ᠪᠠᠺᠲ᠋ᠧᠷᠢ ᠥᠬᠡᠶ ᠪᠠ ᠰᠠᠭᠤᠯᠭᠠᠬᠤ ᠡᠮᠴᠢᠯᠡᠭᠡᠨ ᠤ ᠪᠠᠭᠠᠵᠢ ᠬᠡᠷᠡᠭᠰᠡᠯ ᠢ ᠪᠠᠶᠢᠴᠠᠭᠠᠬᠤ ᠠᠵᠢᠯ ᠢ ᠡᠬᠢᠯᠡᠭᠦᠯᠵᠦ᠂ ᠠᠶᠤᠯ ᠲᠦᠭᠰᠢᠭᠦᠷᠢ ᠶᠡᠬᠡᠲᠡᠶ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2019/6/4
ᠪᠠᠺᠲ᠋ᠧᠷᠢ ᠥᠬᠡᠶ ᠪᠠ ᠰᠠᠭᠤᠯᠭᠠᠬᠤ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠠᠵᠤ ᠠᠬᠤᠢᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠢᠳᠠᠪᠤᠷᠢᠵᠢᠭᠤᠯᠬᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠪᠦᠲᠦᠮᠵᠢᠲᠡᠶ ᠪᠠ ᠣᠯᠠᠨ ᠨᠡᠶᠢᠲᠡ  ᠶᠢᠨ ᠬᠡᠷᠡᠭᠯᠡᠬᠦ ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠡᠳᠦᠷ ᠠᠴᠠ 8 ᠳ᠋ᠤᠭᠠᠷ ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠪᠠᠺᠲ᠋ᠧᠷᠢ ᠥᠬᠡᠶ ᠪᠠ ᠰᠠᠭᠤᠯᠭᠠᠬᠤ ᠡᠮᠴᠢᠯᠡᠭᠡᠨ ᠤ ᠪᠠᠭᠠᠵᠢ ᠬᠡᠷᠡᠭᠰᠡᠯ ᠤᠨ ᠲᠤᠰᠬᠠᠶ ᠵᠦᠶᠯ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ᠃ ᠲᠤᠰ ᠤᠳᠠᠭᠠᠨ ᠤ ᠬᠢᠨᠠᠯᠲᠠ ᠪᠠᠶᠢᠴᠠᠭᠠᠯᠲᠠ ᠨᠢ ᠭᠤᠤᠯᠳᠠᠭᠤ ᠪᠠᠺᠲ᠋ᠧᠷᠢ ᠥᠬᠡᠶ ᠪᠠ ᠰᠠᠭᠤᠯᠭᠠᠬᠤ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠠᠵᠤ ᠠᠬᠤᠢᠢᠯᠠᠯ ᠪᠠ ᠡᠮᠴᠢᠯᠡᠭᠡᠨ ᠤ ᠪᠠᠶᠢᠭᠤᠯᠤᠮᠵᠢ ᠳᠤ ᠴᠢᠭᠯᠡᠭᠦᠯᠦᠨ᠂ ᠪᠠᠶᠢᠴᠠᠭᠠᠬᠤ ᠠᠷᠭ᠎ᠠ ᠮᠠᠶ᠋ᠢᠭ ᠢ ᠠᠵᠤ ᠠᠬᠤᠢᠢᠯᠠᠯ ᠥᠪᠡᠷ ᠢᠶᠠᠨ ᠪᠠᠶᠢᠴᠠᠭᠠᠬᠤ᠂ ᠥᠪᠡᠰᠦᠪᠡᠨ ᠪᠠᠶᠢᠴᠠᠭᠠᠵᠤ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ ᠭᠡᠵᠦ ᠭᠤᠷᠪᠠᠨ ᠵᠦᠶᠯ ᠬᠤᠪᠢᠶᠠᠨ᠎ᠠ᠃  ᠡᠷᠭᠢᠯᠳᠠ ᠶᠢᠨ ᠭᠤᠭᠴᠤᠭ᠎ᠠ ᠳᠤ᠂ ᠵᠥᠪᠰᠢᠶᠡᠷᠡᠯ ︵ᠰᠦᠯᠵᠢᠶ᠎ᠡ ᠪᠠᠷ ᠪᠣᠷᠣᠯᠠᠭᠤᠯᠬᠤ︶ ᠦᠭᠡᠢ ᠪᠠᠷ ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠭᠰᠡᠨ ᠡᠰᠡᠬᠦ ︵ᠰᠦᠯᠵᠢᠶ᠎ᠡ ᠪᠠᠷ ᠪᠣᠷᠣᠯᠠᠭᠤᠯᠬᠤ︶᠂ ᠳᠠᠩᠰᠠᠯᠠᠭᠤᠯᠤᠭᠰᠠᠨ ᠦᠨᠡᠮᠯᠡᠯ ᠪᠤᠶᠤ ᠳᠠᠩᠰᠠᠯᠠᠭᠤᠯᠤᠭᠰᠠᠨ ᠭᠡᠷᠡᠴᠢ ᠪᠠᠷᠢᠮᠲᠠ ᠣᠯᠤᠭᠰᠠᠨ ᠥᠬᠡᠶ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ 7 ᠲᠠᠯ᠎ᠠ ᠶᠢ ᠭᠤᠤᠯᠳᠠᠯᠭ᠎ᠠ ᠲᠠᠢ ᠪᠠᠶᠢᠴᠠᠭᠠᠨ᠎ᠠ᠃ ᠬᠡᠷᠡᠭᠯᠡᠬᠦ ᠭᠤᠭᠴᠤᠭ᠎ᠠ ᠳᠤ᠂ ᠬᠠᠤᠯᠢ ᠶᠣᠰᠣᠭᠠᠷ ᠳᠠᠩᠰᠠᠯᠠᠭᠤᠯᠤᠭᠰᠠᠨ ᠥᠬᠡᠶ ᠪᠤᠶᠤ ᠳᠠᠩᠰᠠᠯᠠᠭᠤᠯᠤᠭᠰᠠᠨ ᠥᠬᠡᠶ᠂ ᠬᠢᠷᠢ ᠲᠡᠩᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠥᠬᠡᠶ ᠵᠢᠴᠢ ᠬᠤᠭᠤᠴᠠᠭ᠎ᠠ ᠬᠡᠲᠦᠷᠡᠭᠰᠡᠨ᠂ ᠬᠦᠴᠦᠨ ᠥᠬᠡᠶ ᠪᠣᠯᠤᠭᠰᠠᠨ᠂ ᠰᠢᠭᠰᠢᠭᠳᠡᠭᠰᠡᠨ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ ᠣᠷᠣᠭᠤᠯᠤᠭᠰᠠᠨ ᠡᠰᠡᠬᠦ᠂ ᠬᠡᠷᠡᠭᠯᠡᠭᠰᠡᠨ ᠡᠰᠡᠬᠦ ᠵᠡᠷᠭᠡ 7 ᠵᠦᠶᠯ ᠤᠨ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠨ᠎ᠠ᠃ ᠲᠤᠰᠬᠠᠶ ᠪᠠᠶᠢᠴᠠᠭᠠᠯᠲᠠ ᠪᠠᠷ ᠳᠠᠮᠵᠢᠭᠤᠯᠤᠨ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠪᠠ ᠬᠡᠷᠡᠭᠯᠡᠬᠦ ᠨᠢᠭᠡᠴᠡ  ᠶᠢᠨ ᠪᠠᠺᠲ᠋ᠧᠷᠢ ᠥᠬᠡᠶ ᠪᠠ ᠰᠠᠭᠤᠯᠭᠠᠬᠤ ᠡᠮᠴᠢᠯᠡᠭᠡᠨ ᠤ ᠪᠠᠭᠠᠵᠢ ᠬᠡᠷᠡᠭᠰᠡᠯ ᠤᠨ ᠦᠶᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠠᠤᠯᠢ ᠲᠣᠭᠲᠠᠭᠠᠯ ᠢ ᠵᠥᠷᠢᠴᠡᠨ ᠡᠵᠡᠩᠨᠡᠵᠦ ᠬᠡᠷᠡᠭᠯᠡᠬᠦ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号