠᠯᠠᠨ ᠪᠠᠶᠢᠴᠠᠭᠠᠯᠲᠠ ᠬᠢᠵᠦ ᠯᠠᠪᠯᠠᠨ ᠠᠰᠠᠭᠤᠬᠤ᠂ ᠨᠡᠩ ᠢᠯᠠᠩᠭᠤᠶ᠎ᠠ ᠮᠧᠬᠠᠨᠢᠭ ᠬᠤᠳᠠᠯᠳᠤᠨ ᠠᠪᠬᠤ ᠳᠤ ᠨᠥᠬᠦᠪᠥᠷᠢ ᠥᠭᠬᠦ ᠮᠧᠬᠠᠨᠢᠭ ᠪᠠᠭᠠᠵᠢ ᠶᠢᠨ ᠠᠶᠤᠯᠭᠦᠶ ᠶᠢᠨ ᠶᠠᠰᠤ ᠴᠢᠨᠠᠷ ᠤᠨ ᠠᠰᠠᠭᠤᠳᠠᠯ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠪᠡ︔ ᠲᠠᠷᠢᠶᠠᠯᠠᠩ  ᠤᠨ ᠮᠧᠬᠠᠨᠢᠭ ᠢ ᠰᠡᠯᠪᠢᠨ ᠵᠠᠰᠠᠬᠤ ᠰᠦᠯᠵᠢᠶᠡᠨ ᠴᠡᠭ ᠲᠤ ᠲᠠᠷᠢᠶᠠᠯᠠᠩ ᠤᠨ ᠮᠧᠬᠠᠨᠢᠭ ᠢ ᠰᠡᠯᠪᠢᠨ ᠵᠠᠰᠠᠬᠤ ᠮᠡᠷᠭᠡᠵᠢᠯ  ᠤᠨ ᠬᠢᠷᠢ ᠲᠡᠩᠴᠡᠭᠰᠡᠨ ᠦᠨᠡᠮᠯᠡᠯ᠂ ᠲᠠᠷᠢᠶᠠᠯᠠᠩ ᠤᠨ ᠮᠧᠬᠠᠨᠢᠭ ᠢ ᠰᠡᠯᠪᠢᠨ ᠵᠠᠰᠠᠬᠤ ᠠᠵᠢᠯᠲᠠᠨ ᠤ ᠠᠵᠢᠯ ᠮᠡᠷᠭᠡᠵᠢᠯ  ᠤᠨ ᠬᠢᠷᠢ ᠬᠡᠮ ᠤᠨ ᠦᠨᠡᠮᠯᠡᠯ᠂ ᠲᠠᠷᠢᠶᠠᠯᠠᠩ ᠤᠨ ᠮᠧᠬᠠᠨᠢᠭ ᠢ ᠰᠡᠯᠪᠢᠨ ᠵᠠᠰᠠᠬᠤ ᠴᠢᠳᠠᠪᠤᠷᠢ᠂ ᠲᠠᠷᠢᠶᠠᠯᠠᠩ ᠤᠨ ᠮᠧᠬᠠᠨᠢᠭ ᠢ ᠰᠡᠯᠪᠢᠨ ᠵᠠᠰᠠᠬᠤ ᠶᠠᠰᠤ ᠴᠢᠨᠠᠷ ᠢ ᠭᠤᠣᠯᠳᠠᠯᠭ᠎ᠠ ᠲᠠᠢ ᠪᠠᠷ ᠪᠠᠶᠢᠴᠠᠭᠠᠵᠤ᠂ ᠠᠵᠢᠯᠯᠠᠵᠤ ᠪᠠᠶᠢᠭ᠎ᠠ ᠬᠥᠮᠦᠰ  ᠢ ᠵᠠᠪᠠᠯ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠵᠤ᠂ ᠦᠨᠡᠮᠯᠡᠯ ᠦᠭᠡᠢ ᠪᠠᠷ ᠡᠵᠡᠩᠨᠡᠬᠦ ᠪᠠ ᠬᠡᠪᠴᠢᠶᠡᠨ  ᠠᠴᠠ ᠪᠠᠨ ᠬᠡᠲᠦᠷᠡᠭᠦᠯᠦᠨ ᠡᠵᠡᠩᠨᠡᠬᠦ ᠶᠢ ᠡᠷᠡᠰ ᠴᠠᠭᠠᠵᠠᠯᠠᠬᠤ ᠬᠡᠷᠡᠭᠲᠡᠶ ᠭᠡᠵᠦ ᠱᠠᠭᠠᠷᠳᠠᠵᠠᠶ᠃ ᠢᠳᠡᠪᠬᠢᠲᠡᠶ ᠰᠠᠨᠠᠭᠠᠴᠢᠯᠠᠭ᠎ᠠ ᠲᠠᠢ ᠪᠠᠷ ᠴᠢᠨᠠᠷ ᠰᠠᠶᠢᠲᠠᠶ ᠪᠥᠭᠡᠳ ᠰᠠᠨᠠᠭ᠎ᠠ ᠠᠮᠤᠷ ᠲᠠᠷᠢᠶᠠᠯᠠᠩ ᠤᠨ ᠮᠠᠰᠢᠨ ᠢ ᠲᠠᠷᠢᠶᠠᠴᠢᠨ ᠡᠷᠦᠬᠡ  ᠳᠤ ᠬᠦᠷᠭᠡᠵᠦ᠂ ᠲᠠᠷᠢᠶᠠᠴᠢᠳ ᠢ ᠬᠠᠪᠰᠤᠷᠤᠨ ᠲᠠᠷᠢᠶᠠᠯᠠᠩ ᠤᠨ ᠮᠧᠬᠠᠨᠢᠭ ᠬᠡᠷᠡᠭᠯᠡᠬᠦ ᠵᠥᠪ ᠦᠵᠡᠯᠲᠡ ᠪᠣᠶ ᠪᠣᠯᠭᠠᠵᠤ ᠂ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠬᠠᠮᠠᠭᠠᠯᠠᠵᠤ᠂ 《 ᠭᠤᠷᠪᠠᠨ ᠵᠤᠨ 》 ᠤ ᠦᠢᠯᠡᠳᠪᠦᠷᠢᠯᠡᠯ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号