ᠲᠠᠷᠢᠶᠠᠯᠠᠩ ᠤᠨ ᠮᠠᠰᠢᠨ ᠬᠤᠳᠠᠯᠳᠤᠨ ᠠᠪᠤᠭᠰᠠᠨ ᠨᠦᠬᠦᠪᠦᠷᠢ ᠶᠢ ᠮᠡᠳᠡᠬᠦᠯᠬᠦ ᠠᠵᠢᠯ ᠤᠨ ᠬᠦᠢᠴᠡᠳᠬᠡᠯ ᠬᠢᠬᠦ  ᠶᠢ ᠵᠤᠭᠰᠤᠭᠠᠭᠰᠠᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019/6/22
ᠡᠯ᠎ᠡ ᠰᠢᠶᠠᠩ ᠪᠠᠯᠭᠠᠰᠤᠨ ᠤ ᠲᠠᠷᠢᠶᠠᠯᠠᠩ ᠤᠨ ᠮᠠᠰᠢᠨ ᠤ ᠦᠷᠳᠡᠭᠡ᠄2019 ᠤᠨ ᠤ ᠤᠯᠠᠭᠠᠨᠬᠠᠳᠠ ᠬᠤᠳᠠ ᠠᠴᠠ ᠮᠠᠨ ᠤ ᠬᠤᠰᠢᠭᠤᠨ ᠳᠤ ᠬᠤᠶᠠᠷ ᠤᠳᠠᠭ᠎ᠠ ᠪᠠᠭᠤᠯᠭᠠᠭᠰᠠᠨ ᠲᠠᠷᠢᠶᠠᠯᠠᠩ ᠤᠨ ᠮᠠᠰᠢᠨ ᠬᠤᠳᠠᠯᠳᠤᠨ ᠠᠪᠤᠭᠰᠠᠨ ᠨᠦᠬᠦᠪᠦᠷᠢ ᠶᠢᠨ ᠪᠡᠯᠡ ᠮᠦᠩᠭᠦ 1800 ᠲᠦᠮᠡᠨ ᠲᠦᠭᠦᠷᠢᠭ᠂ 6 ᠰᠠᠷ᠎ᠠ ᠶᠢᠨ 4 ᠤ ᠡᠳᠦᠷ ᠪᠤᠯᠳᠠᠯ᠎ᠠ ᠠᠩᠬᠠᠳᠠᠭᠴᠢ ᠪᠦᠯᠦᠭ ᠨᠦᠬᠦᠪᠦᠷᠢ ᠶᠢᠨ ᠪᠡᠯᠡ ᠮᠦᠩᠭᠦ  ᠪᠤᠯᠬᠤ 1440 ᠲᠦᠮᠡᠨ ᠲᠦᠭᠦᠷᠢᠭ ᠢ ᠪᠦᠬᠦᠨ ᠢ ᠬᠡᠷᠡᠭᠯᠡᠵᠤ ᠲᠠᠭᠤᠰᠤᠯ᠎ᠠ᠂ 6 ᠰᠠᠷ᠎ᠠ ᠶᠢᠨ 17 ᠤ ᠡᠳᠦᠷ ᠪᠤᠯᠳᠠᠯ᠎ᠠ ᠬᠤᠶᠠᠳᠠᠭᠴᠢ ᠪᠦᠯᠦᠭ ᠨᠦᠬᠦᠪᠦᠷᠢ ᠶᠢᠨ ᠪᠡᠯᠡ ᠮᠦᠩᠭᠦ 360 ᠲᠦᠮᠡᠨ ᠲᠦᠭᠦᠷᠢᠭ ᠢ ᠮᠦᠨ ᠬᠡᠷᠡᠭᠯᠡᠵᠦ ᠲᠠᠭᠤᠰᠬᠠᠪᠠ᠂ ᠲᠠᠷᠠᠭ᠎ᠠ ᠵᠢᠯ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠲᠤᠭᠳᠠᠭᠠᠯ ᠭᠠᠷᠤᠭᠠᠳᠤᠢ ᠪᠤᠯᠬᠤᠷ᠂ ᠲᠠᠷᠢᠶᠠᠯᠠᠩ ᠤᠨ ᠮᠠᠰᠢᠨ ᠬᠤᠳᠠᠯᠳᠤᠨ ᠠᠪᠤᠭᠰᠠᠨ ᠨᠦᠬᠦᠪᠦᠷᠢ ᠶᠢ ᠮᠡᠳᠡᠬᠦᠯᠬᠦ ᠠᠵᠢᠯ ᠤᠨ ᠬᠦᠢᠴᠡᠳᠬᠡᠯ ᠢ ᠬᠦᠯᠢᠶᠠᠨ ᠠᠪᠬᠤ ᠦᠭᠡᠢ᠃ ᠪᠤᠳᠠᠳᠠᠢ ᠤᠴᠢᠷ ᠢ ᠲᠡᠭᠡᠳᠦ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠪᠢᠴᠢᠭ ᠮᠠᠲ᠋ᠧᠷᠢᠶᠠᠯ ᠤᠨ ᠮᠡᠳᠡᠭᠳᠡᠯ ᠢ ᠬᠦᠯᠢᠶᠠᠨ᠎ᠡ᠃ᠡᠬᠦᠨ ᠤ ᠲᠤᠯᠠ ᠮᠡᠳᠡᠭᠳᠡᠪᠡ  ᠃ᠬᠠᠷᠠᠴᠢᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠤᠪᠴᠢᠶ᠎ᠠ2019 ᠤᠨ ᠤ 6 ᠰᠠᠷ᠎ᠠ ᠶᠢᠨ 17 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号