ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠦᠶᠯᠡᠴᠢᠯᠡᠭᠡᠨ ᠤ ᠠᠮᠤᠷ ᠲᠦᠪᠰᠢᠨ ᠤ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2019/6/4
ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠢᠳᠡᠭᠡᠨ ᠤ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠯᠠᠨ ᠲᠦᠮᠡᠨᠴᠢ ᠴᠢᠨᠠᠷᠲᠠᠢ ᠢᠳᠡᠭᠡᠨ ᠤ ᠠᠶᠦᠯᠭᠦᠢ ᠶᠢᠨ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠶᠢᠨ ᠲᠤᠰᠠᠳᠠ᠂ 5 ᠰᠠᠷ᠎ᠠ ᠶᠢᠨ 27 ᠤ ᠡᠳᠦᠷ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠭᠠᠨᠬᠠᠳᠠ ᠶᠢᠨ ᠬᠤᠩ ᠺᠦᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠬᠢᠵᠠᠭᠠᠷᠲᠤ ᠺᠣᠮᠫᠠᠨᠢ ᠶᠢᠨ ᠳᠣᠣᠷᠠᠬᠢ ᠳᠥᠷᠪᠡᠨ ᠬᠠᠷᠢᠶ᠎ᠠ ᠢᠳᠡᠭᠡᠨ ᠤᠮᠳᠠᠭᠠᠨ ᠤ ᠠᠵᠤ ᠠᠬᠤᠢᠢᠯᠠᠯ ᠤᠨ ᠠᠵᠢᠯᠲᠠᠳ  ᠲᠤ ᠪᠣᠯᠪᠠᠰᠤᠷᠠᠭᠤᠯᠤᠯ ᠬᠢᠪᠡ᠃ ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠨ ᠬᠠᠮᠢᠶᠠᠷᠬᠤ ᠠᠵᠢᠯᠲᠠᠨ ᠰᠢᠨ᠎ᠡ ᠬᠡᠪᠯᠡᠯ ᠤᠨ ︽ᠢᠳᠡᠭᠡᠨ ᠤᠮᠳᠠᠭᠠᠨ ᠤ ᠦᠶᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠳᠤ ᠲᠠᠶᠢᠯᠤᠮᠵᠢ ᠬᠢᠪᠡ᠃ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠡᠳ᠋ᠰᠢᠭᠦᠯᠦᠨ ᠦᠢᠯᠡᠳᠬᠦ᠂ ᠢᠳᠡᠭᠡᠨ ᠤ ᠦᠯᠢᠭᠡᠷ ᠶᠠᠩᠵᠤ ᠦᠯᠡᠳᠡᠭᠡᠬᠦ᠂ ᠬᠤᠭᠤᠯᠠ ᠬᠠᠩᠭᠠᠬᠤ᠂ ᠬᠤᠭᠤᠯᠠᠨ ᠬᠡᠷᠡᠭᠰᠡᠯ ᠢ ᠤᠬᠢᠶᠠᠨ ᠠᠷᠢᠭᠤᠳᠬᠠᠬᠤ᠂ ᠬᠤᠯᠤᠭᠠᠨ᠎ᠠ ᠢᠯᠠᠭ᠎ᠠ ᠶᠢ ᠰᠡᠷᠭᠡᠶᠢᠯᠡᠬᠦ᠂ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠵᠢᠯ ᠡᠷᠬᠢᠯᠡᠭᠰᠡᠳ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃ ᠲᠤᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠨ᠂ ᠪᠣᠯᠪᠠᠰᠤᠷᠠᠯ ᠳᠤ ᠣᠷᠣᠯᠴᠠᠭᠰᠠᠳ ᠢᠳᠡᠭᠡᠨ ᠤᠮᠳᠠᠭᠠᠨ ᠤ ᠦᠶᠯᠡᠴᠢᠯᠡᠭᠡᠨ ᠤ ᠢᠳᠡᠭᠡᠨ ᠤ ᠵᠦᠶᠯ ᠤᠨ ᠠᠮᠤᠷ ᠲᠦᠪᠰᠢᠨ ᠤ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠨᠢᠵᠤ᠂ ᠬᠡᠷᠬᠢᠨ ᠵᠢᠷᠤᠮᠵᠢᠭᠤᠯᠤᠨ ᠠᠵᠢᠯᠯᠠᠭᠤᠯᠬᠤ ᠪᠠᠷ ᠳᠠᠮᠵᠢᠭᠤᠯᠤᠨ ᠢᠳᠡᠭᠡᠨ ᠤ ᠵᠦᠶᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠵᠦᠶᠯ ᠤᠨ ᠠᠮᠤᠷ ᠲᠦᠪᠰᠢᠨ ᠤ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠤᠷᠤᠯᠴᠠᠵᠤ᠂ ᠠᠵᠢᠯ ᠤᠨ ᠪᠠᠶᠢᠷᠢ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠭᠰᠠᠨ ᠪᠠᠶᠢᠨ᠎ᠠ᠃ ︽ᠭᠡᠭᠡᠨ ᠲᠣᠭᠤᠭᠠᠴᠢ ᠭᠡᠭᠡᠨ ᠵᠤᠤᠬ᠎ᠠ︾ ᠶᠢ ᠤᠯᠠᠮ ᠨᠢᠭᠡ ᠠᠯᠬᠤᠮ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ ᠪᠦᠲᠦᠮᠵᠢᠲᠡᠢ ᠠᠷᠢᠯᠭᠠᠵᠤ᠂ ︽4 D︾ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠬᠦ ᠰᠠᠶᠢᠨ ᠰᠠᠭᠤᠷᠢ ᠲᠠᠯᠪᠢᠵᠤ ᠦᠭᠭᠦᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号