ᠮᠧᠶ ᠯᠢᠨ ᠪᠠᠯᠭᠠᠰᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2019/6/22
6 ᠰᠠᠷ᠎ᠠ ᠶᠢᠨ 10 ᠤ ᠡᠳᠦᠷ ᠠᠴᠠ 16 ᠤ ᠡᠳᠦᠷ ᠪᠣᠯ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠭᠤᠯᠭ᠎ᠠ  ᠶᠢᠨ ᠭᠠᠷᠠᠭ ᠮᠥᠨ᠂ ᠮᠧᠶ ᠯᠢᠨ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ 12 ᠤ ᠡᠳᠦᠷ ᠵᠢᠶ ᠵᠢᠶ ᠵᠤᠸᠠᠩ ᠭᠠᠴᠠᠭᠠᠨ ᠤ ᠡᠷᠡᠭᠦᠯ ᠬᠠᠮᠠᠭᠠᠯᠠᠯ ᠤᠨ ᠳᠠᠰᠤᠭ ᠲᠤ  ︽ᠡᠷᠡᠭᠦᠯ ᠮᠡᠨᠳᠦ ᠶᠢᠨ ᠮᠡᠳᠡᠯᠭᠡ ᠶᠢ ᠣᠶᠢᠯᠠᠭᠠᠵᠤ᠂ ᠡᠷᠡᠭᠦᠯ ᠮᠡᠨᠳᠦ ᠨᠠᠰᠤᠲᠠᠨ ᠪᠣᠯᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  
ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ᠂ ᠦᠨ᠎ᠡ ᠲᠥᠯᠥᠪᠦᠷᠢ ᠦᠭᠡᠢ ᠪᠠᠷ ᠡᠪᠡᠳᠴᠢᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨᠴᠢ ᠬᠥᠳᠡᠯᠭᠡᠭᠡᠨ᠂ ᠰᠡᠳᠬᠢᠴᠡ ᠶᠢᠨ ᠡᠷᠡᠭᠦᠯ ᠮᠡᠨᠳᠦ ᠵᠢᠴᠢ ᠵᠦᠶ ᠵᠣᠬᠢᠰᠲᠠᠶ ᠡᠮ ᠬᠡᠷᠡᠭᠯᠡᠬᠦ ᠵᠡᠷᠭᠡ ᠲᠠᠯ᠎ᠠ  ᠪᠠᠷ ᠵᠢᠯᠣᠭᠤᠳᠣᠯᠭ᠎ᠠ ᠬᠢᠵᠦ᠂ ᠰᠠᠭᠤᠭᠠᠯᠢ ᠠᠷᠠᠳ ᠤᠨ ᠠᠰᠠᠭᠤᠨ ᠯᠠᠪᠯᠠᠯᠲᠠ ᠳᠤ ᠨᠢᠭᠤᠷᠲᠠᠨ ᠬᠠᠷᠢᠭᠤᠯᠲᠠ ᠥᠭᠴᠦ ᠂ ᠬᠠᠷᠢᠶ᠎ᠠ ᠲᠣᠭᠤᠷᠢᠭ ᠲᠠᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠨᠡᠶᠢᠭᠡᠮ ᠨᠡᠶᠢᠲᠡ ᠪᠠᠷ ᠢᠶᠠᠨ ᠬᠠᠯᠠᠮᠵᠢᠯᠠᠨ ᠳᠡᠮᠵᠢᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠣᠯᠠᠨ ᠲᠦᠮᠡᠨ ᠤ ᠰᠠᠶᠢᠨ ᠦᠨᠡᠯᠡᠯᠲᠡ  ᠶᠢ ᠣᠯᠤᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 50 ᠭᠠᠷᠤᠶ ᠬᠥᠮᠥᠨ ᠠᠰᠢᠭ ᠬᠦᠷᠲᠡᠵᠦ᠂ 150 ᠭᠠᠷᠤᠶ ᠡᠷᠡᠭᠦᠯ ᠮᠡᠨᠳᠦ ᠶᠢᠨ ᠮᠡᠳᠡᠯᠭᠡ ᠶᠢᠨ ᠮᠠᠲ᠋ᠧᠷᠢᠶᠠᠯ ᠲᠠᠷᠬᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号