ᠬᠠᠷᠠᠴᠢᠨ ᠬᠤᠰᠢᠭᠤ ᠠᠮᠤᠷ ᠲᠦᠪᠰᠢᠨ ᠦᠢᠯᠡᠳᠪᠦᠷᠢᠯᠡᠯ ᠤᠨ ᠪᠤᠯᠪᠠᠰᠤᠷᠠᠯ ᠤᠨ ᠬᠤᠷᠠᠯ ᠵᠢᠴᠢ ᠰᠡᠷᠡᠮᠵᠢᠯᠡᠬᠦᠯᠦᠨ ᠰᠤᠷᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/6/24
    ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ《ᠠᠮᠤᠷ ᠲᠦᠪᠰᠢᠨ ᠦᠢᠯᠡᠳᠪᠦᠷᠢᠯᠡᠯ ᠤᠨ ᠰᠠᠷ᠎ᠠ》  ᠶᠢᠨ ᠤᠬᠠᠭᠤᠯᠭ᠎ᠠ ᠬᠦᠮᠦᠵᠢᠯ ᠤᠨ ᠠᠵᠢᠯ ᠤᠨ ᠲᠤᠬᠠᠢ ᠱᠠᠭᠠᠷᠳᠠᠯᠭ᠎ᠠ ᠶᠤᠰᠤᠭᠠᠷ᠂ 6 ᠰᠠᠷ᠎ᠠ ᠶᠢᠨ 19 ᠤ ᠡᠳᠦᠷ᠂ ᠬᠤᠰᠢᠭᠤᠨ ᠤ ᠠᠮᠤᠷ ᠲᠦᠪᠰᠢᠨ ᠦᠢᠯᠡᠳᠪᠦᠷᠢᠯᠡᠯ ᠤᠨ ᠠᠯᠪᠠᠨ ᠭᠡᠷ ᠠᠴᠠ ᠠᠮᠤᠷ ᠲᠦᠪᠰᠢᠨ ᠦᠢᠯᠡᠳᠪᠦᠷᠢᠯᠡᠯ ᠤᠨ ᠪᠤᠯᠪᠠᠰᠤᠷᠠᠯ ᠤᠨ ᠬᠤᠷᠠᠯ ᠵᠢᠴᠢ ᠰᠡᠷᠡᠮᠵᠢᠯᠡᠬᠦᠯᠦᠨ ᠰᠤᠷᠭᠠᠬᠤ ᠬᠤᠷᠠᠯ ᠢ ᠵᠤᠬᠢᠶᠠᠨ ᠪᠠᠶᠢᠭᠤᠯᠵᠤ ᠬᠤᠷᠠᠯᠳᠤᠭᠤᠯᠪᠠ᠃      ᠲᠤᠰ ᠤᠳᠠᠭᠠᠨ ᠤ ᠪᠤᠯᠪᠠᠰᠤᠷᠠᠯ ᠳᠤ ᠬᠤᠰᠢᠭᠤᠨ ᠤ ᠠᠮᠤᠷ ᠲᠦᠪᠰᠢᠨ ᠦᠢᠯᠡᠳᠪᠦᠷᠢᠯᠡᠯ ᠤᠨ ᠠᠯᠪᠠᠨ ᠭᠡᠷ  ᠠᠴᠠ ᠤᠯᠠᠭᠠᠨᠬᠠᠳᠠ ᠬᠤᠳᠠ ᠶᠢᠨ ᠠᠮᠤᠷ ᠲᠦᠪᠰᠢᠨ ᠦᠢᠯᠡᠳᠪᠦᠷᠢᠯᠡᠯ ᠤᠨ ᠬᠦᠷᠢᠶ᠎ᠠ ᠬᠡᠪᠴᠢᠶᠡᠨ ᠳᠠᠬᠢ ᠠᠯᠳᠠᠷ ᠬᠦᠨᠳᠦᠳᠡᠢ ᠲᠤᠰᠬᠠᠢ ᠮᠡᠷᠬᠡᠵᠢᠯᠳᠡᠨ ᠴᠧᠨ ᠰᠢᠦ ᠯᠢ ᠪᠠᠭᠰᠢ ᠶᠢ ᠤᠷᠢᠵᠤ ᠲᠠᠶᠢᠯᠤᠮᠵᠢ ᠬᠢᠯᠬᠡᠪᠡ᠃ ᠴᠧᠨ ᠰᠢᠦ ᠯᠢ  ᠠᠴᠠ ᠠᠮᠤᠷ ᠲᠦᠪᠰᠢᠨ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ᠂ ᠠᠶᠤᠯ ᠭᠠᠮᠰᠢᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ᠂ ᠰᠡᠷᠬᠡᠶᠢᠯᠡᠨ ᠰᠢᠢᠳᠪᠤᠷᠢᠯᠡᠬᠦ ᠪᠠ ᠪᠠᠴᠢᠮ ᠪᠠᠶᠢᠳᠠᠯ ᠠᠷᠭᠠᠴᠠᠭᠠᠬᠤ ᠬᠠᠷᠢᠴᠠᠭ᠎ᠠ ᠶᠢᠨ ᠲᠠᠯ᠎ᠠ ᠪᠠᠷ ᠨᠠᠷᠢᠯᠢᠭ ᠲᠠᠶᠢᠯᠪᠤᠷᠢ ᠬᠢᠪᠠ᠃ ᠨᠡᠶᠢᠳᠡᠯᠢᠭ ᠬᠡᠷᠡᠭ ᠤᠨ ᠵᠢᠱᠢᠶ᠎ᠠ ᠲᠠᠢ ᠤᠶᠠᠯᠳᠤᠭᠤᠯᠵᠤ ᠵᠠᠳᠠᠯᠤᠯᠳᠠ ᠬᠢᠵᠤ᠂ ᠰᠠᠷᠡᠮᠵᠢᠯᠡᠬᠦᠯᠦᠨ ᠰᠤᠷᠭᠠᠬᠤ ᠤᠯᠠᠨ ᠤᠬᠤᠷ ᠹᠢᠯᠢᠮ ᠢ ᠨᠡᠪᠳᠡᠷᠡᠬᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号