ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ︽ᠠᠶᠤᠯᠭᠦᠶ ᠦᠶᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2019/6/20
ᠡᠨᠡ ᠵᠢᠯ ᠤᠨ 6 ᠰᠠᠷ᠎ᠠ ᠪᠣᠯ ᠪᠦᠬᠦ ᠤᠯᠤᠰ ᠤᠨ ᠠᠷᠪᠠᠨ ᠨᠠᠶᠢᠮᠠᠳᠤᠭᠠᠷ ︽ᠠᠶᠤᠯᠭᠦᠢ ᠦᠢᠯᠡᠳᠪᠦᠷᠢᠯᠡᠯ ᠤᠨ ᠠᠵᠢᠯᠯᠠᠭ᠎ᠠ ᠶᠢᠨ ᠰᠠᠷ᠎ᠠ︾ ᠪᠣᠯᠤᠨ᠎ᠠ᠃ ᠲᠠᠷᠢᠶᠠᠴᠢᠳ ᠤᠨ ᠮᠠᠰᠢᠨᠴᠢᠨ ᠤ ᠠᠮᠤᠷ ᠲᠦᠪᠰᠢᠨ ᠤ ᠤᠬᠠᠮᠰᠠᠷ ᠪᠠ ᠬᠠᠤᠯᠢ ᠶᠢ ᠰᠠᠬᠢᠬᠤ ᠦᠵᠡᠯᠲᠡ ᠶᠢ ᠦᠨᠡᠨᠬᠦ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ  ᠢ ᠪᠠᠬᠢᠵᠢᠭᠦᠯᠦᠨ᠂ ︽ᠠᠶᠤᠯᠭᠦᠶ ᠦᠶᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠥᠯᠥᠭᠡ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ︽ᠲᠦᠭᠰᠢᠭᠦᠷᠢ ᠶᠢ ᠰᠡᠷᠭᠡᠶᠢᠯᠡᠬᠦ᠂ ᠳᠠᠯᠳᠠ ᠬᠡᠮ ᠢ ᠠᠷᠢᠯᠭᠠᠬᠤ᠂ ᠠᠳᠡᠯ ᠢ ᠬᠤᠷᠢᠭᠯᠠᠬᠤ︾ ᠪᠠᠷ ᠭᠤᠤᠯ ᠰᠡᠳᠦᠪ ᠪᠣᠯᠭᠠᠵᠤ᠂ ᠲᠠᠷᠢᠶᠠᠯᠠᠩ ᠤᠨ ᠮᠠᠰᠢᠨ ᠤ ᠠᠶᠤᠯᠭᠦᠶ ᠦᠶᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠪᠡ᠃ ᠨᠢᠭᠡ ᠳᠤ ᠲᠠᠷᠢᠶᠠᠯᠠᠩ ᠤᠨ ᠮᠧᠬᠠᠨᠢᠭ ᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠠᠵᠢᠯᠲᠠᠨ ᠬᠥᠳᠡᠭᠡ ᠲᠣᠰᠬᠤᠨ  ᠤ ᠴᠤᠭᠯᠠᠭ᠎ᠠ ᠮᠠᠶᠢᠮᠠᠶ ᠳᠤ ᠭᠦᠨᠵᠡᠭᠡᠶᠢᠷᠡᠨ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠲᠠᠷᠢᠶᠠᠯᠠᠩ ᠤᠨ ᠮᠠᠰᠢᠨ ᠤ ᠠᠶᠤᠯᠭᠦᠶ ᠶᠢᠨ ᠮᠡᠳᠡᠯᠭᠡ ᠶᠢ ᠬᠥᠳᠡᠭᠡ ᠪᠠᠭᠤᠯᠭᠠᠬᠤ ᠵᠡᠷᠭᠡ ᠠᠵᠢᠯᠯᠠᠭ᠎ᠠ  ᠶᠢ ᠥᠷᠨᠢᠭᠦᠯᠵᠦ᠂ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ ᠂ ᠬᠠᠤᠯᠢ ᠴᠠᠭᠠᠵᠠ ᠬᠠᠤᠯᠢ ᠲᠣᠭᠲᠠᠭᠠᠯ᠂ ᠠᠶᠤᠯᠭᠦᠶ ᠶᠢᠨ ᠮᠡᠷᠭᠡᠵᠢᠯ ᠪᠠ ᠥᠪᠡᠷ ᠢ ᠪᠠᠨ ᠠᠪᠤᠷᠠᠬᠤ ᠬᠠᠷᠢᠯᠴᠠᠨ ᠬᠠᠪᠰᠤᠷᠤᠯᠴᠠᠬᠤ ᠠᠷᠭ᠎ᠠ ᠵᠡᠷᠭᠡ ᠤᠬᠠᠭᠤᠯᠭ᠎ᠠ ᠶᠢᠨ ᠵᠢᠷᠤᠭ ᠪᠠ ᠮᠠᠲ᠋ᠧᠷᠢᠶᠠᠯ ᠢ ᠰᠢᠶᠠᠩ ᠪᠠᠯᠭᠠᠰᠤ᠂ ᠠᠶᠢᠯ ᠡᠷᠦᠬᠡ  ᠳᠤ ᠬᠦᠷᠭᠡᠵᠦ᠂ ᠲᠠᠷᠢᠶᠠᠯᠠᠩ ᠤᠨ ᠮᠠᠰᠢᠨ ᠤ ᠬᠥᠳᠡᠯᠦᠯ ᠪᠠᠶᠢᠳᠠᠯ ᠢ ᠤᠯᠠᠨ ᠲᠦᠮᠡᠨ ᠳᠤ ᠣᠢᠢᠯᠠᠭᠠᠭᠤᠯᠬᠤ ᠶᠢᠨ ᠬᠠᠮᠲᠤ ᠤᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠲᠠᠷᠢᠶᠠᠯᠠᠩ ᠤᠨ ᠮᠧᠬᠠᠨᠢᠭ ᠢᠶᠠᠷ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠲᠠᠷᠢᠶᠠᠯᠠᠩ ᠤᠨ ᠮᠧᠬᠠᠨᠢᠭ ᠲᠤ ᠲᠠᠷᠢᠶᠠᠯᠠᠩ ᠤᠨ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠮᠠᠳᠠᠭ ᠲᠠᠢ ᠠᠰᠠᠭᠤᠳᠠᠯ ᠢ ᠨᠢᠭᠤᠷᠲᠠᠨ ᠬᠠᠷᠢᠭᠤᠯᠤᠨ᠎ᠠ᠃ ᠬᠤᠶᠠᠷ ᠲᠤ ᠲᠠᠷᠢᠶᠠᠯᠠᠩ ᠤᠨ ᠮᠠᠰᠢᠨ ᠤ ᠠᠶᠤᠯᠭᠦᠶ ᠦᠶᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ  ᠵᠠᠰᠠᠵᠤ ᠴᠡᠭᠴᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠠᠷᠢᠶᠠᠯᠠᠩ ᠤᠨ ᠮᠠᠰᠢᠨ ᠤ ᠬᠤᠷᠰᠢᠶ᠎ᠠ᠂ ᠲᠠᠷᠢᠶᠠᠯᠠᠩ ᠤᠨ ᠮᠠᠰᠢᠨ ᠢ ᠰᠡᠯᠪᠢᠨ ᠵᠠᠰᠠᠬᠤ ᠰᠦᠯᠵᠢᠶᠡᠨ ᠴᠡᠭ᠂ ᠲᠠᠷᠢᠶᠠᠯᠠᠩ ᠤᠨ ᠮᠠᠰᠢᠨ ᠤ ᠡᠷᠦᠬᠡ ᠵᠡᠷᠭᠡ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠵᠦᠶᠯ ᠳᠠᠷᠠᠭᠠᠯᠠᠨ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠪᠠ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠰᠠᠨᠠᠯ ᠪᠠ ᠠᠷᠭ᠎ᠠ ᠬᠡᠮᠵᠢᠶ᠎ᠡ ᠶᠢ ᠴᠠᠭ ᠲᠤᠬᠠᠶ  ᠳᠤᠨᠢ ᠳᠤᠷᠠᠳᠬᠤ ᠶᠢᠨ ᠬᠠᠮᠲᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠥᠭᠡᠷᠡᠴᠢᠯᠡᠵᠦ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠠᠵᠢᠯ ᠬᠢᠵᠦ ᠪᠣᠯᠤᠨ᠎ᠠ᠂ ᠡᠭᠦᠨ ᠤ ᠬᠠᠮᠲᠤ ᠬᠢᠨᠠᠨ ᠬᠠᠮᠢᠶᠠᠷᠬᠤ ᠠᠵᠢᠯᠲᠠᠨ ᠤ ᠲᠠᠷᠢᠶᠠᠯᠠᠩ ᠤᠨ ᠮᠠᠰᠢᠨ ᠤ ᠠᠶᠤᠯᠭᠦᠶ ᠦᠶᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠵᠠᠰᠠᠵᠤ ᠴᠡᠭᠴᠡᠯᠡᠬᠦ ᠠᠵᠢᠯ ᠤᠨ ᠡᠳᠦᠷ ᠤᠨ ᠲᠡᠮᠳᠡᠭᠯᠡᠯ ᠪᠠᠶᠢᠭᠤᠯᠵᠤ᠂ ᠡᠳᠦᠷ ᠪᠦᠷᠢ ᠶᠢᠨ ᠵᠢᠭᠰᠠᠭᠠᠨ ᠪᠠᠶᠢᠴᠠᠭᠠᠭᠰᠠᠨ ᠲᠡᠮᠳᠡᠭᠯᠡᠯ᠂ ᠴᠠᠭ ᠤᠨ ᠬᠢᠵᠠᠭᠠᠷ ᠵᠡᠷᠭᠡ ᠶᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ ᠲᠠᠷᠢᠶᠠᠯᠠᠩ ᠤᠨ ᠮᠧᠬᠠᠨᠢᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠥᠳᠡᠭᠡ ᠲᠣᠰᠬᠤᠨ ᠤ ᠵᠠᠮ᠂ ᠲᠠᠷᠢᠶᠠᠨ ᠭᠠᠵᠠᠷ᠂ ᠲᠠᠯᠠᠪᠤᠷ ᠭᠠᠵᠠᠷ ᠵᠡᠷᠭᠡ ᠴᠢᠬᠤᠯᠠ ᠦᠶᠯᠡᠳᠪᠦᠷᠢᠯᠡᠯ ᠤᠨ ᠠᠵᠢᠯ ᠤᠨ ᠲᠠᠯᠠᠪᠤᠷ ᠲᠤ ᠭᠦᠨᠵᠡᠭᠡᠶᠢᠷᠡᠵᠦ᠂ ᠲᠷᠠᠺᠲ᠋ᠣᠷ ᠢ ᠣᠨ ᠤ ᠪᠠᠶᠢᠴᠠᠭᠠᠯᠲᠠ ᠳᠤ ᠣᠷᠣᠯᠴᠠᠭᠰᠠᠨ ᠦᠭᠡᠢ ᠪᠠᠷ ᠠᠵᠢᠯᠯᠠᠬᠤ ᠦᠵᠡᠭᠳᠡᠯ ᠢ ᠴᠢᠩᠭ᠎ᠠ ᠪᠠᠶᠢᠴᠠᠭᠠᠵᠤ᠂ ᠬᠠᠷ᠎ᠠ ᠲᠡᠷᠭᠡ ᠶᠢ ᠦᠨᠡᠮᠯᠡᠯ ᠦᠭᠡᠢ  ᠪᠠᠷ ᠵᠢᠯᠣᠭᠤᠳᠬᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠬᠡᠳᠦ ᠬᠤᠷᠳᠤᠨ ᠵᠢᠯᠣᠭᠤᠳᠬᠤ᠂ ᠳᠤᠷ᠎ᠠ ᠪᠠᠷ  ᠢᠶᠠᠨ ᠥᠭᠡᠷᠡᠴᠢᠯᠡᠨ ᠤᠭᠰᠠᠷᠠᠬᠤ᠂ ᠬᠠᠤᠯᠢ ᠶᠢ ᠵᠥᠷᠢᠴᠡᠨ ᠬᠥᠮᠥᠨ ᠰᠠᠭᠤᠯᠭᠠᠬᠤ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ᠂ ᠦᠨᠡᠮᠯᠡᠯ ᠦᠭᠡᠢ ᠪᠠᠷ ᠵᠢᠯᠣᠭᠤᠳᠬᠤ᠂ ᠫᠠᠶᠢᠰᠠ ᠥᠬᠡᠶ ᠦᠨᠡᠮᠯᠡᠯ ᠦᠭᠡᠢ ᠪᠠᠷ ᠵᠠᠮ ᠳᠡᠭᠡᠷ᠎ᠡ ᠭᠠᠷᠴᠤ ᠠᠵᠢᠯᠯᠠᠬᠤ᠂ ᠠᠰᠠᠭᠤᠳᠠᠯ ᠲᠠᠢ ᠲᠷᠠᠺᠲ᠋ᠣᠷ ᠢᠶᠠᠷ ᠠᠵᠢᠯᠯᠠᠬᠤ ᠵᠡᠷᠭᠡ ᠬᠠᠤᠯᠢ ᠲᠣᠭᠲᠠᠭᠠᠯ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠶᠳᠪᠦᠷᠢᠯᠡᠵᠦ᠂ ᠠᠳᠡᠯ ᠤᠨ ᠳᠠᠯᠳᠠ ᠬᠡᠮ  ᠢ ᠴᠠᠭ ᠲᠤᠬᠠᠶ ᠳᠤᠨᠢ ᠪᠦᠲᠦᠮᠵᠢᠲᠡᠶ ᠠᠷᠢᠯᠭᠠᠬᠤ ᠬᠡᠷᠡᠭᠲᠡᠶ᠃ ᠲᠠᠷᠢᠶᠠᠯᠠᠩ ᠤᠨ ᠮᠠᠰᠢᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠦᠨᠡᠨᠬᠦ ᠰᠠᠶᠢᠲᠤᠷ ᠥᠷᠨᠢᠭᠦᠯᠬᠦ ᠶᠢᠨ ᠲᠤᠰᠠᠳᠠ᠂ 6 ᠰᠠᠷ᠎ᠠ ᠶᠢᠨ 14 ᠤ ᠡᠳᠦᠷ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠤ ᠬᠢᠨᠠᠨ ᠬᠠᠮᠢᠶᠠᠷᠬᠤ ᠭᠠᠵᠠᠷ ᠨᠠᠨᠲᠠᠢ ᠽᠢ ᠰᠢᠶᠠᠩ ᠤᠨ ᠴᠤᠭᠯᠠᠭ᠎ᠠ ᠬᠤᠳᠠᠯᠳᠤᠭᠠᠨ ᠤ ᠵᠠᠬ᠎ᠠ ᠳᠡᠯᠭᠡᠭᠦᠷ ᠲᠤ ᠬᠦᠷᠴᠦ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠠᠷᠢᠶᠠᠯᠠᠩ ᠤᠨ ᠮᠠᠰᠢᠨ ᠢ ᠬᠢᠨᠠᠨ ᠬᠠᠮᠢᠶᠠᠷᠬᠤ ᠭᠠᠵᠠᠷ ᠲᠠᠷᠢᠶᠠᠯᠠᠩ  ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠰᠡᠷᠡᠮᠵᠢ ᠶᠢᠨ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠵᠦ᠂ ᠲᠠᠷᠢᠶᠠᠯᠠᠩ ᠤᠨ ᠮᠠᠰᠢᠨ ᠤ ᠠᠳᠡᠯ ᠤᠨ ᠬᠡᠷᠡᠭ ᠤᠨ ᠵᠢᠱᠢᠶ᠎ᠡ ᠶᠢ ᠤᠬᠠᠭᠤᠯᠤᠨ ᠳᠡᠯᠭᠡᠨ ᠦᠵᠡᠭᠦᠯᠵᠦ᠂ ᠠᠮᠤᠷ ᠲᠦᠪᠰᠢᠨ ᠤ ᠤᠬᠠᠭᠤᠯᠭ᠎ᠠ ᠶᠢᠨ ᠥᠷᠲᠡᠭᠡ ᠪᠠᠶᠢᠭᠤᠯᠵᠤ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠥᠷᠭᠡᠨ ᠤᠯᠠᠨ ᠲᠠᠷᠢᠶᠠᠴᠢᠳ ᠲᠤ ︽ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃ ᠡᠭᠦᠨ ᠤ ᠵᠡᠷᠭᠡ ᠳᠤ ᠲᠠᠷᠢᠶᠠᠯᠠᠩ ᠤᠨ ᠮᠠᠰᠢᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠲᠠᠳ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ  ᠤᠨ ᠶᠡᠷᠦ ᠶᠢᠨ ᠮᠡᠳᠡᠯᠭᠡ ᠪᠠ ᠲᠠᠷᠢᠶᠠᠯᠠᠩ ᠤᠨ ᠮᠠᠰᠢᠨ ᠤ ᠠᠳᠡᠯ ᠤᠨ ᠬᠤᠣᠷ ᠬᠥᠨᠥᠭᠡᠯᠲᠦ ᠴᠢᠨᠠᠷ ᠵᠢᠴᠢ ᠲᠠᠷᠢᠶᠠᠯᠠᠩ  ᠤᠨ ᠮᠠᠰᠢᠨ ᠪᠠᠭᠠᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠠᠶᠤᠯᠭᠦᠶ ᠬᠡᠷᠡᠭᠯᠡᠬᠦ ᠵᠡᠷᠭᠡ ᠲᠠᠯ᠎ᠠ ᠶᠢᠨ ᠠᠰᠠᠭᠤᠳᠠᠯ ᠢ ᠬᠦᠯᠢᠴᠡᠩᠭᠦᠢ ᠪᠠᠷ ᠲᠠᠶᠢᠯᠪᠤᠷᠢᠯᠠᠵᠤ ᠥᠭᠴᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号