ᠬᠠᠷᠠᠴᠢᠨ ᠬᠤᠰᠢᠭᠤ《 ᠠᠮᠤᠷ ᠲᠦᠪᠰᠢᠨ ᠦᠢᠯᠡᠳᠪᠦᠷᠢᠯᠡᠯ ᠤᠨ ᠰᠠᠷ᠎ᠠ》 ᠶᠢᠨ ᠤᠬᠠᠭᠤᠯᠭ᠎ᠠ ᠶᠢᠨ ᠬᠦᠳᠡᠯᠬᠡᠬᠡᠨ ᠦᠷᠨᠢᠬᠦᠯᠪᠠ
ᠨᠡᠶᠢᠲᠡᠯᠡᠭᠰᠡᠨ ᠴᠠᠭ᠄
2019/6/22
2019 ᠤᠨ ᠤ 6 ᠰᠠᠷ᠎ᠠ ᠪᠤᠯ ᠪᠦᠬᠦ ᠤᠯᠤᠰ ᠤᠨ ᠠᠷᠪᠠᠨ ᠨᠠᠢᠮᠠᠳᠠᠭᠢ《ᠠᠮᠤᠷ ᠲᠦᠪᠰᠢᠨ ᠦᠢᠯᠡᠳᠪᠦᠷᠢᠯᠡᠯ ᠤᠨ ᠰᠠᠷ᠎ᠠ》ᠪᠤᠯᠬᠤ ᠶᠤᠮ᠃ ᠤᠯᠠᠨ ᠲᠦᠮᠡᠨ ᠤ ᠠᠮᠤᠷ ᠲᠦᠪᠰᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠤᠯᠠᠮ ᠨᠢᠬᠡ ᠠᠯᠬᠤᠮ ᠴᠢᠩᠭᠠᠳᠬᠠᠬᠤ ᠶᠢᠨ ᠲᠦᠯᠦᠭᠡ᠂ 6 ᠰᠠᠷ᠎ᠠ ᠶᠢᠨ 16 ᠤ ᠡᠳᠦᠷ ᠬᠠᠷᠠᠴᠢᠨ ᠬᠤᠰᠢᠭᠤ《 ᠠᠶᠤᠯ ᠲᠦᠭᠰᠢᠬᠦᠷᠢ ᠶᠢ ᠰᠡᠷᠬᠡᠶᠢᠯᠡᠵᠤ᠂ ᠬᠡᠮ ᠰᠤᠭᠤᠭ ᠢ ᠠᠷᠢᠯᠭᠠᠵᠤ᠂ ᠬᠡᠷᠡᠭ ᠠᠳᠡᠯ ᠢ ᠬᠤᠷᠢᠭᠯᠠᠬᠤ》ᠠᠮᠤᠷ ᠲᠦᠪᠰᠢᠨ ᠤ ᠤᠬᠠᠭᠤᠯᠭ᠎ᠠ ᠶᠢ ᠲᠦᠪᠯᠡᠷᠡᠬᠦᠯᠦᠭᠰᠡᠨ ᠬᠦᠳᠡᠯᠬᠡᠬᠡᠨ ᠢ ᠦᠷᠨᠢᠬᠦᠯᠪᠠ᠃
ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠤᠪᠴᠢᠶ᠎ᠠ᠂ ᠵᠠᠮ ᠨᠡᠪᠳᠡᠷᠡᠯᠬᠡ ᠲᠡᠭᠡᠭᠡᠪᠦᠷᠢ ᠶᠢᠨ ᠲᠤᠪᠴᠢᠶ᠎ᠡ᠂ ᠤᠷᠤᠨ ᠰᠠᠭᠤᠴᠠ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠵᠠᠬ᠎ᠠ ᠲᠡᠯᠭᠡᠬᠦᠷ ᠬᠢᠨᠡᠯᠳᠡ ᠬᠠᠮᠢᠶᠠᠷᠤᠯᠳᠠ ᠶᠢᠨ ᠲᠤᠪᠴᠢᠶ᠎ᠠ᠂ ᠭᠠᠯ ᠤᠨᠳᠠᠷᠠᠭᠠᠬᠤ ᠶᠡᠭᠡ ᠠᠩᠬᠢ᠂ ᠰᠤᠶᠤᠯ ᠵᠢᠭᠤᠯᠴᠢᠯᠡᠯ ᠤᠨ ᠲᠤᠪᠴᠢᠶ᠎ᠠ ᠵᠡᠷᠬᠡ ᠠᠮᠤᠷ ᠲᠦᠪᠰᠢᠨ ᠦᠢᠯᠡᠳᠪᠦᠷᠢᠯᠡᠯ ᠤᠨ ᠵᠦᠪᠯᠡᠯ ᠤᠨ 15 ᠬᠡᠰᠢᠬᠦᠨ ᠪᠠᠶᠢᠭᠤᠯᠭ᠎ᠠ ᠪᠠ ᠲᠤᠮᠳᠠᠳᠤ ᠤᠯᠤᠰ ᠤᠨ ᠴᠢᠯᠠᠭᠠᠤᠨ ᠲᠤᠰᠤᠨ ᠤ ᠬᠠᠷᠠᠴᠢᠨ ᠬᠤᠰᠢᠭᠤᠨ ᠤ ᠬᠤᠪᠢᠶᠠᠷᠢ ᠺᠤᠮᠫᠠᠨᠢ᠂ ᠹᠦ᠋ ᠯᠦᠩ ᠰᠢᠳᠠᠮᠠᠬᠠᠢ ᠰᠢᠩᠬᠡᠨ᠂ ᠶᠢᠨ ᠴᠧᠩ ᠪᠠᠷᠢᠯᠭ᠎ᠠ ᠶᠢᠨ ᠺᠤᠮᠫᠠᠨᠢ ᠵᠡᠷᠭᠡ 8 ᠠᠵᠤ ᠠᠬᠤᠶᠢᠯᠠᠯ ᠵᠢᠨᠱᠠᠨ ᠪᠠᠯᠭᠠᠰᠤᠨ ᠤ ᠬᠤᠳᠠ ᠶᠢᠨ ᠠᠷᠠᠳ ᠤᠨ ᠠᠭᠤᠳᠠᠮ ᠲᠠᠯᠠᠪᠠᠢ ᠳᠤ ᠠᠰᠠᠭᠤᠨ ᠯᠠᠪᠯᠠᠬᠤ ᠲᠠᠶᠢᠰᠠ ᠪᠡᠯᠡᠳᠬᠡᠵᠤ ᠲᠤᠬᠠᠢ ᠲᠠᠯᠠᠪᠠᠢ ᠳᠤ ᠤᠬᠠᠭᠤᠯᠤᠨ ᠲᠠᠶᠢᠯᠪᠤᠷᠢᠯᠠᠪᠠ᠃
ᠬᠦᠳᠡᠯᠭᠡᠭᠡᠨ ᠤ ᠲᠠᠯᠠᠪᠠᠢ ᠳᠤ ᠤᠬᠠᠭᠤᠯᠬᠤ ᠰᠠᠮᠪᠠᠷ᠎ᠠ 50 ᠬᠡᠰᠡᠭ᠂ ᠤᠬᠠᠭᠤᠯᠬᠤ ᠪᠢᠴᠢᠭᠡᠰᠦ 23 ᠵᠤᠷᠪᠤᠰ᠂ ᠴᠢᠳᠠᠮᠵᠢᠳᠤ ᠦᠵᠡᠬᠦᠯᠭᠡ ᠶᠢᠨ ᠲᠡᠷᠬᠡ 8 ᠶᠢ ᠪᠡᠯᠡᠳᠬᠡᠪᠡ᠃ ᠲᠤᠰ ᠤᠳᠠᠭᠠᠨ ᠤ ᠬᠦᠳᠡᠯᠭᠡᠭᠡᠨ ᠳᠤ ᠡᠯ᠎ᠡ ᠪᠠᠶᠢᠭᠤᠯᠭ᠎ᠠ ᠪᠠ ᠠᠵᠤ ᠠᠬᠤᠶᠢᠯᠠᠯ ᠨᠠᠶᠢᠳᠡ 128 ᠬᠦᠮᠦᠨ ᠤᠷᠤᠯᠴᠠᠵᠤ᠂ ᠨᠠᠰᠢ ᠴᠠᠰᠢ ᠵᠤᠷᠴᠢᠭᠴᠢᠳ ᠲᠤ ᠤᠬᠠᠭᠤᠯᠭ᠎ᠠ ᠶᠢᠨ 18000 ᠲᠡᠪᠳᠡᠷ ᠲᠠᠷᠬᠠᠭᠠᠵᠤ᠂ 12000 ᠬᠤᠪᠢ ᠤᠬᠠᠭᠤᠯᠭ᠎ᠠ ᠶᠢᠨ ᠬᠠᠭᠤᠳᠠᠰᠤ ᠲᠦᠬᠡᠬᠡᠵᠤ᠂ ᠰᠡᠷᠡᠮᠵᠢᠬᠦᠯᠦᠨ ᠰᠤᠷᠭᠠᠬᠤ ᠬᠡᠷᠯᠢᠯᠢᠭ ᠲᠠᠪᠠᠭ 2000 ᠢᠵᠢ᠂ ᠪᠤᠰᠤᠳ ᠤᠬᠠᠭᠤᠯᠭ᠎ᠠ ᠶᠢᠨ ᠪᠤᠳᠠᠰ ︵ ᠲᠤᠤᠷᠤᠨ ᠪᠤᠭᠴᠤ᠂ ᠲᠦᠬᠦᠮ ᠤᠭᠤᠳᠠ᠂ ᠬᠦᠵᠦᠷ ᠵᠡᠷᠭᠡ︶ 1000 ᠢᠵᠢ ᠲᠠᠷᠬᠠᠭᠠᠨ᠂ ᠤᠯᠠᠨ ᠲᠦᠮᠡᠨ ᠤ ᠠᠰᠠᠭᠤᠨ ᠯᠠᠪᠯᠠᠯᠠᠭ᠎ᠠ ᠶᠢ 78 ᠬᠦᠮᠦᠨ ᠤᠳᠠᠭ᠎ᠠ  ᠤᠬᠠᠭᠤᠯᠤᠨ ᠲᠠᠶᠢᠯᠪᠤᠷᠢᠯᠠᠪᠠ᠃ ᠲᠤᠬᠠᠢ ᠶᠢᠨ ᠲᠠᠯᠠᠪᠠᠢ ᠳᠤ ᠪᠠᠰᠠ ᠬᠡᠰᠡᠭ ᠠᠮᠤᠷ ᠲᠦᠪᠰᠢᠨ ᠤ ᠲᠦᠬᠦᠭᠡᠷᠦᠮᠵᠢ ᠪᠠ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠢ ᠲᠡᠯᠬᠡᠨ ᠦᠵᠡᠬᠦᠯᠦᠭᠰᠡᠨ ᠪᠠ ᠬᠡᠷᠡᠭᠯᠡᠬᠦ ᠠᠷᠭ᠎ᠠ ᠶᠢ ᠵᠢᠱᠢᠶᠡᠯᠡᠨ ᠬᠢᠵᠤ ᠲᠠᠶᠢᠯᠪᠤᠷᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号