ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠳᠥᠷᠪᠡᠨ ᠦᠰᠦᠭ︾ ᠤᠨ ᠲᠣᠭᠤᠷᠢᠨ  ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ  ᠪᠠᠷ ᠠᠬᠢᠭᠤᠯᠪᠠ
ᠨᠡᠶᠢᠲᠡᠯᠡᠭᠰᠡᠨ ᠴᠠᠭ᠄
2019/6/22
ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠪᠠᠷ ᠡᠭᠦᠷᠭᠡ ᠪᠠᠨ ᠪᠣᠯᠭᠠᠵᠤ᠂ ︽ᠲᠣᠭᠲᠠᠭᠤᠨ᠂ ᠠᠰᠢᠭᠲᠠᠶ᠂ ᠪᠣᠳᠠᠲᠠᠶ᠂ ᠴᠢᠩᠭ᠎ᠠ︾ ᠭᠡᠬᠦ ᠲᠦᠷᠪᠡᠨ ᠥᠰᠥᠭ ᠲᠠᠢ ᠨᠢᠭᠲᠠ ᠤᠶᠠᠯᠳᠤᠭᠤᠯᠤᠨ᠂ ᠡᠯ᠎ᠡ ᠵᠦᠶᠯ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠰᠢᠯᠢᠳᠡᠭᠵᠢᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠪᠠ᠃ ᠨᠢᠭᠡ ᠳᠤ ︽ᠲᠣᠭᠲᠠᠭᠤᠨ︾ ᠪᠠᠶᠢᠬᠤ ᠤᠬᠠᠮᠰᠠᠷ ᠢ ᠴᠢᠩᠭᠠᠳᠬᠠᠵᠤ᠂ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯ  ᠤᠨ ᠰᠠᠭᠤᠷᠢᠯᠠᠬᠤ ᠴᠢᠨᠠᠷᠲᠠᠶ ᠦᠢᠯᠡᠳᠦᠯ ᠢ ᠬᠦᠴᠦᠯᠡᠨ ᠪᠠᠳᠠᠷᠠᠭᠤᠯᠪᠠ᠃ ᠬᠠᠤᠯᠢ ᠪᠠᠷᠢᠬᠤ ᠭᠠᠵᠠᠷ ᠤᠨ ᠠᠵᠢᠯᠯᠠᠬᠤ ᠭᠡᠷ ᠪᠠᠢᠰᠢᠩ ᠢ 2500 ᠭᠠᠷᠤᠢ ᠲᠡᠭᠰᠢ ᠳᠥᠷᠪᠡᠯᠵᠢᠨ ᠮᠧᠲᠷ ᠰᠢᠢᠳᠪᠦᠷᠢᠯᠡᠵᠦ᠂ 90 ᠭᠠᠷᠤᠢ ᠲᠦᠮᠡᠨ ᠲᠥᠭᠦᠷᠢᠭ  ᠤᠨ ᠪᠡᠯᠡ ᠮᠥᠩᠭᠦ ᠣᠷᠣᠭᠤᠯᠵᠤ᠂ 9 ᠬᠠᠤᠯᠢ ᠪᠠᠷᠢᠬᠤ ᠭᠠᠵᠠᠷ ᠤᠨ ᠪᠠᠷᠢᠯᠭ᠎ᠠ ᠶᠢᠨ ᠭᠠᠳᠠᠷ ᠪᠠᠶᠢᠳᠠᠯ᠂ ᠢᠯᠡᠳᠬᠡᠮᠵᠢ ᠲᠡᠮᠳᠡᠭ᠂ ᠫᠠᠶᠢᠰᠠ ᠢᠯᠡᠷᠬᠡᠶᠢᠯᠡᠯ ᠵᠡᠷᠭᠡ ᠶᠢ ᠵᠢᠷᠤᠮᠵᠢᠭᠤᠯᠤᠨ ᠥᠭᠡᠷᠡᠴᠢᠯᠡᠬᠦ ᠶᠢ ᠪᠡᠶᠡᠯᠡᠭᠦᠯᠵᠦ᠂ ᠡᠯ᠎ᠡ ᠵᠦᠢᠯ ᠤᠨ ᠳᠦᠷᠢᠮ᠂ ᠲᠠᠰ ᠳᠠᠷᠠᠭᠠᠯᠠᠯ ᠢ ᠨᠢᠭᠡᠳᠦᠯᠲᠡᠢ ᠬᠡᠷᠡᠮ ᠳᠡᠭᠡᠷ᠎ᠡ ᠭᠠᠷᠭᠠᠵᠤ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠪᠠ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠂ ᠲᠣᠭᠠᠨ ᠰᠡᠭᠦᠳᠡᠷᠯᠡᠬᠦ ᠮᠠᠰᠢᠨ᠂ ᠬᠠᠤᠯᠢ ᠬᠡᠷᠡᠭᠵᠢᠭᠦᠯᠬᠦ ᠲᠡᠮᠳᠡᠭᠯᠡᠯ ᠤᠨ ᠮᠠᠰᠢᠨ ᠵᠡᠷᠭᠡ ᠲᠣᠨᠣᠭᠯᠠᠯ ᠢ ᠲᠣᠬᠢᠷᠠᠭᠤᠯᠵᠠᠢ᠃ 39 ᠲᠦᠮᠡᠨ ᠲᠥᠭᠦᠷᠢᠭ ᠪᠠᠯᠠ ᠣᠷᠣᠭᠤᠯᠵᠤ᠂ 4 K ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠲᠧᠯᠸᠢᠰ ᠤᠨ ᠣᠶᠤᠨᠴᠢ ᠦᠵᠦᠭᠦᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠥᠬᠦ ᠬᠤᠰᠢᠭᠤᠨ ᠤ 11 ᠬᠠᠤᠯᠢ ᠴᠠᠭᠠᠵᠠ ᠶᠢᠨ ᠭᠠᠵᠠᠷ ᠪᠠ 171 ᠲᠣᠰᠬᠤᠨ ︵ᠨᠡᠶᠢᠭᠡᠮ ᠲᠣᠭᠤᠷᠢᠭ︶ ᠢ ᠨᠡᠶᠢᠳᠡᠮ ᠪᠦᠷᠬᠦᠭᠦᠯᠵᠦ᠂ ᠣᠯᠠᠨ ᠲᠦᠮᠡᠨ ᠲᠧᠯᠸᠢᠰ ᠢ ᠨᠡᠭᠡᠭᠡᠪᠡᠯ ᠳᠠᠷᠤᠶ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠵᠤ᠂ ᠭᠡᠷ ᠠᠴᠠ ᠪᠠᠨ ᠭᠠᠷᠬᠤ ᠦᠭᠡᠢ ᠪᠠᠷ ᠳᠠᠷᠤᠶ ᠬᠠᠤᠯᠢ ᠴᠠᠭᠠᠵᠠ ᠶᠢᠨ ᠦᠶᠯᠡᠴᠢᠯᠡᠭᠡ ᠶᠢ ᠬᠦᠷᠲᠡᠵᠦ ᠴᠢᠳᠠᠨ᠎ᠠ᠃ ᠬᠤᠶᠠᠷ ᠲᠤ᠂ ︽ᠠᠰᠢᠭᠲᠠᠢ︾ ᠪᠠᠶᠢᠬᠤ ᠣᠶᠢᠯᠠᠭᠠᠭᠳᠠᠬᠤᠨ ᠢ ᠴᠢᠩᠭᠠᠳᠬᠠᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠢ ᠦᠢᠯᠡᠴᠢᠯᠡᠬᠦ ᠪᠣᠳᠠᠲᠠᠢ ᠦᠢᠯᠡᠳᠦᠯ ᠢ ᠬᠦᠴᠦᠯᠡᠨ ᠠᠬᠢᠭᠤᠯᠪᠠ  ᠃ ᠪᠠᠷᠢᠮᠵᠢᠶᠠᠵᠢᠭᠰᠠᠨ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ 260 m2 ᠲᠠᠩᠬᠢᠮ ᠢ ᠰᠢᠨ᠎ᠡ  ᠪᠠᠷ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠶᠢ 21 ᠪᠠᠶᠢᠭᠤᠯᠤᠨ ᠲᠡᠭᠦᠯᠳᠡᠷᠵᠢᠭᠦᠯᠵᠦ᠂ ︽ᠭᠡᠷᠢᠶᠡᠰ ᠤᠨ ᠠᠯᠪᠠᠨ ᠭᠡᠷᠡᠴᠢᠯᠡᠭᠡ ᠬᠢᠯᠭᠡᠬᠦ ᠳᠤ ᠰᠦᠢᠳᠬᠡᠯ ᠬᠤᠷᠢᠶᠠᠬᠤ ᠥᠬᠡᠶ ᠬᠠᠭᠤᠳᠠᠰᠣ︾᠂ ︽ᠬᠠᠤᠯᠢ ᠴᠠᠭᠠᠵᠠ ᠶᠢᠨ ᠦᠶᠯᠡᠴᠢᠯᠡᠭᠡᠨ ᠤ ᠰᠠᠭᠠᠳ ᠥᠬᠡᠶ ᠨᠡᠪᠲᠡᠷᠡᠬᠦ ᠬᠠᠭᠤᠳᠠᠰᠣ︾᠂ ︽ᠭᠡᠷ᠎ᠡ ᠶᠢᠨ ᠬᠠᠤᠯᠢ ᠴᠠᠭᠠᠵᠠ ᠶᠢ ᠬᠢᠨᠠᠨ ᠪᠠᠢᠴᠠᠭᠠᠬᠤ ᠳᠤ ᠰᠦᠢᠳᠬᠡᠯ ᠬᠤᠷᠢᠶᠠᠬᠤ ᠥᠬᠡᠶ ᠬᠠᠭᠤᠳᠠᠰᠣ︾ ᠵᠡᠷᠭᠡ ᠨᠡᠶᠢᠲᠡ ᠳᠣᠯᠣᠭᠠᠨ ᠲᠥᠷᠥᠯ ᠳᠥᠷᠪᠡᠨ ᠲᠠᠯ᠎ᠠ ᠶᠢᠨ ᠠᠷᠠᠳ ᠲᠤ ᠠᠰᠢᠭ ᠬᠦᠷᠲᠡᠭᠡᠬᠦ ᠲᠣᠮᠣ ᠪᠡᠯᠡᠭ ᠰᠡᠯᠲᠡ ᠶᠢ 1000 ᠬᠤᠪᠢ ᠲᠠᠷᠬᠠᠭᠠᠪᠠ᠂ ᠡᠨᠡ ᠵᠢᠯ 205 ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠬᠦᠯᠢᠶᠡᠨ ᠠᠪᠴᠤ ᠰᠢᠶᠳᠪᠦᠷᠢᠯᠡᠵᠦ᠂ 141.3ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠪᠤᠴᠠᠭᠠᠨ ᠠᠪᠴᠢᠷᠠᠪᠠ ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠶᠳᠪᠦᠷᠢᠯᠡᠬᠦ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ ᠵᠢᠯ ᠵᠥᠷᠢᠴᠡᠯ ᠵᠢᠭᠤᠷᠠᠯᠳᠤᠭᠠᠨ ᠢ ᠨᠡᠶᠢᠲᠡ 776 ᠤᠳᠠᠭ᠎ᠠ ᠪᠠᠶᠢᠴᠠᠭᠠᠵᠤ᠂ 293 ᠬᠡᠷᠡᠭ ᠢ ᠤᠷᠢᠳᠴᠢᠯᠠᠨ ᠰᠡᠷᠭᠡᠶᠢᠯᠡᠵᠦ᠂ 479 ᠬᠡᠷᠡᠭ ᠢ ᠡᠶᠡᠳᠡᠭᠦᠯᠵᠦ᠂ ᠬᠤᠯᠪᠣᠭᠳᠠᠭᠰᠠᠨ ᠵᠣᠭᠤᠰᠣᠨ ᠤ ᠲᠤᠭ᠎ᠠ ᠨᠢ 2263.13 ᠲᠦᠮᠡᠨ ᠲᠥᠭᠦᠷᠢᠭ ᠲᠤ ᠬᠦᠷᠴᠡᠶ᠃ ᠭᠤᠷᠪᠠ ᠳᠤ᠂ ︽ᠪᠣᠳᠠᠲᠠᠶᠢᠵᠢᠭᠤᠯᠬᠤ︾ ᠶᠢᠨ ᠲᠤᠬᠠᠢ ᠲᠠᠨᠢᠯᠲᠠ ᠪᠠᠨ ᠴᠢᠩᠭᠠᠳᠬᠠᠵᠤ᠂ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠠᠵᠢᠯ ᠤᠨ ᠬᠠᠮᠤᠷᠬᠤ ᠬᠡᠪᠴᠢᠶ᠎ᠡ ᠶᠢ ᠬᠦᠴᠦᠯᠡᠨ ᠥᠷᠭᠡᠳᠬᠡᠪᠠ᠃ ︽ᠬᠠᠤᠯᠢᠵᠢᠯ ᠤᠨ ᠤᠬᠠᠭᠤᠯᠭ᠎ᠠ ᠶᠡᠭᠡ ᠴᠤᠭᠯᠠᠷᠠᠯ ᠢ ᠬᠥᠭᠡᠭᠡᠵᠦ ᠭᠦᠢᠴᠡᠬᠦ︾᠂ ︽3 · 8 ᠤ ᠡᠮᠡᠭᠲᠡᠢᠴᠦᠳ ᠤᠨ ᠡᠷᠬᠡ ᠠᠰᠢᠭ ᠢ ᠬᠠᠮᠠᠭᠠᠯᠠᠬᠤ︾᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠠᠤᠯᠢᠵᠢᠯ ᠤᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠡᠷᠭᠡ ᠠᠵᠢᠯᠯᠠᠭ᠎ᠠ ᠶᠢ 10 ᠭᠠᠷᠤᠢ ᠤᠳᠠᠭ᠎ᠠ ᠥᠷᠨᠢᠭᠦᠯᠵᠦ᠂ ᠬᠠᠤᠯᠢᠵᠢᠯ ᠤᠨ ᠤᠯᠠᠭᠠᠨᠮᠥ᠋ᠴᠢᠷ ᠲᠠᠢ ᠬᠤᠯᠪᠣᠭᠠᠯᠠᠨ ᠲᠠᠷᠢᠶᠠᠯᠠᠩ ᠤᠨ ᠰᠤᠯᠠ ᠰᠡᠯᠡᠭᠦᠦ ᠴᠠᠭ ᠢ ᠠᠰᠢᠭᠯᠠ ᠬᠥᠳᠡᠭᠡ ᠲᠣᠰᠬᠤᠨ ᠳᠤ ᠭᠦᠨᠵᠡᠭᠡᠶᠢᠷᠡᠵᠦ᠂ ︽ᠬᠠᠷᠠᠴᠢᠨ ᠬᠤᠰᠢᠭᠤᠨ ᠤ ᠬᠠᠤᠯᠢ ᠳᠦᠷᠢᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠪᠠᠷ ᠭᠤᠣᠯ ᠰᠡᠳᠦᠪ ᠪᠣᠯᠭᠠᠵᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ ᠡᠨᠡ ᠵᠢᠯ ᠨᠡᠶᠢᠲᠡ 8000 ᠭᠠᠷᠤᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ 5000 ᠭᠠᠷᠤᠢ ᠬᠥᠮᠥᠨ ᠠᠰᠢᠭ ᠬᠦᠷᠲᠡᠪᠡ᠃ ︽ᠬᠠᠷᠠᠴᠢᠨ ᠠᠯᠠᠭᠠᠨ ᠳᠡᠭᠡᠷᠡᠬᠢ 12348︾  ᠸᠢᠴᠠᠲ ᠶᠢᠨ ᠨᠡᠶᠢᠲᠡ ᠶᠢᠨ ᠳ᠋ᠤᠭᠠᠷ ᠪᠠ ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠥᠨᠥᠳᠦᠷ ᠤᠨ ᠲᠡᠷᠢᠭᠦᠨ ᠵᠤᠷᠪᠤᠰ ᠤᠨ ᠨᠣᠮᠧᠷ ᠢᠶᠠᠷ ᠳᠠᠮᠵᠢᠭᠤᠯᠤᠨ 3000 ᠭᠠᠷᠤᠶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠤᠩᠰᠢᠭᠰᠠᠨ ᠤᠳᠠᠭ᠎ᠠ 2 ᠲᠦᠮᠡ ᠭᠠᠷᠤᠢ ᠬᠦᠷᠪᠡ᠃ ᠳᠥᠷᠪᠡ ᠳᠤ  ︽ ᠴᠢᠩᠭ᠎ᠠ  ︾ ᠪᠠᠶᠢᠬᠤ ᠶᠠᠪᠤᠳᠠᠯ ᠢ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠢᠭᠤᠯᠤᠯᠲᠠ᠂ ᠡᠩᠨᠡᠭᠡᠨ ᠤ ᠪᠠᠶᠢᠭᠤᠯᠤᠯᠲᠠ ᠶᠢᠨ ᠵᠢᠷᠤᠮᠵᠢᠯ ᠤᠨ ᠴᠢᠨᠠᠷ ᠢ ᠬᠦᠴᠦᠯᠡᠨ ᠠᠬᠢᠭᠤᠯᠪᠠ᠃ ᠴᠢᠯᠥᠭᠡ ᠭᠤᠶᠤᠬᠤ ᠳᠦᠷᠢᠮ᠂ ᠠᠵᠢᠯ ᠳᠠᠭᠠᠨ ᠢᠷᠡᠵᠦ ᠪᠤᠴᠠᠬᠤ ᠳᠤ ᠭᠠᠷ ᠤᠨ ᠦᠰᠦᠭ ᠵᠢᠷᠤᠬᠤ ᠳᠦᠷᠢᠮ᠂ ᠴᠠᠭᠳᠠᠭᠠᠨ ᠤ ᠲᠡᠷᠭᠡ ᠶᠢ ᠬᠠᠮᠢᠶᠠᠷᠴᠤ ᠬᠡᠷᠡᠭᠯᠡᠬᠦ ᠠᠷᠭ᠎ᠠ᠂ ᠬᠠᠤᠯᠢ ᠴᠠᠭᠠᠵᠠ ᠶᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠪᠣᠯᠤᠨ ᠬᠠᠷᠠᠯᠲᠠ ᠶᠢ ᠬᠢᠨᠠᠨ ᠰᠢᠯᠭᠠᠬᠤ ᠠᠷᠭ᠎ᠠ ᠵᠡᠷᠭᠡ ᠣᠯᠠᠨ ᠪᠢᠴᠢᠭ ᠮᠠᠲ᠋ᠧᠷᠢᠶᠠᠯ ᠢ ᠲᠣᠭᠲᠠᠭᠠᠨ ᠳᠣᠷᠣᠭᠰᠢ ᠪᠠᠭᠤᠯᠭᠠᠵᠤ᠂ ᠰᠤᠷᠤᠯᠴᠠᠬᠤ᠂ ᠠᠵᠢᠯ ᠳᠤ  ᠭᠠᠷᠤᠭᠰᠠᠨ ᠪᠦᠷᠢᠳᠭᠡᠯ᠂ ᠱᠠᠩᠨᠠᠵᠤ ᠲᠣᠷᠭᠠᠬᠤ ᠵᠡᠷᠭᠡ ᠡᠯ᠎ᠡ ᠵᠦᠢᠯ ᠤᠨ ᠳᠦᠷᠢᠮ ᠢ ᠵᠢᠷᠤᠮᠯᠠᠬᠤ ᠳᠦᠷᠢᠮ ᠲᠠᠢ ᠪᠣᠯᠭᠠᠪᠠ᠃ ︽ᠭᠠᠷ ᠢᠶᠠᠷ ᠵᠢᠷᠤᠭᠰᠠᠨ ᠨᠠᠮ ᠤᠨ ᠳᠦᠷᠢᠮ︾᠂ ︽︿ᠭᠤᠷᠪᠠᠨ ᠬᠤᠷᠠᠯ ᠨᠢᠭᠡ ᠬᠢᠴᠢᠶᠡᠯ﹀ ᠤᠨ ᠵᠢᠭᠠᠨ ᠰᠤᠷᠭᠠᠯᠲᠠ ᠶᠢᠨ ᠺᠢᠨᠣ᠋︾᠂ ︽ᠲᠡᠨᠦᠭᠦᠯ ᠳᠡᠯᠡᠬᠡᠢ ᠶᠢᠨ ᠪᠥᠮᠪᠥᠷᠴᠡᠭ︾ ᠵᠡᠷᠭᠡ ᠺᠢᠨᠣ᠋᠂ ︽ᠲᠦᠯᠪᠤᠷᠢᠲᠠᠢ ᠠᠳᠬᠤᠬᠤ ᠬᠡᠪ ᠰᠤᠷᠲᠠᠯ︾᠂ ︽ᠴᠤᠭᠤᠷᠬᠠᠢ ᠴᠢᠩ ᠶᠠᠩ ᠶᠦᠨᠨᠠᠨ ᠳᠤ︾ ᠵᠡᠷᠭᠡ ᠰᠡᠷᠡᠮᠵᠢᠯᠡᠭᠦᠯᠬᠦ ᠬᠥᠮᠦᠵᠢᠯ ᠤᠨ ᠺᠢᠨᠣ᠋ ᠶᠢ ᠲᠥᠪᠯᠡᠷᠡᠭᠦᠯᠦᠨ ᠦᠵᠡᠵᠦ ᠂ ᠤᠯᠠᠭᠠᠨᠬᠠᠳᠠ ᠶᠢᠨ ᠭᠢᠨᠳᠠᠨ ᠳᠤ ᠲᠥᠪᠯᠡᠷᠡᠭᠦᠯᠦᠨ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号