ᠦᠨᠳᠦᠰᠦᠨ ᠱᠠᠲᠤᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠰᠢᠰᠲ᠋ᠧᠮ ᠶᠢᠨ ᠥᠭᠡᠷᠡᠴᠢᠯᠡᠯᠲᠡ ᠬᠢᠭᠡᠳ | ᠪᠦᠲᠦᠭᠡᠨ ᠪᠠᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠠᠰᠢᠨ ᠤ | ᠳᠡᠯᠭᠡᠷᠡᠭᠦᠯᠬᠦ ᠰᠢᠰᠲ᠋ᠧᠮ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠬᠦ ᠶᠢᠨ | ᠲᠤᠰᠠᠳᠠ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ᠨᠠᠷᠢᠨ ᠨᠢᠮᠪᠠᠢ ᠵᠣᠬᠢᠶᠠᠨ ᠪᠠᠶᠢᠭᠤᠯᠤᠨ᠂ | ᠵᠢᠷᠤᠮᠵᠢᠭᠤᠯᠤᠨ ᠬᠡᠷᠡᠭᠵᠢᠭᠦᠯᠵᠦ᠂ ᠪᠠᠷᠢᠮᠵᠢᠶ᠎ᠠ ᠶᠢ ᠴᠢᠩᠳᠠᠯᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠷᠢᠯᠢᠭ ᠪᠣᠳᠠᠲᠠᠢ ᠰᠠᠶᠢᠲᠤᠷ ᠬᠢᠪᠡ᠃ | ᠨᠢᠭᠡ ᠳᠤ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠲᠣᠬᠢᠷᠠᠭᠤᠯᠪᠠ᠃ ᠬᠡᠷᠡᠭᠵᠢᠭᠦᠯᠬᠦ ᠲᠥᠰᠦᠯ | ᠲᠣᠭᠲᠠᠭᠠᠵᠤ᠂ ᠤᠳᠤᠷᠢᠳᠬᠤ ᠳᠤᠭᠤᠢᠢᠯᠠᠩ᠂ ᠠᠵᠢᠯ ᠤᠨ ᠳᠤᠭᠤᠢᠢᠯᠠᠩ ᠪᠠ ᠲᠤᠰᠬᠠᠶ ᠮᠡᠷᠭᠡᠵᠢᠯᠲᠡᠨ ᠤ | ᠳᠤᠭᠤᠶᠢᠯᠠᠩ ᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠳᠠᠮᠵᠢᠭᠤᠯᠤᠨ᠂ ᠲᠠᠷᠢᠶᠠᠯᠠᠩ ᠤᠨ ᠮᠧᠬᠠᠨᠢᠭ ᠮᠡᠷᠭᠡᠵᠢᠯ ᠢ ᠳᠡᠯᠭᠡᠷᠡᠭᠦᠯᠬᠦ ᠬᠤᠷᠴᠠ ᠴᠢᠳᠠᠮᠠᠭᠠᠶ ᠪᠥᠭᠡᠳ ᠥᠨᠳᠥᠷ | ᠪᠦᠲᠦᠮᠵᠢᠲᠡᠶ ᠡᠩᠨᠡᠭᠡ ᠶᠢ ᠪᠣᠶᠢᠵᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠠᠬᠢᠭᠤᠯᠬᠤ | ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ | ᠬᠤᠶᠠᠷ ᠲᠤ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠪᠡᠶᠡᠴᠢ ᠴᠣᠭᠴᠠ | ᠶᠢ ᠪᠣᠶᠢᠵᠢᠭᠤᠯᠤᠨ᠎ᠠ᠃ ᠰᠢᠯᠢᠨ ᠰᠣᠩᠭᠤᠬᠤ ᠴᠢᠳᠠᠪᠤᠷᠢ ᠪᠠᠷ ᠨᠡᠯᠢᠶᠡᠳ ᠴᠢᠩᠭ᠎ᠠ᠂ ᠪᠤᠰᠤᠳ ᠲᠤ ᠲᠤᠰᠠᠯᠠᠬᠤ | ᠳᠤᠷᠠᠲᠠᠶ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠ ᠲᠠᠷᠢᠶᠠᠯᠠᠩ ᠤᠨ ᠮᠠᠰᠢᠨ ᠤ | ᠲᠣᠮᠣ ᠡᠷᠦᠬᠡ ᠶᠢ ᠲᠠᠷᠢᠶᠠᠯᠠᠩ ᠤᠨ ᠮᠠᠰᠢᠨᠴᠢᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠪᠡᠶᠡᠴᠢ ᠴᠣᠭᠴᠠ ᠪᠣᠯᠭᠠᠵᠤ᠂ ᠭᠤᠣᠯᠳᠠᠯᠭ᠎ᠠ ᠲᠠᠢ ᠪᠠᠷ ᠪᠣᠶᠢᠵᠢᠭᠤᠯᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ | ᠤᠨ ᠵᠢᠱᠢᠶ᠎ᠡ ᠦᠵᠡᠭᠦᠯᠬᠦ ᠪᠡᠶᠡᠴᠢ ᠴᠣᠭᠴᠠ ᠶᠢ ᠪᠣᠯᠪᠠᠰᠤᠷᠠᠭᠤᠯᠵᠤ ᠵᠢᠯᠣᠭᠤᠳᠬᠤ ᠳᠠᠩᠰᠠ ᠡᠪᠬᠡᠮᠡᠯ ᠪᠠᠶᠢᠭᠤᠯᠤᠨ᠎ᠠ᠃ | | ᠭᠤᠷᠪᠠ ᠳᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠤᠨ᠎ᠠ᠃ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠪᠥᠬᠦ ᠬᠤᠰᠢᠭᠤ ᠶᠢ ᠬᠠᠮᠤᠷᠤᠭᠰᠠᠨ ᠮᠡᠳᠡᠭᠡ ᠵᠠᠩᠭᠢ ᠶᠢᠨ | ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | APP ᠶᠢ ᠳᠡᠯᠭᠡᠷᠡᠭᠦᠯᠦᠨ ᠬᠡᠷᠡᠭᠯᠡᠭᠦᠯᠵᠦ᠂ ᠦᠶᠯᠡᠴᠢᠯᠡᠭᠡᠨ ᠤ ᠮᠡᠳᠡᠭᠡ ᠵᠠᠩᠭᠢᠵᠢᠯᠲᠠ᠂ ᠠᠵᠢᠯ ᠤᠨ ᠬᠢᠨᠠᠨ | ᠰᠢᠯᠭᠠᠯᠲᠠ ᠶᠢ ᠡᠯᠧᠺᠲᠷᠤᠨᠴᠢᠯᠡᠬᠦ ᠶᠢ ᠳᠡᠯᠭᠡᠷᠡᠭᠦᠯᠦᠨ᠎ᠡ᠃ | ᠳᠥᠷᠪᠡ ᠳᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠥᠪᠯᠡᠷᠡᠭᠦᠯᠦᠨ ᠪᠣᠯᠪᠠᠰᠤᠷᠠᠭᠤᠯᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ | ᠪᠣᠳᠠᠲᠠᠶ ᠪᠠᠷ ᠠᠵᠢᠯᠯᠠᠭᠤᠯᠬᠤ ᠬᠡᠯᠪᠡᠷᠢ ᠪᠠᠷ ᠲᠠᠷᠢᠶᠠᠯᠠᠩ ᠤᠨ ᠮᠠᠰᠢᠨ ᠤ ᠮᠡᠷᠭᠡᠵᠢᠯᠲᠡᠨ ᠳᠤ ᠮᠠᠰᠢ ᠤᠯᠠᠨ ᠰᠢᠨ᠎ᠡ | ᠮᠡᠳᠡᠯᠭᠡ ᠶᠢ ᠨᠡᠶᠢᠳᠡᠮ ᠡᠵᠡᠮᠰᠢᠭᠦᠯᠵᠦ᠂ ᠮᠠᠰᠢ ᠤᠯᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠰᠢᠨ᠎ᠡ | ᠮᠡᠳᠡᠭᠡ ᠵᠠᠩᠭᠢ ᠶᠢ ᠣᠶᠢᠯᠠᠭᠠᠭᠤᠯᠵᠤ᠂ ᠵᠣᠬᠢᠬᠤ ᠰᠢᠨ᠎ᠡ ᠮᠡᠷᠭᠡᠵᠢᠯ ᠢ ᠰᠢᠨᠡᠴᠢᠯᠡᠨ ᠡᠵᠡᠮᠰᠢᠭᠦᠯᠵᠦ᠂ ᠲᠤᠬᠠᠶᠢᠯᠠᠭᠰᠠᠨ | ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠲᠠᠷᠢᠶᠠᠯᠠᠩ ᠤᠨ ᠮᠠᠰᠢᠨ ᠢ | ᠳᠡᠯᠭᠡᠷᠡᠭᠦᠯᠬᠦ ᠡᠩᠨᠡᠭᠡᠨ ᠤ ᠲᠠᠷᠢᠶᠠᠯᠠᠩ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠵᠦ᠂ ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ ᠤ ᠬᠥᠭᠵᠢᠯᠲᠡ ᠳᠤ ᠴᠢᠳᠠᠪᠤᠷᠢᠲᠠᠨ ᠪᠠ ᠮᠡᠷᠭᠡᠵᠢᠯ ᠤᠨ ᠲᠦᠰᠢᠭ ᠲᠤᠯᠭᠠᠭᠤᠷᠢ ᠬᠠᠩᠭᠠᠨ᠎ᠠ᠃ | |