ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠺᠲ᠋ᠧᠷᠢ ᠥᠬᠡᠶ ᠪᠠ ᠰᠠᠭᠤᠯᠭᠠᠬᠤ ᠡᠮᠴᠢᠯᠡᠭᠡᠨ ᠤ ᠪᠠᠭᠠᠵᠢ ᠬᠡᠷᠡᠭᠰᠡᠯ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2019/6/24
   ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠡᠳᠦᠷ ᠠᠴᠠ 8 ᠳ᠋ᠤᠭᠠᠷ ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ  ᠪᠠᠺᠲ᠋ᠧᠷᠢ ᠥᠬᠡᠶ ᠪᠠ ᠰᠠᠭᠤᠯᠭᠠᠬᠤ ᠡᠮᠴᠢᠯᠡᠭᠡᠨ ᠤ ᠪᠠᠭᠠᠵᠢ ᠬᠡᠷᠡᠭᠰᠡᠯ ᠤᠨ ᠲᠤᠰᠬᠠᠶ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ᠃
        ᠲᠤᠰ ᠤᠳᠠᠭ᠎ᠠ ᠪᠠᠺᠲ᠋ᠧᠷᠢ ᠥᠬᠡᠶ ᠪᠠ ᠰᠠᠭᠤᠯᠭᠠᠬᠤ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ  ᠶᠢᠨ ᠠᠵᠤ ᠠᠬᠤᠢᠢᠯᠠᠯ ᠪᠠ ᠡᠮᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃ ᠪᠠᠶᠢᠴᠠᠭᠠᠬᠤ ᠬᠡᠯᠪᠡᠷᠢ ᠶᠢ ᠠᠵᠤ ᠠᠬᠤᠢᠢᠯᠠᠯ ᠥᠪᠡᠷ ᠢᠶᠠᠨ ᠪᠠᠶᠢᠴᠠᠭᠠᠬᠤ᠂ ᠥᠪᠡᠷ ᠢᠶᠠᠨ ᠪᠠᠶᠢᠴᠠᠭᠠᠵᠤ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ ᠭᠡᠵᠦ ᠭᠤᠷᠪᠠᠨ ᠵᠦᠢᠯ ᠬᠤᠪᠢᠶᠠᠨ᠎ᠠ᠃ ᠭᠦᠶᠯᠭᠡᠭᠡᠨ ᠤ ᠭᠤᠭᠴᠤᠭ᠎ᠠ ᠳᠤ᠂ ᠵᠥᠪᠰᠢᠶᠡᠷᠡᠯ ᠥᠬᠡᠶ ︵ᠳᠠᠩᠰᠠᠯᠠᠭᠤᠯᠤᠭᠰᠠᠨ ᠥᠬᠡᠶ︶ ᠡᠵᠡᠩᠨᠡᠯᠲᠡ ᠶᠢᠨ ︵ᠰᠦᠯᠵᠢᠶ᠎ᠡ ᠪᠠᠷ ᠪᠣᠷᠣᠯᠠᠭᠤᠯᠬᠤ︶ ᠡᠮᠴᠢᠯᠡᠭᠡᠨ ᠤ ᠪᠠᠭᠠᠵᠢ ᠬᠡᠷᠡᠭᠰᠡᠯ ᠢ ᠡᠷᠭᠢᠯᠡᠭᠰᠡᠨ ᠡᠰᠡᠬᠦ︔ ᠳᠠᠩᠰᠠᠯᠠᠭᠤᠯᠤᠭᠰᠠᠨ ᠭᠡᠷᠡᠴᠢ ᠪᠤᠶᠤ ᠳᠠᠩᠰᠠᠯᠠᠭᠤᠯᠤᠭᠰᠠᠨ ᠭᠡᠷᠡᠴᠢ ᠪᠠᠷᠢᠮᠲᠠ ᠣᠯᠤᠭᠰᠠᠨ ᠥᠬᠡᠶ ᠡᠮᠴᠢᠯᠡᠭᠡᠨ ᠤ ᠪᠠᠭᠠᠵᠢ ᠬᠡᠷᠡᠭᠰᠡᠯ ᠢ ︵ᠰᠦᠯᠵᠢᠶ᠎ᠡ ᠪᠠᠷ ᠪᠣᠷᠣᠯᠠᠭᠤᠯᠬᠤ︶ ᠡᠵᠡᠩᠨᠡᠬᠦ ᠡᠰᠡᠬᠦ ᠵᠡᠷᠭᠡ 7 ᠲᠠᠯ᠎ᠠ ᠶᠢ ᠪᠠᠭᠲᠠᠨ᠎ᠠ᠃ ᠬᠡᠷᠡᠭᠯᠡᠭᠡᠨ ᠤ ᠭᠤᠭᠴᠤᠭ᠎ᠠ  ᠳᠤ᠂  ᠬᠠᠤᠯᠢ ᠶᠣᠰᠣᠭᠠᠷ ᠳᠠᠩᠰᠠᠯᠠᠭᠤᠯᠤᠭᠰᠠᠨ ᠦᠭᠡᠢ ᠪᠤᠶᠤ ᠳᠠᠩᠰᠠᠯᠠᠭᠤᠯᠤᠭᠰᠠᠨ ᠦᠭᠡᠢ᠂ ᠬᠢᠷᠢ ᠲᠡᠩᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠦᠭᠡᠢ ᠵᠢᠴᠢ ᠬᠤᠭᠤᠴᠠᠭ᠎ᠠ ᠨᠢ ᠥᠩᠭᠡᠷᠡᠭᠰᠡᠨ᠂ ᠬᠦᠴᠦᠨ ᠦᠭᠡᠢ ᠪᠣᠯᠤᠭᠰᠠᠨ᠂ ᠵᠠᠭᠠᠵᠠᠯᠠᠭᠳᠠᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ ᠠᠪᠴᠤ ᠬᠡᠷᠡᠭᠯᠡᠭᠰᠡᠨ ᠡᠰᠡᠬᠦ︔ ᠶᠠᠰᠤ ᠴᠢᠨᠠᠷ ᠤᠨ ᠬᠠᠮᠢᠶᠠᠷᠤᠯᠲᠠ ᠶᠢᠨ ᠪᠥᠬᠦ ᠶᠠᠪᠤᠴᠠ ᠶᠢ ᠬᠠᠮᠤᠷᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠭᠰᠠᠨ ᠡᠰᠡᠬᠦ ᠵᠡᠷᠭᠡ  7 ᠲᠠᠯ᠎ᠠ ᠶᠢ ᠪᠠᠭᠲᠠᠨ᠎ᠠ᠃
      ᠲᠤᠰᠬᠠᠶ ᠪᠠᠶᠢᠴᠠᠭᠠᠯᠲᠠ ᠪᠠᠷ ᠳᠠᠮᠵᠢᠭᠤᠯᠤᠨ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠪᠠ ᠬᠡᠷᠡᠭᠯᠡᠬᠦ ᠨᠢᠭᠡᠴᠡ ᠶᠢᠨ  ᠪᠠᠺᠲ᠋ᠧᠷᠢ ᠥᠬᠡᠶ ᠪᠠ ᠰᠠᠭᠤᠯᠭᠠᠬᠤ ᠡᠮᠴᠢᠯᠡᠭᠡᠨ ᠤ ᠪᠠᠭᠠᠵᠢ ᠬᠡᠷᠡᠭᠰᠡᠯ ᠤᠨ ᠦᠶᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠠᠤᠯᠢ ᠲᠣᠭᠲᠠᠭᠠᠯ ᠢ ᠵᠥᠷᠢᠴᠡᠨ ᠡᠵᠡᠩᠨᠡᠵᠦ ᠬᠡᠷᠡᠭᠯᠡᠬᠦ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠥᠷᠭᠡᠨ ᠣᠯᠠᠨ ᠬᠡᠷᠡᠭᠯᠡᠭᠴᠢᠳ  ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号