ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ ᠳᠠᠬᠢᠨᠲᠠ ᠰᠢᠨ᠎ᠡ ᠲᠡᠮᠳᠡᠭᠯᠡᠯ  ᠢ ᠡᠭᠦᠳᠪᠡ
ᠨᠡᠶᠢᠲᠡᠯᠡᠭᠰᠡᠨ ᠴᠠᠭ᠄
2019/6/20
2019 ᠣᠨ ᠳᠤ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ᠠᠩᠬᠠᠳᠤᠭᠠᠷ ᠪᠦᠯᠦᠭ ᠤᠯᠤᠰ ᠠᠴᠠ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠮᠥᠩᠭᠦ 1440 ᠲᠦᠮᠡᠨ ᠲᠥᠭᠦᠷᠢᠭ ᠢ ᠬᠡᠷᠡᠭᠯᠡᠵᠦ᠂ ᠣᠳᠣᠬᠠᠨ ᠪᠣᠯᠲᠠᠯ᠎ᠠ᠂ ᠨᠢᠭᠡᠨᠲᠡ1439.964ᠲᠦᠮᠡᠨ ᠲᠥᠭᠦᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠮᠥᠩᠭᠦ ᠶᠢ ᠨᠠᠶᠢᠳᠠᠪᠤᠷᠢᠵᠢᠭᠤᠯᠵᠦ᠂ 716 ᠡᠷᠦᠬᠡ ᠠᠰᠢᠭ ᠬᠦᠷᠲᠡᠵᠦ᠂  ᠮᠠᠰᠢᠨ ᠪᠠᠭᠠᠵᠢ ᠶᠢᠨ ᠲᠤᠭ᠎ᠠ 747 ᠳᠤ ᠬᠦᠷᠴᠦ᠂ ᠨᠤᠲᠠᠯᠠᠨ ᠵᠥᠪᠰᠢᠶᠡᠷᠡᠭᠰᠡᠨ ᠮᠡᠳᠡᠭᠳᠡᠯ ᠤᠨ ᠪᠢᠴᠢᠭ ᠨᠡᠶᠢᠲᠡ 744 ᠬᠤᠪᠢ ᠲᠣᠭᠲᠠᠵᠤ᠂ ᠳᠡᠭᠡᠷ᠎ᠡ ᠬᠠᠭᠠᠰ ᠵᠢᠯ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠮᠥᠩᠭᠦ  ᠶᠢ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠳᠠᠬᠢᠨᠲᠠ ᠰᠢᠨ᠎ᠡ ᠶᠢ ᠡᠭᠦᠳᠦᠭᠰᠡᠨ ᠪᠠᠶᠢᠨ᠎ᠠ᠃ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢᠨ ᠲᠥᠯᠥᠭᠡ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ᠬᠠᠮᠢᠶᠠᠷᠤᠯᠲᠠ ᠶᠢᠨ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ ᠶᠢ ᠪᠠᠷᠢᠮᠲᠠᠯᠠᠵᠤ᠂ ᠠᠷᠠᠳ ᠲᠤ ᠳᠥᠭᠦᠮ ᠦᠵᠡᠭᠦᠯᠬᠦ ᠠᠯᠢ ᠣᠯᠠᠨ ᠠᠵᠢᠯᠯᠠᠭ᠎ᠠ ᠶᠢ ᠥᠷᠨᠢᠭᠦᠯᠪᠡ᠃ ᠰᠢᠨ᠎ᠡ ᠵᠠᠭᠪᠤᠷ ᠪᠠ ᠬᠤᠯᠪᠣᠭᠳᠠᠯ ᠪᠦᠬᠦᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠲᠠᠷᠢᠶᠠᠴᠢᠳ ᠲᠤ ᠪᠠᠶᠢᠳᠠᠯ ᠢ ᠮᠡᠳᠡᠬᠦ ᠡᠷᠬᠡ ᠪᠠ ᠰᠣᠩᠭᠤᠬᠤ ᠡᠷᠬᠡ ᠶᠢ ᠡᠳ᠋ᠯᠡᠭᠦᠯᠵᠦ᠂ ᠡᠷᠲᠡᠬᠡᠨ ᠮᠠᠰᠢᠨ ᠬᠤᠳᠠᠯᠳᠤᠨ ᠠᠪᠤᠭᠤᠯᠪᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠡᠳᠡᠭᠡ ᠵᠠᠩᠭᠢ ᠶᠢᠨ ᠰᠦᠯᠵᠢᠶ᠎ᠡ ᠶᠢ ᠨᠡᠪᠲᠡᠷᠡᠭᠦᠯᠵᠦ᠂ ᠤᠯᠤᠰ  ᠠᠴᠠ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ᠂ ᠬᠠᠷᠢᠯᠴᠠᠬᠤ ᠤᠲᠠᠰᠤ᠂ ᠳᠠᠮᠵᠢᠭᠤᠯᠤᠨ ᠪᠣᠷᠣᠯᠠᠭᠤᠯᠬᠤ ᠠᠵᠤ ᠠᠬᠤᠢᠢᠯᠠᠯ ᠤᠨ ᠬᠠᠶ᠋ᠢᠭ ᠤᠨ ᠨᠡᠷᠡᠰ᠂ ᠮᠠᠰᠢᠨ ᠬᠤᠳᠠᠯᠳᠤᠨ ᠠᠪᠬᠤ ᠡᠷᠦᠬᠡ ᠶᠢᠨ ᠨᠡᠷᠡᠰ᠂ ᠨᠥᠬᠦᠪᠥᠷᠢ ᠥᠭᠬᠦ ᠠᠵᠢᠯ ᠡᠷᠬᠢᠯᠡᠬᠦ ᠶᠠᠪᠤᠴᠠ ᠪᠠ ᠠᠬᠢᠯᠲᠠ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠪᠡ︔ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯᠲᠠᠨ᠂ ᠣᠷᠣᠨ ᠪᠦᠰᠡ ᠶᠢᠨ ᠳᠣᠲᠣᠷᠠᠬᠢ ᠨᠥᠬᠦᠪᠥᠷᠢ ᠥᠭᠬᠦ ᠮᠧᠬᠠᠨᠢᠭ ᠪᠠᠭᠠᠵᠢ ᠡᠵᠡᠩᠨᠡᠨ ᠪᠣᠷᠣᠯᠠᠭᠤᠯᠬᠤ ᠠᠵᠤ ᠠᠬᠤᠢᠢᠯᠠᠯ ᠤᠨ ᠣᠷᠣᠯᠴᠠᠭᠰᠠᠨ ᠪᠣᠯᠪᠠᠰᠤᠷᠠᠯ  ᠤᠨ ᠠᠩᠭᠢ ᠶᠢ ᠡᠷᠬᠢᠯᠡᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠵᠢᠴᠢ ᠬᠡᠷᠡᠭᠵᠢᠭᠦᠯᠬᠦ ᠶᠠᠪᠤᠴᠠ ᠳᠤ ᠠᠩᠬᠠᠷᠬᠤ ᠴᠢᠬᠤᠯᠠᠲᠠᠶ ᠵᠦᠶᠯᠡᠰ ᠢ ᠲᠠᠶᠢᠯᠪᠤᠷᠢᠯᠠᠵᠤ᠂ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠵᠥᠭᠡᠯᠡᠨ ᠲᠣᠨᠤᠭ ᠤᠨ ᠠᠵᠢᠯᠯᠠᠭ᠎ᠠ ᠶᠢ ᠪᠣᠯᠪᠠᠰᠤᠷᠠᠩᠭᠤᠶ ᠡᠵᠡᠮᠰᠢᠵᠦ᠂ ᠮᠧᠬᠠᠨᠢᠭ ᠬᠤᠳᠠᠯᠳᠤᠨ ᠠᠪᠬᠤ ᠡᠷᠦᠬᠡ ᠶᠢᠨ ᠮᠡᠳᠡᠭᠡ ᠵᠠᠩᠭᠢ ᠶᠢ ᠣᠷᠣᠭᠤᠯᠬᠤ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠪᠡ︔ ︽ᠬᠡᠯᠬᠢᠶ᠎ᠡ ︾  ᠮᠠᠶ᠋ᠢᠭ ᠤᠨ ᠦᠢᠯᠡᠴᠢᠯᠡᠭᠡ ᠶᠢ ᠥᠷᠨᠢᠭᠦᠯᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠠᠵᠢᠯ ᠤᠨ ᠠᠬᠢᠴᠠ ᠶᠢ ᠲᠦᠷᠭᠡᠳᠬᠡᠬᠦ ᠶᠢᠨ ᠲᠥᠯᠥᠭᠡ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ  ᠶᠢᠨ ᠭᠤᠶᠤᠴᠢᠯᠠᠯ᠂ ᠬᠢᠨᠠᠨ ᠵᠥᠪᠰᠢᠶᠡᠷᠡᠯ᠂ ᠮᠠᠰᠢᠨ ᠲᠡᠷᠭᠡ ( ᠪᠠᠭᠠᠵᠢ ) ᠶᠢ ᠰᠢᠯᠭᠠᠨ ᠪᠠᠶᠢᠴᠠᠭᠠᠬᠤ᠂ ᠬᠥᠮᠥᠨ ᠮᠠᠰᠢᠨ ᠤ ᠬᠠᠮᠲᠤ ᠶᠢᠨ ᠰᠡᠭᠦᠳᠡᠷ ᠲᠠᠲᠠᠬᠤ᠂ ᠳᠠᠩᠰᠠᠯᠠᠭᠤᠯᠤᠭᠰᠠᠨ ᠫᠠᠶᠢᠰᠠ ᠡᠯᠭᠦᠵᠦ ᠦᠨᠡᠮᠯᠡᠯ ᠠᠪᠬᠤ ᠵᠡᠷᠭᠡ ᠦᠢᠯᠡᠴᠢᠯᠡᠭᠡ ᠶᠢ ᠬᠢᠵᠦ᠂ ᠥᠷᠭᠡᠨ ᠤᠯᠠᠨ ᠲᠠᠷᠢᠶᠠᠴᠢᠨ ᠲᠦᠮᠡᠨ ᠳᠤ ᠶᠡᠭᠡ ᠪᠠᠷ ᠲᠥᠬᠦᠮ ᠦᠵᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号