ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠹᠦ᠋ ᠷᠦᠢ ᠹᠧᠩ ᠬᠠᠷᠠᠴᠢᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019/6/22
ᠣᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠹᠦ᠋ ᠷᠦᠢ ᠹᠧᠩ ᠨᠠᠷ ᠮᠠᠨ ᠤ ᠬᠤᠰᠢᠭᠤᠨ ᠳᠤ ᠬᠦᠷᠴᠦ ᠮᠣᠩᠭᠤᠯ ᠬᠢᠲᠠᠳ ᠡᠮ ᠡᠮᠨᠡᠯᠭᠡ ᠶᠢᠨ ᠲᠥᠷᠥ  ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠵᠢᠴᠢ ᠠᠷᠪᠠᠨ ᠳᠥᠷᠪᠡᠳᠦᠭᠡᠷ ᠡᠪᠦᠯ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠤᠨ ᠡᠷᠬᠢᠯᠡᠭᠴᠢ ᠮᠦᠩᠭᠡᠪᠠᠭᠠᠳᠣᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᡂᠢ ᠶᠠ ᠯᠢᠩ ᠪᠣᠯᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃  
ᠹᠦ᠋ ᠷᠦᠢ ᠹᠧᠩ ᠨᠠᠷ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠵᠢᠴᠢ ᠡᠮᠨᠡᠯᠭᠡ ᠶᠢᠨ ᠬᠤᠷᠢᠶᠠᠨ ᠤ ᠰᠢᠨ᠎ᠡ ᠭᠠᠵᠠᠷ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ ᠬᠦᠷᠴᠦ᠂ ᠮᠠᠨ ᠤ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠢᠨᠵᠧᠨᠧᠷᠢᠩ  ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠣᠶᠢᠯᠠᠭᠠᠪᠠ᠃ ᠹᠦ᠋ ᠷᠦᠢ ᠹᠧᠩ ᠵᠢᠭᠠᠵᠤ ᠭᠠᠷᠭᠠᠭᠰᠠᠨ ᠨᠢ᠄ ᠬᠢᠲᠠᠳ ᠡᠮᠨᠡᠯᠭᠡ ᠮᠣᠩᠭᠤᠯ ᠡᠮᠨᠡᠯᠭᠡ ᠶᠢ ᠶᠡᠬᠡᠪᠡᠷ ᠬᠥᠭᠵᠢᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠴᠢᠳᠠᠪᠤᠷᠢᠲᠠᠨ ᠢ ᠲᠦᠷᠭᠡᠪᠴᠢᠯᠡᠨ ᠣᠷᠣᠭᠤᠯᠵᠤ ᠠᠪᠴᠢᠷᠠᠬᠤ ᠬᠡᠷᠡᠭᠲᠡᠶ᠃ ᠮᠣᠩᠭᠤᠯ ᠡᠮᠨᠡᠯᠭᠡ ᠬᠢᠲᠠᠳ ᠡᠮᠨᠡᠯᠭᠡ ᠬᠢᠭᠡᠳ ᠧᠦ᠋ᠷᠣᠫᠠ ᠡᠮᠨᠡᠯᠭᠡ ᠶᠢᠨ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠬᠠᠮᠲᠤᠪᠠᠷ ᠬᠥᠭᠵᠢᠭᠦᠯᠬᠦ ᠬᠡᠷᠡᠭᠲᠡᠶ᠃ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠭᠠᠵᠠᠷ ᠣᠷᠣᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠲᠤᠰ ᠭᠠᠵᠠᠷ ᠣᠷᠣᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠨᠠᠩ ᠣᠯᠠᠨ ᠠᠷᠠᠳ ᠲᠦᠮᠡᠨ ᠳᠤ ᠰᠢᠯᠢᠳᠡᠭ ᠡᠮᠴᠢᠯᠡᠭᠡᠨ ᠤ ᠦᠶᠯᠡᠴᠢᠯᠡᠭᠡ ᠬᠦᠷᠲᠡᠭᠡᠬᠦ ᠬᠡᠷᠡᠭᠲᠡᠶ᠃
ᠳᠠᠷᠠᠭ᠎ᠠ ᠨᠢ᠂ ᠹᠦ᠋ ᠷᠦᠢ ᠹᠧᠩ ᠨᠠᠷ ᠮᠧᠶ ᠯᠢᠨ ᠬᠥ᠋ ᠴᠠᠨᠠᠯᠠᠯᠳᠠ ᠶᠢᠨ ᠲᠠᠯᠠᠪᠤᠷ ᠲᠤ ᠬᠦᠷᠴᠦ᠂ ᠠᠷᠪᠠᠨ ᠳᠥᠷᠪᠡᠳᠦᠭᠡᠷ ᠡᠪᠦᠯ ᠳᠤ ᠬᠡᠷᠡᠭᠰᠡᠬᠦ ᠡᠮᠴᠢᠯᠡᠭᠡᠨ ᠤ ᠲᠦᠷᠭᠡᠨ ᠠᠪᠤᠷᠠᠯᠲᠠ ᠶᠢᠨ ᠲᠠᠰᠤᠭ᠂  ᠰᠡᠷᠭᠦᠭᠡᠰᠢ ᠡᠮ ᠤᠨ ᠪᠠᠶᠢᠴᠠᠭᠠᠯᠲᠠ ᠶᠢᠨ ᠴᠡᠭ᠂ ᠮᠠᠰᠢᠨ ᠵᠣᠭᠰᠣᠭᠠᠬᠤ ᠭᠠᠵᠠᠷ᠂ ᠨᠢᠰᠬᠡᠯ ᠤᠨ ᠬᠥᠮᠥᠷᠭᠡ ᠶᠢ ᠪᠣᠳᠠᠲᠠᠶ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠥᠷᠥᠯ ᠵᠦᠶᠯ ᠤᠨ ᠠᠵᠢᠯ ᠤᠨ ᠠᠬᠢᠴᠠ ᠶᠢ ᠰᠣᠨᠣᠰᠤᠭᠰᠠᠨ ᠪᠥᠭᠡᠳ ᠵᠢᠯᠣᠭᠤᠳᠬᠤ ᠰᠠᠨᠠᠯ ᠳᠤᠷᠠᠳᠪᠠ᠃
ᠹᠦ᠋ ᠷᠦᠢ ᠹᠧᠩ ᠵᠢᠭᠠᠵᠤ ᠭᠠᠷᠭᠠᠭᠰᠠᠨ ᠨᠢ᠂ ᠠᠷᠪᠠᠨ ᠳᠥᠷᠪᠡᠳᠦᠭᠡᠷ ᠡᠪᠦᠯ ᠤᠨ ᠤᠯᠠᠷᠢᠯ ᠤᠨ ᠡᠮᠴᠢᠯᠡᠭᠡᠨ ᠤ ᠪᠠᠲᠤᠯᠠᠭ᠎ᠠ ᠶᠢᠨ ᠵᠦᠶᠯᠡᠰ ᠢ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠡᠮᠴᠢᠯᠡᠭᠡᠨ ᠤ ᠲᠦᠷᠭᠡᠨ ᠠᠪᠤᠷᠠᠯᠲᠠ ᠶᠢᠨ ᠲᠠᠰᠤᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠠᠯᠠᠭᠤᠷᠠᠬᠤ᠂ ᠰᠠᠭᠤᠯᠭᠠᠬᠤ ᠵᠡᠷᠭᠡ ᠣᠨᠴᠠᠭᠠᠢ ᠡᠪᠡᠳᠴᠢᠲᠡᠨ ᠢ ᠠᠪᠤᠷᠠᠨ ᠵᠠᠰᠠᠬᠤ ᠵᠠᠮ ᠭᠠᠷᠭᠠᠵᠤ᠂ ᠲᠦᠷᠭᠡᠨ ᠠᠪᠤᠷᠠᠬᠤ ᠬᠡᠷᠡᠭᠴᠡᠭᠡ  ᠶᠢ ᠬᠠᠩᠭᠠᠬᠤ ᠬᠡᠷᠡᠭᠲᠡᠶ᠃ ᠡᠭᠴᠡ ᠨᠢᠰᠬᠡᠯ   ᠤᠨ ᠲᠤᠬᠠᠢ   ᠶᠢᠨ ᠲᠠᠯᠠᠪᠠᠢ ᠶᠢᠨ ᠪᠡᠯᠡᠳᠬᠡᠯ ᠠᠵᠢᠯ᠂ ᠨᠢᠰᠬᠡᠯ ᠵᠣᠭᠰᠣᠬᠤ ᠭᠠᠵᠠᠷ ᠤᠨ ᠲᠠᠯᠠᠪᠤᠷ ᠪᠣᠯᠤᠨ ᠨᠢᠰᠬᠡᠯ ᠤᠨ ᠬᠥᠮᠥᠷᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠠᠭᠠᠷ ᠤᠨ ᠠᠪᠤᠷᠠᠨ ᠲᠤᠰᠠᠯᠠᠬᠤ ᠳᠤ ᠦᠨᠳᠦᠰᠦᠨ ᠡᠮᠨᠡᠯᠭᠡ ᠶᠢᠨ ᠪᠠᠲᠤᠯᠠᠭ᠎ᠠ ᠬᠠᠩᠭᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号