ᠬᠠᠷᠠᠴᠢᠨ ᠬᠤᠰᠢᠭᠤ ᠢᠳᠡᠬᠡᠨ ᠤ ᠠᠮᠤᠷ ᠲᠦᠪᠰᠢᠨ ᠤ ᠤᠬᠠᠭᠤᠯᠭ᠎ᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2019/6/24
      6 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠠ᠂ ᠬᠠᠷᠠᠴᠢᠨ ᠬᠤᠰᠢᠭᠤᠨ ᠤ ᠵᠠᠬ᠎ᠠ ᠲᠡᠯᠭᠡᠭᠦᠷ ᠤᠨ ᠬᠢᠨᠡᠨ ᠬᠠᠮᠢᠶᠠᠷᠤᠯᠳᠠ ᠶᠢᠨ ᠲᠤᠪᠴᠢᠶ᠎ᠠ ᠨᠢ ᠵᠢᠨᠱᠠᠨ ᠶᠡᠭᠡ ᠠᠰᠠᠷ ᠤᠨ ᠡᠮᠦᠨ᠎ᠡ ᠢᠳᠡᠬᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠦᠳᠡᠯᠭᠡᠭᠡᠨ ᠡᠷᠬᠢᠯᠡᠪᠡ᠃
       ᠲᠤᠰ ᠤᠳᠠᠭᠠᠨ ᠤ ᠤᠬᠠᠭᠤᠯᠭ᠎ᠠ ᠶᠢᠨ ᠬᠦᠳᠡᠯᠬᠡᠬᠡᠨ ᠨᠢ ᠠᠮᠤᠷ ᠲᠦᠪᠰᠢᠨ ᠦᠢᠯᠡᠳᠪᠦᠷᠢᠯᠡᠯ ᠤᠨ ᠰᠠᠷ᠎ᠠ  ᠶᠢᠨ ᠠᠵᠢᠯᠯᠠᠭ᠎ᠠ ᠲᠠᠢ ᠤᠶᠠᠯᠳᠤᠭᠤᠯᠵᠤ᠂《ᠮᠤᠷᠠᠯ ᠢ ᠡᠷᠬᠢᠮᠯᠠᠨ ᠬᠠᠤᠯᠢ ᠶᠢ ᠰᠠᠬᠢᠵᠤ᠂ ᠢᠳᠡᠭᠡᠨ ᠤ ᠠᠮᠤᠷ ᠲᠦᠪᠰᠢᠨ ᠢᠶᠠᠷ ᠠᠮᠢᠳᠤᠷᠠᠯ ᠢᠶᠠᠨ ᠨᠡᠩ ᠰᠠᠶᠢᠨ ᠰᠠᠶᠢᠬᠠᠨ ᠪᠤᠯᠭᠠᠬᠤ》 ᠪᠠᠷ ᠭᠤᠤᠯ ᠰᠡᠳᠤᠪ ᠪᠤᠯᠭᠠᠵᠡᠢ᠃ ᠭᠦᠳᠡᠯᠬᠡᠬᠡᠨ ᠤ ᠲᠤᠬᠠᠢ ᠶᠢᠨ ᠲᠠᠯᠠᠪᠠᠢ ᠳᠤ ᠦᠵᠡᠬᠦᠯᠬᠡ ᠶᠢᠨ ᠰᠠᠮᠪᠠᠷ᠎ᠠ ᠪᠤᠰᠬᠠᠬᠤ᠂ ᠤᠬᠠᠭᠤᠯᠬᠤ ᠮᠠᠲ᠋ᠧᠷᠢᠶᠡᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠪᠤᠷᠢ ᠬᠢᠬᠦ ᠵᠡᠷᠭᠡ ᠬᠡᠯᠪᠡᠷᠢ ᠪᠠᠷ ᠢᠳᠡᠬᠡᠨ ᠤ ᠬᠤᠤᠷᠳᠠᠯ ᠢ ᠰᠡᠷᠭᠡᠶᠢᠯᠡᠬᠦ᠂ ᠪᠤᠬᠢᠷᠳᠤᠯ ᠦᠭᠡᠢ ᠢᠳᠡᠬᠡᠨ ᠬᠡᠷᠡᠭᠯᠡᠬᠦ᠂ ᠢᠳᠡᠬᠡᠨ ᠤ ᠦᠢᠯᠡᠳᠪᠤᠷᠢᠯᠡᠯ ᠤᠨ ᠠᠮᠤᠷ ᠲᠦᠪᠰᠢᠨ ᠵᠡᠷᠭᠡ ᠰᠢᠨᠵᠢᠯᠡᠬᠦ  ᠤᠬᠠᠭᠠᠨ ᠢ ᠲᠦᠬᠡᠮᠡᠯᠵᠢᠬᠦᠯᠬᠦ ᠮᠡᠳᠡᠯᠭᠡ ᠶᠢ ᠤᠯᠠᠨ ᠲᠦᠮᠡᠨ ᠳᠤ ᠬᠦᠯᠢᠴᠡᠩᠭᠦᠢ ᠲᠠᠶᠢᠯᠪᠤᠷᠢᠯᠠᠨ᠂ ᠬᠡᠷᠡᠭᠯᠡᠭᠴᠢᠳ ᠨᠢ ᠵᠦᠪ ᠤᠨᠤᠪᠴᠢᠳᠡᠢ ᠬᠡᠷᠡᠭᠯᠡᠭᠡ ᠬᠢᠬᠦ ᠶᠢ ᠤᠬᠠᠭᠤᠯᠤᠨ ᠵᠢᠯᠤᠭᠤᠳᠪᠠ᠃        ᠲᠤᠰ ᠤᠳᠠᠭᠠᠨ ᠤ ᠤᠬᠠᠭᠤᠯᠭ᠎ᠠ ᠶᠢᠨ ᠬᠦᠳᠡᠯᠬᠡᠬᠡᠨ ᠨᠢ ᠤᠯᠠᠨ ᠲᠦᠮᠡᠨ ᠤ ᠢᠳᠡᠬᠡᠨ ᠤ ᠠᠮᠤᠷ ᠲᠦᠪᠰᠢᠨ ᠤ ᠲᠠᠨᠢᠯᠳᠠ ᠪᠠ ᠦᠪᠡᠷ ᠢ ᠪᠠᠨ ᠬᠠᠮᠠᠭᠠᠯᠠᠬᠤ ᠴᠢᠳᠠᠪᠬᠢ ᠶᠢ ᠲᠡᠭᠡᠭᠰᠢᠯᠡᠬᠦᠯᠦᠨ᠂ ᠵᠢᠴᠢ ᠪᠠᠰᠠ ᠢᠳᠡᠬᠡᠨ  ᠤ ᠵᠦᠢᠯ ᠡᠵᠡᠩᠨᠡᠭᠴᠢᠳ ᠤᠨ ᠠᠵᠢᠯᠯᠠᠭ᠎ᠠ ᠶᠢ ᠲᠦᠷᠢᠮᠵᠢᠬᠦᠯᠬᠦ ᠳᠤ ᠢᠳᠡᠪᠬᠢᠳᠡᠢ ᠠᠬᠢᠭᠤᠯᠬᠤ ᠦᠢᠯᠡᠳᠦᠯ ᠲᠠᠢ ᠪᠠᠶᠢᠵᠤ᠂ ᠪᠦᠬᠦ ᠨᠡᠶᠢᠬᠡᠮ ᠢᠶᠠᠷ ᠢᠶᠠᠨ ᠢᠳᠡᠬᠡᠨ ᠤ ᠠᠮᠤᠷ ᠲᠦᠪᠰᠢᠨ ᠢ ᠠᠩᠬᠠᠷᠤᠨ ᠪᠤᠯᠭᠤᠭᠠᠬᠤ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号