ᠬᠠᠷᠠᠴᠢᠨ ᠬᠤᠰᠢᠭᠤᠨ ᠤ  ᠡᠯᠧᠺᠲᠷᠦᠨ ᠬᠤᠳᠠᠯᠳᠤᠭ᠎ᠠ ᠶᠢᠨ ᠤᠨᠤᠴᠢᠳᠡᠢ ᠶᠠᠳᠠᠭᠤ ᠶᠢ ᠲᠡᠳᠬᠦᠬᠦ ᠨᠡᠶᠢᠳᠡᠯᠢᠭ ᠵᠢᠱᠢᠶ᠎ᠡ
ᠨᠡᠶᠢᠲᠡᠯᠡᠭᠰᠡᠨ ᠴᠠᠭ᠄
2019/6/24
ᠡᠯᠧᠺᠲᠷᠦᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠪᠤᠯ ᠤᠨᠤᠴᠢᠳᠠᠢ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠠᠭᠤᠯᠭ᠎ᠠ ᠪᠤᠯᠬᠤ ᠶᠤᠮ᠂ 2017 ᠤᠨ ᠠᠴᠠ ᠨᠠᠰᠢ᠂ ᠡᠯᠧᠺᠲᠷᠦᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠤᠷᠤᠭᠤᠯᠬᠤ ᠶᠡᠷᠦᠩᠭᠡᠶᠢᠯᠡᠭᠰᠡᠨ ᠵᠢᠱᠢᠶ᠎ᠠ ᠦᠵᠡᠬᠦᠯᠬᠦ ᠲᠦᠷᠦᠯ ᠵᠦᠢᠯ ᠢᠶᠠᠷ ᠭᠤᠤᠯᠳᠠᠯᠭ᠎ᠠ ᠪᠤᠯᠭᠠᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠪᠦᠬᠦ ᠬᠤᠰᠢᠭᠤᠨ ᠤ ᠡᠯᠧᠺᠲᠷᠦᠨ ᠬᠤᠳᠠᠯᠳᠤᠭ᠎ᠠ ᠶᠢᠨ ᠬᠦᠭᠵᠢᠯᠳᠡ ᠶᠢᠨ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠵᠤ᠂ ᠡᠯᠧᠺᠲᠷᠦᠨ ᠬᠤᠳᠠᠯᠳᠤᠭ᠎ᠠ ᠪᠠᠷ ᠶᠠᠳᠠᠭᠤ ᠶᠢ ᠲᠡᠳᠭᠦᠭᠦ ᠠᠵᠢᠯ ᠢ ᠠᠬᠢᠭᠤᠯᠬᠤ ᠪᠠᠷ ᠬᠠᠶᠢᠨ ᠰᠦᠪᠡᠭᠴᠢᠯᠡᠯᠳᠡ ᠬᠢᠪᠠ ᠵᠦᠩ ᠹᠦ᠋ ᠭᠠᠷ ᠦᠢᠯᠡᠳᠬᠡᠯ ᠤᠨ ᠭᠠᠵᠠᠷ ᠨᠢ ᠬᠠᠷᠠᠴᠢᠨ ᠬᠤᠰᠢᠭᠤᠨ ᠤ ᠵᠢᠨᠱᠠᠨ ᠪᠠᠯᠭᠠᠰᠤ ᠶᠢᠨ ᠶᠠᠩ ᠫᠦᠸᠧ ᠽᠦᠨ ᠲᠤᠰᠬᠤᠨ ᠳᠤ ᠪᠠᠶᠢᠳᠠᠭ᠂ ᠬᠠᠷᠠᠴᠢᠨ ᠬᠤᠰᠢᠭᠤᠨ ᠤ ᠵᠢᠨᠱᠠᠨ ᠪᠠᠯᠭᠠᠰᠤ ᠶᠢᠨ ᠤᠨᠤᠴᠢᠳᠠᠢ ᠶᠠᠳᠠᠭᠤ ᠶᠢ ᠲᠡᠳᠬᠦᠬᠦ ᠲᠦᠷᠦᠯ ᠪᠤᠯᠬᠤ ᠶᠤᠮ᠃ ᠭᠠᠷ ᠦᠢᠯᠡᠳᠬᠡᠯ ᠤᠨ ᠪᠦᠳᠦᠭᠡᠭᠳᠡᠭᠦᠨ ᠨᠢ ᠪᠦᠬᠦᠨ ᠢᠶᠠᠷ ᠢᠶᠠᠨ ᠭᠠᠷ ᠢᠶᠠᠷ ᠤᠶᠤᠵᠤ ᠤᠷᠠᠯᠠᠭᠰᠠᠨ ᠪᠠᠶᠢᠵᠤ᠂ ᠶᠠᠩᠵᠤ ᠬᠡᠯᠪᠡᠷᠢ ᠨᠢ ᠤᠯᠠᠨ᠂ ᠦᠩᠭᠡ ᠪᠤᠳᠤᠭ ᠨᠢ ᠢᠯᠭᠠᠷᠠᠮ᠎ᠠ ᠪᠠᠶᠢᠳᠠᠭ᠂ ᠬᠡᠷᠡᠭᠯᠡᠭᠰᠡᠨ ᠲᠦᠭᠦᠭᠡᠢ ᠮᠠᠲ᠋ᠧᠷᠢᠶᠠᠯ ᠨᠢ ᠬᠤᠨᠢᠨ ᠠᠷᠠᠰᠤ᠂ ᠨᠤᠬᠠᠢ ᠶᠢᠨ ᠠᠷᠠᠰᠤ ᠵᠡᠷᠬᠡ ᠤᠨᠴᠠᠭᠠᠢ ᠠᠷᠭ᠎ᠠ ᠪᠠᠷ ᠡᠯᠳᠡᠵᠥ ᠬᠢᠭᠰᠡᠨ ᠪᠠᠶᠢᠵᠤ᠂ ᠡᠯᠳᠡᠪ ᠦᠨᠦᠷ ᠦᠭᠡᠢ᠂ ᠴᠢᠬᠢᠭ ᠢ ᠰᠡᠷᠭᠡᠶᠢᠯᠡᠵᠤ᠂ ᠬᠦᠢᠳᠡᠨ ᠠᠴᠠ ᠬᠠᠯᠬᠠᠯᠠᠬᠤ ᠴᠢᠳᠠᠪᠬᠢ ᠲᠠᠢ ᠶᠤᠮ᠃ᠵᠦᠩ ᠹᠦ᠋ ᠭᠠᠷ ᠦᠢᠯᠡᠳᠬᠡᠯ ᠤᠨ ᠭᠠᠵᠠᠷ ᠤᠨ ᠬᠠᠤᠯᠢ ᠶᠢᠨ ᠲᠦᠯᠦᠭᠡᠨ ᠤ ᠬᠦᠮᠦᠨ ᠪᠤᠯ ᠲᠤᠰ ᠲᠤᠰᠬᠤᠨ ᠤ ᠶᠠᠳᠠᠭᠤ ᠡᠷᠦᠬᠡ ᠢᠦᠢ ᠰᠤ᠋ ᠰᠢᠶᠠ ᠶᠤᠮ᠃ ᠢᠦᠢ ᠰᠤ᠋ ᠰᠢᠶᠠ ᠪᠠᠭ᠎ᠠ ᠰᠤᠷᠭᠠᠭᠤᠯᠢ ᠶᠢᠨ ᠰᠤᠷᠤᠯᠭ᠎ᠠ ᠬᠢᠷᠢ ᠬᠡᠮᠵᠢᠶ᠎ᠡ  ᠲᠠᠢ᠂ 1968 ᠤᠨ ᠤ 7 ᠰᠠᠷ᠎ᠠ ᠳᠤ ᠲᠦᠷᠦᠵᠡᠢ᠂ ᠨᠢᠬᠡᠨ ᠡᠬᠡᠯ ᠵᠢᠷ ᠤᠨ ᠠᠶᠢᠯ ᠤᠨ ᠪᠦᠰᠡᠬᠦᠢ ᠪᠢᠯᠡ᠂ ᠤᠤᠯ  ᠨᠢ ᠲᠡᠳᠡᠨ ᠤ ᠬᠢᠨᠢ ᠲᠦᠷᠪᠡᠨ ᠬᠦᠮᠦᠨ ᠠᠮᠠ ᠲᠠᠢ ᠵᠤᠯ ᠵᠢᠷᠭᠠᠯᠳᠠᠢ ᠭᠡᠷ ᠪᠦᠯᠢ ᠪᠠᠶᠢᠵᠠᠢ᠂  ᠬᠡᠳᠡᠯ᠎ᠡ 2011 ᠤᠨ  ᠳᠤ ᠲᠡᠬᠦᠨ ᠤ ᠡᠷᠡᠭᠳᠡᠢ ᠨᠢ ᠠᠳᠡᠯ ᠠᠴᠠ ᠪᠤᠯᠵᠤ ᠠᠮᠢ ᠡᠷᠡᠰᠳᠡᠵᠤ ᠰᠠᠶᠢᠨ ᠰᠠᠶᠢᠬᠠᠨ ᠠᠮᠢᠳᠤᠷᠠᠯ ᠳᠤ ᠨᠢ ᠲᠤᠤᠯᠢᠶᠠᠨ ᠲᠠᠷᠢᠵᠥ ᠪᠢᠯᠡ  ᠃ ᠲᠡᠷᠡ ᠦᠶ᠎ᠡ ᠳᠤ ᠲᠡᠭᠦᠨ ᠤ ᠬᠤᠶᠠᠷ ᠬᠡᠦᠬᠡᠳ ᠨᠢ ᠦᠨᠳᠦᠷ ᠲᠤᠮᠳᠠᠳᠤ ᠳᠤ ᠰᠤᠷᠤᠯᠴᠠᠵᠤ᠂ ᠲᠤᠰ ᠵᠢᠯ ᠬᠤᠶᠠᠭᠤᠯᠠ ᠪᠠᠨ ᠶᠡᠭᠡ ᠰᠤᠷᠭᠠᠭᠤᠯᠢ ᠳᠤ ᠰᠢᠯᠭᠠᠨ ᠤᠷᠤᠵᠤ᠂ ᠬᠠᠳᠠᠮ ᠡᠵᠢ ᠨᠢ ᠨᠠᠰᠤ ᠠᠬᠢᠵᠤ ᠡᠪᠡᠳᠴᠢᠨ ᠬᠠᠭᠤᠴᠢ ᠲᠠᠢ ᠪᠠᠶᠢᠪᠠ᠂ ᠬᠡᠳᠦᠨ ᠮᠤ᠋ ᠠᠭᠤᠯᠠᠨ ᠲᠡᠷᠢᠶ᠎ᠡ ᠨᠢ ᠤᠯᠢᠭᠳᠠᠢ ᠬᠡᠳᠦᠨ ᠵᠤᠭᠤᠰ ᠤᠯᠳᠠᠭ ᠦᠭᠡᠢ ᠪᠠᠶᠢᠵᠤ᠂ 6 ᠲᠦᠮᠡᠨ ᠵᠤᠭᠤᠰ ᠤᠨ ᠦᠷᠢ ᠲᠠᠢ ᠪᠤᠯᠬᠤᠷ ᠦᠨᠡᠭᠡᠷ ᠭᠠᠴᠢᠭᠳᠠᠯᠳᠠᠢ ᠪᠠᠶᠢᠪᠠ᠃ ᠬᠦᠴᠢᠷᠳᠡᠯ ᠤᠨ ᠡᠮᠦᠨ᠎ᠡ ᠲᠡᠷᠡ ᠲᠤᠯᠤᠭᠠᠢ ᠪᠦᠬᠦᠶᠢᠭᠡ ᠦᠬᠡᠢ᠂ ᠠᠮᠢᠳᠤᠷᠠᠯ ᠤᠨ ᠢᠶᠠᠨ ᠲᠦᠯᠦᠬᠡ ᠲᠡᠷᠡ ᠠᠰᠠᠷᠠᠭᠴᠢ ᠪᠤᠯᠵᠤ᠂ ᠰᠤᠯᠨ ᠠᠵᠢᠯ ᠬᠢᠭᠡᠳ ᠪᠦᠷ ᠪᠤᠯᠤᠭ᠎ᠠ ᠦᠭᠡᠢ ᠪᠤᠴᠠᠨ ᠢᠷᠡᠪᠡ᠃ 2016 ᠤᠨ ᠳᠤ ᠮᠠᠨ ᠤ ᠬᠤᠰᠢᠭᠤ ᠤᠨᠤᠪᠴᠢᠳᠠᠢ ᠢᠯᠭᠠᠨ ᠲᠤᠳᠤᠯᠠᠬᠤ ᠦᠶ᠎ᠡ ᠳᠤ ᠶᠠᠳᠠᠭᠤ ᠬᠦᠴᠢᠷᠳᠡᠢ ᠡᠷᠦᠬᠡ ᠪᠠᠷ ᠲᠤᠭᠳᠠᠭᠠᠪᠠ᠃ ᠢᠦᠢ ᠰᠤ᠋ ᠰᠢᠶᠠ ᠠᠷᠠᠰᠤ ᠡᠰᠬᠡᠵᠦ ᠵᠦᠢᠬᠦ᠂ ᠪᠤᠯᠪᠠᠰᠤᠷᠠᠭᠤᠯᠬᠤ ᠪᠠ ᠤᠶᠤᠬᠤ ᠲᠠᠯ᠎ᠠ ᠪᠠᠷ ᠵᠤᠬᠢᠬᠤ ᠠᠵᠢᠯ ᠤᠨ ᠲᠤᠷᠰᠢᠯᠭ᠎ᠠ  ᠲᠠᠢ ᠪᠠᠶᠢᠵᠠᠢ᠂ ᠡᠶᠢᠮᠦ ᠠᠴᠠ ᠲᠡᠬᠦᠨ ᠳᠤ ᠲᠤᠬᠢᠷᠠᠬᠤᠶᠢᠴᠠ ᠶᠠᠳᠠᠭᠤ ᠠᠴᠠ ᠠᠩᠬᠢᠵᠢᠷᠠᠬᠤ ᠲᠦᠰᠦᠪ ᠲᠤᠭᠳᠠᠭᠠᠪᠠ᠄ ᠲᠡᠬᠦᠨ ᠢ ᠬᠠᠪᠰᠤᠷᠴᠦ ᠠᠷᠠᠰᠤ ᠪᠤᠯᠪᠠᠰᠤᠷᠠᠭᠤᠯᠬᠤ ᠭᠠᠷ ᠦᠢᠯᠡᠳᠬᠡᠯ ᠤᠨ ᠭᠠᠵᠠᠷ ᠭᠠᠷᠭᠠᠵᠤ ᠦᠭᠬᠦ ᠪᠤᠯᠤᠨ᠎ᠠ᠃ ᠲᠡᠬᠡᠬᠡᠳ ᠢᠦᠢ ᠰᠤ᠋ ᠰᠢᠶᠠ ᠲᠤᠰᠬᠤᠨ ᠤ ᠪᠠᠨ ᠭᠤᠷᠪᠠᠨ ᠶᠠᠳᠠᠭᠤ ᠡᠷᠦᠭᠡ᠂ ᠨᠢᠬᠡ ᠵᠡᠮᠳᠡᠭ ᠬᠦᠮᠦᠨ ᠶᠢ ᠲᠠᠭᠠᠭᠤᠯᠤᠨ《ᠵᠦᠩ ᠹᠦ᠋ ᠭᠠᠷ ᠦᠢᠯᠡᠳᠬᠡᠯ ᠤᠨ ᠭᠠᠵᠠᠷ》 ᠢ ᠪᠠᠶᠢᠭᠤᠯᠪᠠ᠃ ᠲᠦᠮᠡᠨ ᠶᠠᠪᠤᠳᠠᠯ ᠤᠨ ᠲᠦᠷᠦᠬᠦᠦ ᠠᠯᠬᠤᠮ ᠨᠢ ᠬᠦᠴᠢᠷ᠂ ᠦᠢᠯᠡᠳᠪᠦᠷᠢ ᠶᠢᠨ ᠭᠠᠵᠠᠷ ᠦᠭᠡᠢ᠂ ᠪᠡᠯᠡ ᠮᠦᠩᠭᠦ ᠦᠭᠡᠢ᠂ ᠲᠦᠭᠦᠭᠡᠢ ᠮᠠᠲ᠋ᠧᠷᠢᠶᠠᠯ ᠦᠭᠡᠢ ᠂ ᠵᠠᠬ᠎ᠠ ᠲᠡᠯᠬᠡᠭᠦᠷ ᠦᠭᠡᠢ᠂ ᠵᠦᠪᠬᠡᠨ ᠠᠷᠠᠰᠤ ᠵᠦᠢᠵᠦ ᠤᠶᠤᠬᠤ ᠮᠡᠷᠭᠡᠵᠢᠯ ᠯᠠ ᠪᠠᠶᠢᠨ᠎ᠠ᠃  ᠰᠠᠭᠠᠳ ᠲᠦᠪᠡᠭ ᠢ ᠬᠡᠳᠦᠨᠳᠡ‌‍ᠲ᠋ᠤᠭᠤᠯᠵᠤ᠂ ᠵᠠᠰᠠᠭ ᠤᠨ ᠤᠷᠳᠤᠨ ᠠᠴᠠ ᠬᠠᠪᠰᠤᠷᠤᠨ 11 ᠲᠦᠮᠡᠨ ᠲᠦᠭᠦᠷᠢᠭ ᠤᠨ ᠵᠢᠬᠡᠯᠡᠯᠭᠡ ᠤᠯᠭᠤᠵᠤ᠂ ᠲᠡᠬᠦᠨ ᠢ ᠬᠠᠪᠰᠤᠷᠤᠨ ᠤᠶᠤᠳᠠᠯ ᠤᠨ ᠮᠠᠰᠢᠨ᠂ ᠲᠦᠭᠦᠭᠡᠢ ᠮᠠᠲ᠋ᠧᠷᠢᠶᠠᠯ ᠤᠷᠤᠭᠤᠯᠵᠤ ᠦᠭᠪᠡ᠂ ᠦᠪᠡᠷᠦᠨ ᠬᠡᠷ ᠲᠡᠭᠡᠨ ᠦᠢᠯᠡᠳᠬᠡᠯ ᠤᠨ ᠭᠠᠵᠠᠷ ᠪᠤᠯᠭᠠᠵᠤ᠂ ᠲᠦᠬᠦᠮᠬᠡᠨ ᠠᠴᠠ ᠲᠦᠬᠦᠮᠬᠡᠨ ᠭᠠᠷ ᠦᠢᠯᠡᠳᠬᠡᠯ ᠭᠠᠵᠠᠷ ᠢᠩᠬᠢᠵᠤ ᠪᠠᠶᠢᠭᠤᠯᠤᠭᠳᠠᠪᠠ᠃ ᠰᠠᠷ᠎ᠠ ᠭᠠᠷᠤᠢ ᠴᠢᠷᠮᠠᠶᠢᠵᠤ ᠠᠩᠬᠠᠳᠠᠭᠴᠢ ᠪᠦᠳᠦᠭᠡᠭᠳᠡᠬᠦᠨ ᠢᠶᠠᠨ ᠦᠢᠯᠡᠳᠴᠦ ᠭᠠᠷᠭᠠᠯ᠎ᠠ᠂ ᠤᠯᠠᠨ ᠵᠦᠢᠯ ᠤᠨ ᠬᠤᠸᠠᠷ ᠤᠭᠠᠯᠵᠠ ᠲᠠᠢ ᠮᠠᠰᠢᠨ ᠲᠡᠷᠬᠡᠨ ᠤ ᠰᠠᠭᠤᠳᠠᠯ ᠤᠨ ᠤᠯᠪᠤᠭ ᠬᠦᠮᠦᠨ ᠤ ᠪᠠᠭ᠋ᠠᠷᠤᠯ ᠢ ᠲᠠᠳᠠᠪᠠ᠃ ᠡᠶᠢᠮᠦᠷᠬᠦ ᠨᠠᠷᠢᠯᠢᠭ ᠰᠠᠶᠢᠬᠠᠨ ᠪᠦᠳᠦᠭᠡᠭᠳᠡᠭᠦᠨ ᠡᠨᠡᠬᠦ ᠲᠦᠬᠦᠮᠬᠡᠨ ᠭᠠᠷ ᠦᠢᠯᠡᠳᠪᠦᠷᠢ ᠶᠢᠨ ᠭᠠᠵᠠᠷ ᠠᠴᠠ ᠦᠢᠯᠡᠳᠴᠦ ᠭᠠᠷᠭᠠᠭᠰᠠᠨ ᠢ ᠬᠡᠨ ᠴᠣ᠋ ᠢᠳᠡᠭᠡᠬᠦ ᠦᠭᠡᠢ᠃ ᠢᠦᠢ ᠰᠤ᠋ ᠰᠢᠶᠠ ᠡᠬᠦᠨ ᠳᠡᠭᠡᠨ ᠰᠡᠳᠬᠢᠯ ᠬᠠᠨᠤᠭ᠎ᠠ ᠦᠭᠡᠢ᠂ ᠲᠡᠷᠡ ᠰᠢᠨ᠎ᠡ ᠡᠭᠦᠳᠦᠨ ᠰᠤᠷᠤᠯᠴᠠᠵᠤ᠂ ᠠᠵᠢᠯᠴᠢᠳ ᠢᠶᠠᠨ ᠲᠠᠭᠠᠭᠤᠯᠵᠤ ᠤᠶᠤᠳᠠᠯ ᠤᠨ ᠮᠡᠷᠬᠡᠵᠢᠯ ᠢᠶᠠᠨ ᠲᠡᠭᠡᠭᠰᠢᠯᠡᠬᠦᠯᠵᠦ᠂ ᠪᠦᠳᠦᠭᠡᠭᠳᠡᠬᠦᠨ ᠢᠶᠠᠨ ᠪᠠᠶᠠᠯᠢᠭᠵᠢᠭᠤᠯᠪᠠ᠃ ᠨᠢᠬᠡᠯᠬᠡᠨ ᠵᠢᠯ ᠤᠨ ᠬᠤᠭᠤᠴᠠᠭᠠᠨ ᠳᠤ᠂ ᠭᠠᠷ ᠦᠢᠯᠡᠳᠪᠦᠷᠢ ᠶᠢᠨ ᠭᠠᠵᠠᠷ ᠨᠢ ᠮᠠᠰᠢᠨ ᠲᠡᠷᠭᠡᠨ ᠤ ᠰᠠᠭᠤᠳᠠᠯ ᠤᠨ ᠬᠤᠨᠢᠨ ᠠᠷᠠᠰᠤᠨ ᠪᠦᠷᠬᠦᠬᠦᠯ᠂ ᠨᠤᠬᠠᠢ ᠶᠢᠨ ᠠᠷᠠᠰᠤᠨ ᠪᠦᠷᠬᠦᠬᠦᠯ᠂ ᠬᠤᠨᠢᠨ ᠠᠷᠠᠰᠤᠨ ᠬᠤᠸᠠᠷ ᠬᠠᠳᠬᠤᠭᠰᠠᠨ ᠬᠦᠨᠵᠢᠯᠡ᠂ ᠨᠤᠬᠠᠢ ᠶᠢᠨ ᠪᠦᠬᠦᠯᠢ ᠠᠷᠠᠰᠤᠨ ᠬᠦᠨᠵᠢᠯᠡ᠂ ᠬᠤᠨᠢᠨ ᠠᠷᠠᠰᠤᠨ ᠪᠡᠭᠡᠯᠢ᠂ ᠠᠷᠠᠰᠤ ᠨᠤᠤᠰᠤᠨ ᠲᠡᠪᠢᠰᠭᠡᠷ᠂ ᠬᠡᠦᠬᠡᠳ ᠤᠨ ᠱᠠᠬᠠᠢ ᠵᠡᠷᠭᠡ ᠶᠢ ᠦᠢᠯᠡᠳᠴᠦ ᠭᠠᠷᠭᠠᠯ᠎ᠠ᠂ ᠲᠡᠬᠦᠨ ᠤ ᠲᠤᠳᠤᠷ᠎ᠠ  ᠬᠤᠨᠢᠨ ᠠᠷᠠᠰᠤᠨ ᠬᠤᠸᠠᠷ ᠬᠠᠳᠬᠤᠭᠰᠠᠨ ᠬᠦᠨᠵᠢᠯᠡ᠂ ᠨᠤᠬᠠᠢ ᠶᠢᠨ ᠪᠦᠬᠦᠯᠢ ᠠᠷᠠᠰᠤᠨ ᠬᠦᠨᠵᠢᠯᠡ ᠨᠢ ᠦᠪᠦᠷ ᠮᠤᠩᠭᠤᠯ ᠤᠨ ᠠᠩᠬᠠᠳᠠᠭᠴᠢ ᠡᠭᠦᠳᠦᠯᠳᠡ ᠶᠢᠨ ᠪᠦᠳᠦᠭᠡᠭᠳᠡᠬᠦᠨ ᠪᠤᠯᠪᠠ᠃ᠭᠠᠷ ᠤᠷᠠᠯᠠᠯ ᠪᠤᠯᠪᠠᠰᠤᠷᠠᠩᠭᠤᠢ ᠪᠤᠯᠤᠯ᠎ᠠ᠂ ᠪᠦᠳᠦᠭᠡᠭᠳᠡᠬᠦᠨ ᠨᠢ ᠤᠯᠠᠨ ᠪᠤᠯᠪᠠ᠂ ᠪᠤᠷᠤᠯᠠᠭᠤᠯᠭ᠎ᠠ ᠨᠢ ᠬᠠᠮᠤᠭ ᠬᠦᠴᠢᠷᠳᠡᠯ ᠲᠠᠢ ᠠᠰᠠᠭᠤᠳᠠᠯ ᠪᠤᠯᠪᠠ᠃ ᠡᠵᠡᠩᠨᠡᠯᠳᠡ ᠶᠢᠨ ᠠᠷᠭ᠎ᠠ ᠮᠠᠶ᠋ᠢᠭ ᠨᠢ ᠬᠡᠪᠰᠢᠮᠠᠯ᠂ ᠪᠦᠳᠦᠭᠡᠭᠳᠡᠭᠦᠨ ᠢᠶᠠᠨ ᠤᠬᠠᠭᠤᠯᠬᠤ ᠬᠡᠪᠴᠢᠶ᠎ᠡ ᠪᠠᠭ᠎ᠠ᠂ ᠬᠡᠳᠦᠢ ᠰᠠᠶᠢᠬᠠᠨ ᠪᠦᠳᠦᠭᠡᠭᠳᠡᠬᠦᠨ ᠪᠠᠶᠢᠯ᠎ᠠ ᠭᠡᠳ ᠪᠤᠷᠤᠯᠠᠭᠤᠯᠭ᠎ᠠ ᠶᠢᠨ ᠵᠠᠮ ᠢᠶᠠᠨ ᠦᠷᠭᠡᠳᠭᠡᠵᠤ ᠲᠡᠶᠢᠯᠬᠦ ᠦᠭᠡᠢ᠂ ᠰᠠᠳᠤᠨ ᠲᠦᠷᠦᠯ ᠨᠠᠶᠢᠵᠠ ᠨᠦᠬᠦᠳ᠂ ᠬᠦᠷᠰᠢ ᠵᠡᠷᠭᠡᠯᠡᠳᠡᠭᠡ ᠠᠶᠢᠯ ᠢᠶᠠᠷ ᠢᠶᠠᠨ ᠬᠠᠷᠢᠯᠴᠠᠨ ᠲᠠᠨᠢᠯᠴᠠᠭᠤᠯᠪᠠᠴᠤ᠂ ᠪᠤᠷᠤᠯᠠᠭᠤᠯᠭ᠎ᠠ ᠰᠠᠶᠢᠨ ᠪᠢᠰᠢ ᠪᠠᠶᠢᠵᠤ᠂ ᠪᠠᠷᠠᠭ᠎ᠠ ᠨᠢ ᠬᠦᠮᠦᠷᠭᠡ ᠳᠤ ᠲᠠᠷᠤᠭᠳᠠᠵᠤ᠂ ᠭᠠᠷ ᠦᠢᠯᠡᠳᠪᠦᠷᠢ ᠶᠢᠨ ᠭᠠᠵᠠᠷ ᠨᠢ ᠤᠷᠤᠯᠭ᠎ᠠ ᠨᠢ ᠵᠠᠷᠤᠯᠭ᠎ᠠ ᠳᠤ ᠪᠠᠨ ᠭᠦᠷᠦᠯᠴᠡᠬᠦ ᠦᠭᠡᠢ ᠪᠤᠯᠵᠤ᠂ ᠠᠵᠢᠯᠴᠢᠳ  ᠨᠢ ᠦᠢᠯᠡᠳᠪᠦᠷᠢᠯᠡᠬᠦ ᠢᠳᠡᠬᠡᠯ ᠠᠯᠳᠠᠷᠠᠨ᠂ ᠢᠦᠢ ᠰᠤ᠋ ᠰᠢᠶᠠ ᠴᠣ᠋ ᠦᠪᠡᠷᠳᠡᠬᠡᠨ ᠬᠡᠳᠦ ᠤᠳᠠᠭ᠎ᠠ ᠲᠠᠶᠠᠭᠳᠠᠬᠤ ᠰᠠᠨᠠᠭ᠎ᠠ ᠲᠦᠷᠦᠪᠡ᠃ 2018 ᠤᠨ ᠤ 10 ᠰᠠᠷ᠎ᠠ ᠳᠤ᠂ ᠮᠠᠨ ᠤ ᠬᠤᠰᠢᠭᠤᠨ ᠤ ᠡᠯᠧᠺᠲᠷᠦᠨ ᠬᠤᠳᠠᠯᠳᠤᠭᠠᠨ ᠤ ᠤᠯᠠᠨ ᠨᠡᠶᠢᠳᠡ ᠶᠢᠨ ᠦᠢᠯᠡᠴᠢᠯᠡᠬᠡᠨ ᠤ ᠲᠦᠪ ᠨᠢ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠪᠠ ᠶᠠᠳᠠᠭᠤ ᠶᠢ ᠲᠡᠳᠬᠦᠬᠦ ᠠᠯᠪᠠᠨ ᠭᠡᠷ ᠢᠶᠠᠷ ᠲᠠᠮᠵᠢᠨ ᠵᠦᠩ ᠹᠦ᠋ ᠭᠠᠷ ᠦᠢᠯᠡᠳᠬᠡᠯ ᠤᠨ ᠭᠠᠵᠠᠷ ᠤᠨ ᠪᠠᠶᠢᠳᠠᠯ ᠢ ᠦᠢᠯᠠᠭᠠᠵᠤ᠂ ᠦᠢᠯᠡᠳᠬᠡᠯ ᠤᠨ ᠭᠠᠵᠠᠷ ᠲᠤ ᠢᠳᠡᠪᠬᠢᠳᠡᠢ ᠪᠠᠷ ᠢᠷᠡᠵᠤ ᠪᠠᠶᠢᠴᠠᠭᠠᠨ ᠦᠵᠡᠬᠡᠳ᠂ ᠦᠢᠯᠡᠳᠬᠡᠯ ᠤᠨ ᠭᠠᠵᠠᠷ ᠤᠨ ᠠᠵᠢᠯᠴᠢᠳ ᠴᠦᠮ ᠲᠤᠰ ᠭᠠᠵᠠᠷ ᠤᠨ ᠶᠠᠳᠠᠭᠤ ᠬᠦᠴᠢᠷᠳᠡᠢ ᠪᠤᠶᠤ ᠵᠡᠮᠳᠡᠭ ᠬᠦᠮᠦᠰ ᠪᠠᠶᠢᠵᠤ᠂ ᠦᠢᠯᠡᠳᠦᠭᠰᠡᠨ ᠪᠦᠳᠦᠭᠡᠭᠳᠡᠬᠦᠨ ᠨᠢ ᠴᠢᠨᠡᠷ ᠰᠠᠶᠢᠳᠠᠢ᠂ ᠬᠡᠯᠪᠡᠷᠢ ᠮᠠᠶ᠋ᠢᠭ ᠨᠢ ᠰᠢᠨ᠎ᠠ᠂ ᠵᠠᠬ᠎ᠠ ᠲᠡᠯᠭᠡᠭᠦᠷ ᠲᠠᠢ ᠪᠠᠶᠢᠵᠤ᠂ ᠡᠯᠧᠺᠲᠷᠦᠨ ᠬᠤᠳᠠᠯᠳᠤᠭᠠᠨ ᠤ ᠲᠠᠨᠢᠯᠴᠠᠭᠤᠯᠬᠤ ᠨᠦᠬᠦᠴᠡᠯ ᠲᠤ ᠲᠤᠬᠢᠷᠠᠳᠠᠭ ᠢ ᠤᠶᠢᠯᠠᠭᠠᠵᠤ᠂ ᠲᠡᠷᠡ ᠲᠡᠷᠤᠢ ᠳᠤ ᠨᠢ ᠵᠦᠩ ᠹᠦ᠋ ᠭᠠᠷ ᠦᠢᠯᠡᠳᠬᠡᠯ ᠤᠨ ᠭᠠᠵᠠᠷ ᠲᠠᠢᠡᠯᠧᠺᠲᠷᠦᠨ ᠬᠤᠳᠠᠯᠳᠤᠭᠠᠨ ᠤ ᠬᠠᠪᠰᠤᠷᠤᠨ ᠲᠡᠮᠵᠢᠬᠦ ᠬᠡᠯᠡᠯᠴᠡᠭᠡᠷ ᠲᠤᠭᠳᠠᠵᠤ᠂ ᠦᠢᠯᠡᠳᠬᠡᠯ ᠤᠨ ᠭᠠᠵᠠᠷ ᠲᠤ ᠲᠤᠬᠢᠷᠠᠬᠤ ᠡᠯᠧᠺᠲᠷᠦᠨ ᠬᠤᠳᠠᠯᠳᠤᠭᠠᠨ ᠤ ᠡᠵᠡᠩᠨᠡᠯᠳᠡ ᠶᠢᠨ ᠲᠦᠰᠦᠯ ᠲᠤᠭᠳᠠᠭᠠᠵᠤ ᠦᠭᠪᠡ᠃ ᠨᠢᠬᠡ ᠳᠤ᠂ ᠡᠯᠧᠺᠲᠷᠦᠨ ᠬᠤᠳᠠᠯᠳᠤᠭᠠᠨ ᠤ ᠲᠦᠪ ᠠᠴᠠ ᠢᠦᠢ ᠰᠤ᠋ ᠰᠢᠶᠠ ᠳᠤ ᠲᠤᠤᠷ ᠰᠦᠯᠵᠢᠶᠡᠨ ᠳᠤ ᠲᠡᠯᠬᠡᠬᠦᠷ ᠨᠡᠬᠡᠬᠡᠭᠦ ᠪᠠ ᠬᠤᠶᠢᠨ᠎ᠠ ᠬᠤᠭᠤᠴᠠᠭᠠᠨ ᠤ ᠡᠵᠡᠩᠨᠡᠯᠳᠡ ᠬᠢᠬᠦ ᠶᠢ ᠵᠢᠭᠠᠨ ᠵᠢᠯᠤᠭᠤᠳᠪᠠ᠂ ᠢᠦᠢ ᠰᠤ᠋ ᠰᠢᠶᠠ ᠲᠤᠤᠷ ᠰᠦᠯᠵᠢᠶ᠎ᠠ᠂ ᠡᠯᠧᠺᠲᠷᠦᠨ ᠬᠤᠳᠠᠯᠳᠤᠭ᠎ᠠ ᠲᠠᠢ ᠤᠶᠢᠷᠠᠳᠤᠵᠤ ᠦᠵᠡᠭᠡ ᠦᠭᠡᠢ ᠪᠤᠯᠬᠤᠷ ᠡᠯᠧᠺᠲᠷᠦᠨ ᠬᠤᠳᠠᠯᠳᠤᠭᠠᠨ ᠤ ᠲᠦᠪ ᠤᠨ ᠠᠵᠢᠯᠳᠠᠨ ᠲᠡᠬᠦᠨ ᠳᠤ ᠲᠤᠬᠢᠷᠠᠬᠤ ᠬᠢᠴᠢᠶᠡᠯ ᠪᠡᠯᠡᠳᠬᠡᠵᠤ᠂ ᠲᠡᠯᠬᠡᠭᠦᠷ ᠢᠶᠠᠨ ᠴᠢᠮᠡᠭᠯᠡᠬᠦ᠂ ᠪᠦᠳᠦᠭᠡᠭᠳᠡᠭᠦᠨ ᠢᠶᠠᠨ ᠰᠦᠯᠵᠢᠶᠡᠨ ᠳᠤ ᠲᠠᠮᠵᠢᠭᠤᠯᠬᠤ᠂ ᠦᠨ᠎ᠡ ᠬᠠᠩᠰᠢ ᠲᠤᠭᠳᠠᠭᠠᠬᠤ᠂ ᠵᠠᠬᠢᠶᠠᠯᠠᠭ᠎ᠠ ᠦᠵᠡᠬᠦ᠂ ᠨᠢᠬᠡ ᠲᠠᠷᠤᠪᠴᠢ ᠪᠠᠷ ᠪᠠᠷᠠᠭ᠎ᠠ ᠶᠠᠪᠤᠭᠤᠯᠬᠤ ᠵᠡᠷᠭᠡ ᠦᠨᠳᠦᠰᠦᠨ ᠠᠵᠢᠯᠯᠠᠭ᠎ᠠ ᠶᠢ ᠨᠢᠬᠡᠳ ᠨᠢᠬᠡ ᠪᠠᠷ ᠵᠢᠭᠠᠵᠤ ᠦᠭᠪᠡ᠃ ᠬᠤᠶᠠᠷ ᠲᠤ᠂ ᠡᠯᠧᠺᠲᠷᠦᠨ ᠬᠤᠳᠠᠯᠳᠤᠭᠠᠨ ᠤ ᠲᠦᠪ ᠤᠨ ᠪᠤᠷᠤᠯᠠᠭᠤᠯᠬᠤ ᠠᠩᠬᠢ ᠶᠢᠨ ᠰᠠᠨᠠᠭᠤᠯᠭ᠎ᠠ ᠪᠠ ᠬᠠᠪᠰᠤᠷᠤᠯᠭ᠎ᠠ ᠲᠤᠤᠷ᠎ᠠ᠂ ᠭᠠᠷ ᠦᠢᠯᠡᠳᠬᠡᠯ ᠤᠨ ᠭᠠᠵᠠᠷ ᠨᠢ ᠲᠠᠸᠠᠷ ᠤᠨ ᠲᠡᠮᠳᠡᠭ ᠪᠦᠷᠢᠳᠬᠡᠬᠦᠯᠵᠥ᠂ ᠭᠠᠷ ᠦᠢᠯᠡᠳᠬᠡᠯ ᠤᠨ ᠪᠦᠳᠦᠭᠡᠭᠳᠡᠬᠦᠨ ᠤ ᠤᠨᠴᠠᠯᠢᠭ ᠢ ᠦᠨᠳᠦᠰᠦᠯᠡᠨ᠂ ᠲᠤᠬᠢᠷᠠᠮᠵᠢᠳᠠᠢ ᠪᠤᠭᠤᠳᠠᠯ ᠢ ᠲᠦᠰᠦᠪᠯᠡᠨ ᠵᠤᠬᠢᠶᠠᠭᠰᠠᠨ ᠢᠶᠠᠷ ᠪᠦᠳᠦᠭᠡᠭᠳᠡᠬᠦᠨ ᠢ ᠲᠡᠯᠬᠡᠨ ᠦᠵᠡᠬᠦᠯᠬᠦ ᠪᠠ ᠪᠠᠷᠠᠭ᠎ᠠ ᠶᠠᠪᠤᠭᠤᠯᠬᠤ ᠳᠤ ᠭᠤᠶᠤ ᠰᠠᠶᠢᠬᠠᠨ ᠦᠵᠡᠮᠦᠷᠢ ᠲᠠᠢ ᠪᠤᠯᠤᠭᠰᠠᠨ ᠪᠦᠭᠡᠳ ᠪᠤᠭᠤᠳᠠᠯᠯᠠᠵᠤ ᠲᠡᠭᠡᠭᠡᠪᠦᠷᠢᠯᠡᠬᠦ ᠳᠤ ᠪᠦᠷ ᠲᠦᠬᠦᠮ ᠪᠤᠯᠪᠠ᠃ ᠭᠤᠷᠪᠠ ᠳᠤ᠂ ᠲᠤᠰᠬᠠᠢ ᠤᠷᠠᠯᠢᠭ ᠤᠨ ᠠᠵᠢᠯ ᠤᠨ ᠠᠵᠢᠯᠳᠠᠨ ᠠᠴᠠ ᠪᠦᠳᠦᠭᠡᠭᠳᠡᠭᠦᠨ ᠢ ᠰᠡᠭᠦᠳᠡᠷᠯᠡᠬᠦ ᠠᠴᠠ ᠲᠠᠸᠠᠷ ᠤᠨ ᠰᠦᠯᠵᠢᠶᠠᠨ ᠤ ᠬᠠᠭᠤᠳᠠᠰᠤ ᠶᠢ ᠲᠦᠰᠦᠪᠯᠡᠨ ᠦᠭᠴᠦ᠂ ᠠᠯᠵᠢᠶᠠᠯ ᠵᠦᠳᠡᠷᠡᠯ ᠢ ᠬᠠᠶᠢᠬᠤᠷᠤᠯ ᠦᠭᠡᠢ᠂ ᠨᠠᠷᠢᠨ ᠲᠦᠰᠦᠪᠯᠡᠵᠤ ᠨᠠᠷᠢᠯᠢᠭ ᠵᠤᠬᠢᠶᠠᠨ᠂ ᠭᠠᠷ ᠦᠢᠯᠡᠳᠬᠡᠯ ᠤᠨ ᠭᠠᠵᠠᠷ ᠤᠨ ᠲᠠᠸᠠᠷ ᠨᠢᠬᠡᠪᠦᠷᠢ ᠶᠢ ᠬᠠᠮᠤᠭ ᠰᠠᠶᠢᠬᠠᠨ ᠬᠠᠷᠠᠭᠠᠰᠤ ᠠᠴᠠ ᠡᠯ᠎ᠡ ᠶᠡᠭᠡ ᠰᠦᠯᠵᠢᠶᠠᠨ ᠤ ᠲᠠᠪᠴᠠᠩ ᠳᠤ ᠲᠡᠯᠭᠡᠵᠦ ᠦᠭᠴᠡᠢ᠃ ᠲᠦᠮᠡᠨ ᠪᠡᠯᠡᠳᠭᠡᠯ ᠲᠡᠬᠦᠰ ᠪᠤᠯᠵᠤ ᠲᠤᠷᠤᠨ᠎ᠠ ᠶᠢᠨ ᠰᠠᠯᠬᠢᠨ ᠢ ᠬᠦᠯᠢᠶᠡᠬᠦ ᠯᠠ ᠪᠤᠯᠵᠠᠢ᠂《ᠵᠦᠩ ᠹᠦ᠋ ᠦᠢᠯᠡᠳᠬᠡᠯ ᠤᠨ ᠭᠠᠵᠠᠷ ᠤᠨ ᠬᠤᠰᠢᠭᠤᠴᠢ ᠲᠡᠯᠭᠡᠭᠦᠷ》ᠮᠧᠢ ᠽᠦᠨ ᠰᠦᠯᠵᠢᠶ᠎ᠡ ᠳᠤ ᠭᠤᠶᠤ ᠨᠠᠮᠪᠠ ᠲᠠᠢ ᠤᠳᠠᠰᠤᠨ ᠳᠤ ᠭᠠᠷᠪᠠ᠂ ᠨᠠᠷᠢᠯᠢᠭ ᠬᠢᠴᠡᠳᠡᠢ ᠪᠦᠭᠡᠳ ᠠᠷᠠᠳ ᠤᠨ ᠲᠤᠮᠳᠠᠬᠢ ᠭᠠᠷ ᠤᠷᠠᠯᠠᠯ ᠤᠨ ᠪᠦᠳᠦᠭᠡᠭᠳᠡᠬᠦᠨ ᠨᠢ ᠡᠯᠧᠺᠲᠷᠦᠨ ᠬᠤᠳᠠᠯᠳᠤᠭᠠᠨ ᠤ ᠲᠦᠪ ᠤᠨ ᠴᠢᠷᠮᠠᠶᠢᠯᠭ᠎ᠠ ᠪᠠᠷ《ᠲᠤᠤᠷ ᠰᠦᠯᠵᠢᠶ᠎ᠠ ᠪᠠᠷ ᠪᠤᠷᠤᠯᠠᠭᠤᠯᠬᠤ》ᠬᠤᠷᠳᠤᠨ ᠲᠡᠷᠭᠡ ᠪᠠᠷ ᠲᠠᠪᠬᠢᠭᠤᠯᠤᠯ᠎ᠠ᠃ ᠡᠯᠧᠺᠲᠷᠦᠨ ᠬᠤᠳᠠᠯᠳᠤᠭᠠᠨ ᠤ ᠲᠦᠪ ᠪᠠ ᠤᠯᠠᠭᠠᠨᠬᠠᠳᠠ ᠶᠢᠨ ᠭᠤᠸᠠᠩ ᠳ᠋ᠠ ᠪᠠᠩᠬᠢ ᠶᠢᠨ《ᠤᠯᠠᠭᠠᠨᠬᠠᠳᠠ ᠶᠢᠨ ᠰᠤᠳᠤᠨ ᠰᠠᠶᠢᠬᠠᠨ ᠢ ᠬᠤᠳᠠᠯᠳᠤᠨ ᠠᠪᠬᠤ》ᠲᠠᠪᠴᠠᠩ ᠲᠠᠢ ᠵᠠᠯᠭᠠᠭᠤᠯᠵᠤ᠂ ᠵᠦᠩ ᠹᠦ᠋ ᠭᠠᠷ ᠦᠢᠯᠡᠳᠬᠡᠯ ᠤᠨ ᠪᠦᠳᠦᠭᠡᠭᠳᠡᠭᠦᠨ ᠪᠠ ᠦᠢᠯᠡᠰ ᠪᠦᠳᠦᠭᠡᠭᠰᠡᠨ ᠦᠯᠢᠭᠡᠷ ᠢ ᠲᠡᠯᠭᠡᠷᠡᠬᠦᠯᠬᠦ ᠶᠢ ᠶᠡᠭᠡᠰᠭᠡᠵᠡᠢ᠃ 2018 ᠤᠨ ᠤ 12 ᠰᠠᠷ᠎ᠠ ᠶᠢᠨ 20 ᠤ ᠡᠳᠦᠷ᠂ ᠵᠢᠨᠱᠠᠨ ᠪᠠᠯᠭᠠᠰᠤᠨ ᠤ ᠡᠯᠧᠺᠲᠷᠦᠨ ᠬᠤᠳᠠᠯᠳᠤᠭᠠᠨ ᠤ ᠤᠯᠠᠨ ᠨᠡᠶᠢᠳᠡ ᠶᠢᠨ ᠦᠢᠯᠡᠴᠢᠯᠡᠬᠡᠨ ᠤ ᠲᠦᠪ ᠨᠢ《 ᠵᠢᠯ ᠤᠨ ᠪᠠᠷᠠᠭ᠎ᠠ ᠪᠠᠨ ᠪᠡᠯᠡᠳᠬᠡᠭᠦ ᠳᠤ ᠮᠧᠢ ᠽᠦᠨ ᠰᠦᠯᠵᠢᠶᠡᠨ ᠳᠤ ᠪᠠᠨ ᠭᠠᠷᠬᠤ》ᠭᠤᠤᠯ ᠰᠡᠳᠤᠪᠳᠤ ᠵᠢᠯ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠢ ᠡᠷᠬᠢᠯᠡᠪᠠ᠂ ᠮᠧᠢ ᠽᠦᠨ ᠰᠦᠯᠵᠢᠶᠡᠨ  ᠤ 40 ᠭᠠᠷᠤᠢ ᠬᠤᠳᠠᠯᠳᠤᠭᠠᠴᠢᠨ᠂ 90 ᠨᠡᠷ᠎ᠡ ᠦᠢᠯᠡᠴᠢᠯᠡᠭᠡᠨ ᠤ ᠦᠷᠳᠡᠭᠡᠨ ᠤ ᠲᠡᠷᠤᠭ᠎ᠠ᠂ ᠪᠠᠯᠭᠠᠰᠤᠨ ᠤ ᠠᠷᠠᠳ ᠪᠠ ᠡᠯ᠎ᠡ ᠬᠠᠪᠰᠤᠷᠤᠯᠴᠠᠬᠤ ᠬᠤᠷᠰᠢᠶᠠᠨ ᠤ ᠬᠡᠰᠡᠭ ᠬᠡᠰᠢᠬᠦᠳ ᠬᠠᠮᠳᠤᠷᠠᠨ ᠴᠤᠭᠯᠠᠷᠠᠵᠠᠭᠠᠪᠠ᠂ ᠲᠤᠬᠠᠢ ᠶᠢᠨ ᠲᠠᠯᠠᠪᠠᠢ ᠳᠤ ᠵᠠᠭᠤ ᠭᠠᠷᠤᠢ ᠲᠦᠷᠦᠯ ᠤᠨ ᠮᠢᠩᠭᠠᠨ ᠭᠠᠷᠤᠢ ᠬᠡᠯᠪᠡᠷᠢ ᠶᠢᠨ ᠲᠠᠸᠠᠷ ᠲᠡᠯᠬᠡᠪᠡ᠂ ᠵᠦᠩ ᠹᠦ᠋ ᠭᠠᠷ ᠦᠢᠯᠡᠳᠬᠡᠯ ᠤᠨ ᠭᠠᠵᠠᠷ ᠤᠨ ᠪᠦᠳᠦᠭᠡᠭᠳᠡᠬᠦᠨ ᠨᠢ ᠵᠢᠯ ᠴᠠᠭᠠᠨ ᠰᠠᠷ᠎ᠠ ᠶᠢᠨ ᠲᠠᠸᠠᠷ ᠤᠨ ᠭᠤᠤᠯ ᠲᠠᠨᠢᠯᠴᠠᠭᠤᠯᠬᠤ ᠪᠦᠳᠦᠭᠡᠭᠳᠡᠬᠦᠨ ᠪᠤᠯᠵᠠᠢ᠂ ᠲᠤᠰ ᠡᠳᠦᠷ ᠠᠷᠠᠰᠤᠨ ᠪᠡᠭᠡᠯᠢ ᠶᠢ 106᠂ ᠠᠷᠠᠰᠤᠨ ᠦᠮᠦᠳᠦ 5᠂ ᠬᠡᠦᠬᠡᠳ ᠱᠠᠬᠠᠢ 16 ᠶᠢ ᠪᠤᠷᠤᠯᠠᠭᠤᠯᠵᠤ᠂ ᠵᠠᠬᠢᠶᠠᠯᠠᠭᠰᠠᠨ ᠪᠠᠷᠠᠭ᠎ᠠ ᠲᠠᠢ ᠪᠠᠨ ᠪᠤᠳᠤᠪᠠᠯ ᠪᠤᠷᠤᠯᠠᠭᠤᠯᠤᠭᠰᠠᠨ ᠦᠷᠳᠡᠭ 1 ᠲᠦᠮᠡᠨ ᠲᠦᠭᠦᠷᠢᠭ ᠢ ᠲᠠᠪᠠᠪᠠ᠃ ᠡᠯᠧᠺᠲᠷᠦᠨ ᠬᠤᠳᠠᠯᠳᠤᠭᠠᠨ ᠤ ᠲᠦᠪ ᠤᠨ ᠲᠠᠰᠤᠷᠠᠯᠳᠠ ᠦᠬᠡᠢ ᠲᠦᠬᠡᠮᠡᠯᠵᠢᠬᠦᠯᠬᠦ ᠶᠢ ᠲᠠᠭᠠᠯᠳᠤᠨ᠂ ᠡᠵᠡᠩᠨᠡᠯᠳᠡ ᠶᠢᠨ ᠲᠦᠰᠦᠯ ᠶᠢ ᠲᠠᠰᠤᠷᠠᠯᠳᠠ ᠦᠭᠡᠢ ᠲᠡᠬᠦᠯᠳᠡᠷᠵᠢᠬᠦᠯᠦᠭᠰᠡᠨ ᠠᠴᠠ ᠵᠦᠩ ᠹᠦ᠋ ᠦᠢᠯᠡᠳᠬᠡᠯ ᠤᠨ ᠭᠠᠵᠠᠷ ᠤᠨ ᠪᠦᠳᠦᠭᠡᠭᠳᠡᠬᠦᠨ ᠨᠢ ᠭᠠᠳᠠᠷ ᠮᠤᠵᠢ ᠤᠷᠤᠨ ᠳᠤ ᠪᠤᠷᠤᠯᠠᠭᠤᠯᠤᠭᠳᠠᠬᠤ ᠪᠤᠯᠤᠯ᠎ᠠ᠃ 2019 ᠤᠨ ᠤ 5 ᠰᠠᠷ᠎ᠠ ᠪᠤᠯᠳᠠᠯ᠎ᠠ᠂ ᠭᠠᠷ ᠦᠢᠯᠡᠳᠬᠡᠯ ᠤᠨ ᠭᠠᠵᠠᠷ ᠤᠨ ᠪᠤᠷᠤᠯᠠᠭᠤᠯᠤᠭᠰᠠᠨ ᠦᠷᠳᠡᠭ 30 ᠭᠠᠷᠤᠢ ᠲᠦᠮᠡᠨ ᠲᠦᠭᠦᠷᠢᠭ ᠳᠤ ᠬᠦᠷᠪᠡ᠃         2019 ᠤᠨ ᠳᠤ᠂ ᠵᠦᠩ ᠹᠦ᠋ ᠦᠢᠯᠡᠳᠬᠡᠯ ᠤᠨ ᠭᠠᠵᠠᠷ ᠨᠢ ᠬᠤᠳᠠ᠂ ᠬᠤᠰᠢᠭᠤᠨ ᠤ ᠡᠮᠡᠭᠳᠡᠶᠢᠴᠦᠳ ᠤᠨ ᠬᠤᠯᠪᠤᠭ᠎ᠠ ᠵᠡᠷᠭᠡ ᠪᠠᠶᠢᠭᠤᠯᠭ᠎ᠠ ᠶᠢᠨ ᠲᠡᠮᠵᠢᠯᠬᠡ ᠲᠤᠤᠷ᠎ᠠ᠂ ᠠᠵᠢᠯᠴᠢᠳ ᠢᠶᠠᠨ ᠲᠠᠶᠢᠴᠢᠯᠠᠵᠤ ᠱᠦᠭᠦᠷ ᠤᠨ ᠬᠦᠷᠦᠮᠡᠯ ᠤᠨ ᠤᠷᠠᠯᠠᠯ ᠤᠨ ᠪᠦᠳᠦᠭᠡᠭᠳᠡᠭᠦᠨ ᠬᠦᠷᠦᠬᠦ ᠮᠡᠷᠬᠡᠵᠢᠯ ᠰᠤᠷᠴᠤ᠂ 100 ᠭᠠᠷᠤᠢ ᠮᠤ᠋ ᠱᠦᠭᠦᠷ ᠤᠨ ᠬᠦᠷᠦᠮᠡᠯ ᠤᠨ ᠲᠠᠷᠢᠮᠠᠯ ᠲᠠᠷᠢᠪᠠ᠂ ᠭᠠᠷ ᠦᠢᠯᠡᠳᠬᠡᠯ ᠤᠨ ᠭᠠᠵᠠᠷ ᠰᠢᠨ᠎ᠡ ᠠᠵᠥ ᠦᠢᠯᠡᠰ ᠨᠡᠬᠡᠬᠡᠵᠤ᠂ ᠶᠠᠳᠠᠭᠤ ᠡᠷᠦᠬᠡ ᠶᠢᠨ 4 ᠬᠦᠮᠦᠨ ᠢ ᠰᠢᠨ᠎ᠡ ᠪᠠᠷ ᠡᠯᠰᠡᠨ ᠬᠡᠷᠡᠭᠯᠡᠪᠡ᠃ ᠡᠯᠧᠺᠲᠷᠦᠨ ᠬᠤᠳᠠᠯᠳᠤᠭᠠᠨ ᠤ ᠲᠦᠪ ᠠᠴᠠ ᠭᠠᠷ ᠦᠢᠯᠡᠳᠬᠡᠯ ᠤᠨ ᠭᠠᠵᠠᠷ ᠢ ᠲᠤᠩ ᠠᠩᠬᠠᠷᠴᠤ᠂ ᠰᠢᠨ᠎ᠡ ᠦᠢᠯᠡᠳᠬᠦᠨ ᠢ ᠨᠢ ᠲᠡᠯᠭᠡᠷᠡᠬᠦᠯᠬᠦ ᠪᠠᠷ ᠪᠡᠯᠡᠳᠬᠡᠵᠦ ᠪᠤᠢ᠃ ᠲᠤᠰᠬᠠᠶᠢᠵᠢᠭᠰᠠᠨ ᠡᠵᠡᠩᠨᠡᠬᠦ ᠲᠡᠯᠭᠡᠷᠡᠭᠦᠯᠦᠯᠳᠡ ᠪᠠ ᠤᠨᠴᠠ ᠰᠠᠶᠢᠨ ᠪᠤᠷᠤᠯᠠᠭᠤᠯᠬᠤ ᠪᠠᠶᠢᠳᠠᠯ ᠨᠢ ᠵᠦᠩ ᠹᠦ᠋ ᠭᠠᠷ ᠦᠢᠯᠡᠳᠬᠡᠯ ᠤᠨ ᠭᠠᠵᠠᠷ ᠠᠴᠠ ᠨᠡᠩ ᠤᠯᠠᠨ ᠶᠠᠳᠠᠭᠤ ᠬᠦᠴᠢᠷᠳᠡᠢ ᠡᠷᠦᠬᠡ ᠪᠠ ᠵᠡᠮᠳᠡᠭ ᠬᠦᠮᠦᠰ ᠢ ᠲᠠᠶᠢᠴᠢᠯᠠᠵᠤ ᠴᠢᠳᠠᠪᠠ᠃ ᠡᠯᠧᠺᠲᠷᠦᠨ ᠬᠤᠳᠠᠯᠳᠤᠭᠠᠨ ᠤ ᠲᠦᠪ ᠤᠨ ᠲᠡᠯᠭᠡᠷᠡᠬᠦᠯᠬᠦ ᠪᠠᠷ ᠲᠠᠮᠵᠢᠨ᠂ ᠵᠦᠩ ᠹᠦ᠋ ᠭᠠᠷ ᠦᠢᠯᠡᠳᠬᠡᠯ ᠤᠨ ᠭᠠᠵᠠᠷ ᠨᠢ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠨ ᠴᠢᠨᠡᠭᠡᠯᠢᠭᠵᠢᠬᠦ᠂ ᠶᠠᠳᠠᠭᠤ ᠨᠢ ᠶᠠᠳᠠᠭᠤ ᠪᠠᠨ ᠲᠠᠶᠢᠴᠢᠯᠠᠬᠤ ᠵᠢᠱᠢᠶᠡᠴᠢ ᠬᠦᠴᠦᠨ ᠪᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号