ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠨᠠᠷᠠᠲᠤ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ︾ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2019/6/24
6 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ  ᠶᠢᠨ ︽ᠨᠠᠷᠠᠲᠤ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ︾ ᠫᠠᠶᠢᠰᠠ ᠰᠡᠬᠦᠬᠦ ᠶᠣᠰᠣᠯᠠᠯ ᠵᠢᠴᠢ ︽ᠬᠡᠦᠬᠡᠳ ᠢ ᠬᠡᠷᠬᠢᠨ ᠬᠠᠯᠠᠮᠵᠢᠯᠠᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠨᠱᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠲᠤ ᠶᠠᠪᠤᠭᠳᠠᠪᠠ᠃ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠨᠠᠷᠠᠲᠤ ᠴᠡᠴᠡᠷᠯᠢᠭ ᠤᠨ ᠳᠠᠷᠤᠭ᠎ᠠ  ᠶᠢᠨ ᠠᠵᠢᠯᠯᠠᠬᠤ ᠲᠠᠰᠤᠭ ᠤᠨ ᠪᠥᠬᠦ ᠭᠡᠰᠢᠭᠦᠨ᠂ ᠪᠥᠬᠦ ᠬᠤᠰᠢᠭᠤᠨ ᠤ ᠡᠯ᠎ᠡ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠵᠢᠴᠢ ᠵᠢᠨᠱᠠᠨ ᠬᠤᠶᠠᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠣᠷᠣᠯᠴᠠᠵᠠᠶ᠃ ᠬᠤᠷᠠᠯ ᠳᠡᠭᠡᠷ᠎ᠡ ︽ᠬᠠᠷᠠᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠷᠠᠲᠤ ᠬᠦᠷᠢᠶᠡᠯᠡᠩ ᠤᠨ ᠳᠠᠷᠤᠭ᠎ᠠ ᠶᠢᠨ ᠠᠵᠢᠯ ᠤᠨ ᠲᠠᠰᠤᠭ ᠤᠨ ᠬᠡᠷᠡᠭᠵᠢᠭᠦᠯᠬᠦ ᠲᠥᠰᠦᠯ︾ ᠢ ᠤᠩᠰᠢᠨ ᠨᠡᠶᠢᠲᠡᠯᠡᠪᠡ︔ ᠨᠠᠷᠠᠲᠤ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠤᠨ ᠡᠷᠬᠢᠯᠡᠭᠴᠢ — ᠤᠯᠠᠭᠠᠨᠬᠠᠳᠠ ᠬᠤᠲᠠ ᠶᠢᠨ ᠨᠠᠷᠠᠲᠤ ᠴᠡᠴᠡᠷᠯᠢᠭ ᠤᠨ ᠳᠠᠷᠤᠭ᠎ᠠ ᠶᠢᠨ ᠶᠠᠨ ᠶᠢᠩ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ︔ ᠬᠤᠰᠢᠭᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠶᠠᠩ ᠱᠢ ᠬᠤ᠋ ᠪᠣᠯᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠵᠠᠩ ᠶᠢᠨ ᠬᠤᠸᠠᠢ ᠬᠤᠶᠠᠷ ᠬᠠᠮᠲᠤ ᠳᠤ ᠪᠠᠨ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠤᠨ  ᠫᠠᠶᠢᠰᠠ ᠶᠢ ᠰᠡᠬᠦᠪᠡ᠃
ᠶᠢᠨ ᠶᠠᠨ ᠶᠢᠩ ︽ᠬᠡᠦᠬᠡᠳ ᠢ ᠬᠡᠷᠬᠢᠨ ᠬᠠᠯᠠᠮᠵᠢᠯᠠᠬᠤ︾ ᠲᠤᠬᠠᠢ ᠬᠤᠷᠠᠯ ᠳᠤ ᠰᠠᠭᠤᠵᠤ ᠪᠠᠶᠢᠭ᠎ᠠ ᠴᠡᠴᠡᠷᠯᠢᠭ ᠤᠨ ᠳᠠᠷᠤᠭ᠎ᠠ ᠪᠣᠯᠤᠨ ᠪᠠᠭᠰᠢ ᠨᠠᠷ ᠲᠤ ᠨᠢᠭᠡᠨ ᠭᠤᠶᠢᠳᠠ ᠰᠠᠶᠢᠬᠠᠨ ᠴᠡᠴᠡᠷᠯᠢᠭ ᠲᠤ ᠵᠢᠭᠠᠨ ᠰᠤᠳᠤᠯᠬᠤ ᠵᠢᠱᠢᠶ᠎ᠡ ᠦᠵᠡᠭᠦᠯᠪᠡ᠃ ᠶᠢᠨ ᠶᠠᠨ ᠶᠢᠩ ᠳᠦᠷᠰᠦᠯᠢᠭ ᠦᠭᠡ ᠬᠡᠯᠡ ᠪᠠᠷ ︽ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠤ᠂ ᠬᠡᠦᠬᠡᠳ ᠤᠨ ᠳᠣᠲᠣᠭᠠᠳᠤ ᠰᠡᠳᠬᠢᠯ ᠤᠨ ᠶᠢᠷᠲᠢᠨᠴᠦ ᠳᠤ ᠣᠷᠣᠶ᠎ᠠ︾ ᠭᠡᠬᠦ ᠨᠢ ᠪᠠᠭᠰᠢ ᠶᠢᠨ ᠲᠤᠰᠬᠠᠢ ᠮᠡᠷᠭᠡᠵᠢᠯ ᠤᠨ ᠪᠣᠶᠢᠵᠢᠯᠲᠠ ᠪᠠ ᠬᠢᠴᠢᠶᠡᠯ ᠤᠨ ᠪᠠᠶᠢᠭᠤᠯᠤᠯᠲᠠ ᠳᠤᠮᠳᠠᠬᠢ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠡᠢ᠃ ᠲᠡᠷᠡᠴᠢᠯᠡᠨ ︽ᠬᠡᠷᠡᠭ ᠤᠨ ᠵᠢᠱᠢᠶ᠎ᠡ ᠶᠢᠨ ᠢᠷᠡᠯᠲᠡ᠂ ᠪᠠᠯᠴᠢᠷ ᠬᠡᠦᠬᠡᠳ ᠤᠨ ᠦᠨᠳᠦᠰᠦᠨ ᠪᠠᠶᠢᠳᠠᠯ ᠢ ᠲᠠᠨᠢᠯᠴᠠᠭᠤᠯᠬᠤ᠂ ᠠᠰᠠᠭᠤᠳᠠᠯ ᠢ ᠮᠥᠷᠳᠡᠬᠦ ᠪᠠ ᠡᠷᠭᠢᠴᠡᠭᠦᠯᠦᠨ ᠪᠣᠳᠣᠯᠬᠢᠯᠠᠬᠤ᠂ ᠰᠤᠷᠭᠠᠨ ᠬᠥᠮᠦᠵᠢᠯ ᠤᠨ ᠪᠣᠶᠢᠵᠢᠯᠲᠠ ᠶᠢᠨ ᠲᠥᠰᠦᠯ ᠢ ᠰᠤᠳᠤᠯᠤᠨ ᠲᠣᠭᠲᠠᠭᠠᠬᠤ︾ ᠵᠡᠷᠭᠡ ᠬᠡᠳᠦᠨ ᠭᠤᠭᠴᠤᠭ᠎ᠠ ᠪᠠᠷ ᠳᠠᠮᠵᠢᠭᠤᠯᠤᠨ᠂ ᠣᠯᠠᠨ ᠢᠶᠠᠷ ᠢᠶᠠᠨ ᠪᠠᠯᠴᠢᠷ ᠬᠡᠦᠬᠡᠳ ᠢ ᠬᠦᠨᠳᠦᠳᠬᠡᠬᠦ᠂ ᠪᠠᠯᠴᠢᠷ ᠬᠡᠦᠬᠡᠳ ᠢ ᠣᠶᠢᠯᠠᠭᠠᠬᠤ᠂ ᠬᠡᠦᠬᠡᠳ ᠤᠨ ᠣᠨᠴᠠᠭᠠᠢ ᠵᠥᠷᠢᠶ᠎ᠡ ᠶᠢ ᠰᠣᠨᠣᠰᠴᠤ ᠰᠤᠷᠬᠤ ᠨᠢ ᠪᠠᠯᠴᠢᠷ ᠬᠡᠦᠬᠡᠳ ᠤᠨ ᠦᠰᠦᠨ ᠪᠣᠶᠢᠵᠢᠯᠲᠠ ᠳᠤ ᠦᠵᠡᠭᠦᠯᠬᠦ ᠴᠢᠬᠤᠯᠠ ᠴᠢᠨᠠᠷ ᠢ ᠣᠯᠵᠤ ᠬᠠᠷᠠᠵᠤ᠂ ᠬᠤᠶᠢᠰᠢᠳᠠ ᠪᠠᠭᠰᠢ ᠨᠠᠷ ᠤᠨ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠬᠦ ᠶᠠᠪᠤᠴᠠ ᠳᠤ ᠦᠯᠢᠭᠡᠷ ᠳᠠᠭᠤᠷᠢᠶᠠᠯ ᠪᠣᠯᠬᠤ ᠪᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠬᠦ ᠶᠢᠨ ᠬᠠᠮᠲᠤ ᠪᠠᠰᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠭᠠᠨ ᠰᠤᠳᠤᠯᠬᠤ ᠠᠵᠢᠯᠯᠠᠭ᠎ᠠ ᠶᠢᠨ ᠰᠢᠨ᠎ᠡ ᠠᠶᠠᠨ ᠵᠠᠮ ᠢ ᠨᠡᠭᠡᠭᠡᠭᠰᠡᠨ ᠪᠠᠶᠢᠨ᠎ᠠ᠃ ᠠᠩᠭᠢ ᠶᠢᠨ ᠪᠠᠭᠰᠢ ᠠᠴᠠ ᠰᠢᠤᠸᠠᠨ ᠰᠢᠤᠸᠠᠨ ᠤ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠰᠢᠤᠸᠠᠨ ᠰᠢᠤᠸᠠᠨ ᠤ ᠠᠰᠠᠭᠤᠳᠠᠯ ᠢ ᠮᠥᠷᠳᠡᠬᠦ ᠪᠠ ᠡᠷᠭᠢᠴᠡᠭᠦᠯᠦᠨ ᠪᠣᠳᠣᠯᠬᠢᠯᠠᠬᠤ ᠠᠵᠢᠯᠯᠠᠭ᠎ᠠ ᠶᠢᠨ ᠳᠦᠷᠰᠦ ᠰᠢᠩᠭᠡᠭᠡᠯᠲᠡ ᠶᠢ ᠰᠣᠨᠢᠷᠬᠠᠪᠠ᠃ ᠨᠠᠷᠠᠲᠤ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠤᠨ ᠭᠡᠰᠢᠭᠦᠨ ᠨᠡᠷ ︽ᠬᠦᠴᠦ ᠪᠠᠨ ᠬᠠᠮᠲᠤᠳᠬᠠᠬᠤ᠂ ᠬᠠᠮᠲᠤ ᠪᠠᠷ ᠠᠰᠢᠭ ᠬᠦᠷᠲᠡᠬᠦ᠂ ᠪᠠᠶᠠᠷ ᠪᠠᠶᠠᠰᠤᠯ ᠲᠠᠢ ᠡᠳ᠋ᠯᠡᠬᠦ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠶᠣᠰᠣᠭᠠᠷ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠷᠠᠲᠤ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠤᠨ ᠬᠡᠷᠡᠭᠵᠢᠭᠦᠯᠬᠦ ᠲᠥᠰᠦᠯ ᠲᠠᠢ ᠤᠶᠠᠯᠳᠤᠭᠤᠯᠤᠨ᠂ ᠨᠠᠷᠠᠲᠤ ᠴᠡᠴᠡᠷᠯᠢᠭ ᠤᠨ ᠳᠠᠷᠤᠭ᠎ᠠ ᠶᠢᠨ ᠭᠤᠷᠪᠠᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠠᠮᠲᠤᠪᠠᠷ ᠵᠥᠪᠳᠡᠯᠴᠡᠭᠰᠡᠨ ᠪᠥᠭᠡᠳ ᠳᠠᠷᠠᠭ᠎ᠠ ᠬᠤᠭᠤᠴᠠᠭᠠᠨ ᠤ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠪᠠ᠃ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ᠂ ᠤᠯᠠᠭᠠᠨᠬᠠᠳᠠ ᠬᠤᠲᠠ ᠶᠢᠨ ᠨᠠᠷᠠᠲᠤ ᠴᠡᠴᠡᠷᠯᠢᠭ ᠤᠨ ᠳᠠᠷᠤᠭ᠎ᠠ ᠶᠢᠨ ᠶᠠᠨ ᠶᠢᠩ ᠤᠨ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠪᠠ ᠪᠥᠬᠦ ᠭᠡᠰᠢᠭᠦᠳ ᠤᠨ ᠬᠠᠮᠲᠤ ᠶᠢᠨ ᠴᠢᠷᠮᠠᠶᠢᠯᠭ᠎ᠠ ᠪᠠᠷ᠂ ︽ᠨᠠᠷᠠᠲᠤ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ︾  ᠨᠢ ᠯᠠᠪᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠤᠭ ᠰᠠᠨᠠᠭ᠎ᠠ ᠪᠠᠨ ᠥᠯᠥ ᠮᠠᠷᠲᠠᠨ᠂ ᠬᠦᠴᠦ ᠪᠠᠨ ᠬᠠᠮᠲᠤᠳᠬᠠᠨ ᠰᠤᠳᠤᠯᠵᠤ᠂ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠯᠠᠪᠲᠠᠶ ᠪᠠᠶᠠᠷ  ᠪᠠᠶᠠᠰᠬᠤᠯᠠᠩ ᠲᠠᠢ ᠪᠣᠯᠬᠤ ᠶᠤᠮ ᠭᠡᠳᠡᠭ ᠢ ᠪᠢᠳᠡ ᠢᠲᠡᠭᠡᠵᠦ ᠪᠠᠶᠢᠨ᠎ᠠ︕  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号