ᠬᠠᠷᠠᠴᠢᠨ ᠬᠤᠰᠢᠭᠤᠨ ᠤ  ᠠᠮᠤᠷ ᠲᠦᠪᠰᠢᠨ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠠᠴᠠ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢᠶᠠᠨ ᠨᠠᠶᠢᠷᠠᠭᠤᠯᠵᠤ ᠵᠠᠰᠠᠪᠤᠷᠢ ᠤᠷᠤᠭᠤᠯᠬᠤ ᠠᠵᠢᠯ ᠢᠶᠠᠨ ᠦᠷᠨᠢᠬᠦᠯᠬᠦ ᠮᠡᠳᠡᠭᠳᠡᠯ ᠢ ᠲᠠᠷᠤᠮᠯᠠᠨ ᠲᠠᠷᠬᠠᠭᠠᠪᠠ
ᠨᠡᠶᠢᠲᠡᠯᠡᠭᠰᠡᠨ ᠴᠠᠭ᠄
2019/7/12
ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠤᠨ ᠰᠢᠰᠲ᠋ᠧᠮ ᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠪᠠᠶᠢᠭᠠᠯᠢ ᠶᠢᠨ ᠭᠠᠮᠰᠢᠭ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠡᠷᠡᠭ ᠠᠳᠡᠯ ᠵᠢᠴᠢ ᠲᠡᠬᠦᠨ ᠤ ᠬᠤᠤᠷ ᠬᠦᠨᠦᠭᠡᠯ ᠢ ᠠᠯᠢ ᠴᠢᠳᠠᠬᠤ ᠪᠠᠷ ᠪᠠᠭᠠᠰᠬᠠᠵᠦ᠂ ᠠᠷᠠᠳ ᠤᠯᠠᠨ ᠤ ᠠᠮᠢ ᠨᠠᠰᠤ᠂ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠦᠯᠦᠭᠡ᠂ ᠤᠶᠢᠷ᠎ᠠ ᠳᠤ᠂ ᠬᠠᠷᠠᠴᠢᠨ ᠬᠤᠰᠢᠭᠤᠨ ᠤ ᠠᠮᠤᠷ ᠲᠦᠪᠰᠢᠨ ᠦᠢᠯᠡᠳᠪᠤᠷᠢᠯᠡᠯ ᠤᠨ ᠵᠦᠪᠯᠡᠯ ᠤᠨ ᠠᠯᠪᠠᠨ ᠭᠡᠷ ᠠᠴᠠ ᠮᠡᠳᠡᠭᠳᠡᠯ ᠲᠠᠷᠬᠠᠭᠠᠵᠤ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠠᠮᠢᠶᠠᠷᠤᠯᠳᠠ ᠶᠢᠨ ᠠᠯᠪᠠᠨ ᠭᠡᠷ᠂ ᠬᠤᠰᠢᠭᠤᠨ ᠤ ᠠᠮᠤᠷ ᠲᠦᠪᠰᠢᠨ ᠦᠢᠯᠡᠳᠪᠤᠷᠢᠯᠡᠯ ᠤᠨ ᠬᠡᠰᠢᠭᠦᠨ ᠪᠠᠶᠢᠭᠤᠯᠭ᠎ᠠ ᠤᠳ ᠪᠦᠬᠦ ᠬᠤᠰᠢᠭᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠡᠭᠦᠷᠭᠡ ᠬᠠᠷᠢᠭᠤᠴᠠᠯᠭ᠎ᠠ ᠶᠢᠨ ᠬᠤᠪᠢᠷᠠᠯᠳᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠂ ᠬᠠᠮᠢᠶ᠎ᠠ ᠪᠦᠬᠦᠢ ᠪᠠᠶᠢᠭᠤᠯᠭ᠎ᠠ ᠪᠠ ᠠᠵᠢᠯᠳᠠᠨ ᠢᠶᠠᠨ ᠦᠳᠳᠡᠷ  ᠵᠤᠬᠢᠶᠠᠨ ᠪᠠᠶᠢᠭᠤᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢᠶᠠᠨ ᠨᠠᠶᠢᠷᠠᠭᠤᠯᠤᠨ᠂ ᠵᠠᠰᠠᠪᠤᠷᠢ ᠤᠷᠤᠭᠤᠯᠵᠦ  ᠂ ᠲᠡᠬᠦᠯᠳᠡᠷᠵᠢᠬᠦᠯᠬᠦ ᠬᠡᠷᠡᠭᠳᠡᠢ ᠭᠡᠵᠡᠢ᠃ ᠮᠡᠳᠡᠭᠳᠡᠯ ᠳᠤ᠄ᠨᠢᠬᠡ᠂ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠨᠠᠶᠢᠷᠠᠭᠤᠯᠬᠤ ᠠᠵᠢᠯ ᠤᠨ ᠪᠠᠭ᠎ᠠ ᠲᠤᠭᠤᠶᠢᠯᠠᠩ ᠪᠠᠶᠢᠭᠤᠯᠬᠤ ᠬᠡᠷᠡᠭᠳᠡᠢ᠃ ᠲᠤᠭᠤᠶᠢᠯᠠᠩ ᠤᠨ ᠲᠠᠷᠤᠭ᠎ᠠ ᠶᠢ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠨᠠᠶᠢᠷᠠᠭᠤᠯᠬᠤ ᠰᠠᠯᠠᠭ᠎ᠠ ᠮᠦᠴᠢᠷ ᠪᠤᠶᠤ ᠪᠠᠶᠢᠭᠤᠯᠭ᠎ᠠ ᠶᠢᠨ ᠬᠠᠷᠢᠭᠤᠴᠠᠯᠭᠠᠳᠠᠨ ᠡᠭᠦᠷᠭᠡᠯᠡᠵᠦ᠂ ᠲᠦᠰᠦᠯ ᠲᠠᠢ ᠬᠤᠯᠪᠤᠭᠳᠠᠵᠤ ᠪᠦᠬᠦᠢ ᠭᠤᠤᠯ ᠰᠠᠯᠠᠭ᠎ᠠ ᠮᠦᠴᠢᠷ ᠪᠠ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠬᠦᠮᠦᠰ᠂ ᠬᠠᠮᠢᠶ᠎ᠠ ᠪᠦᠬᠦᠢ ᠲᠤᠰᠬᠠᠢ ᠮᠡᠷᠭᠡᠵᠢᠯᠳᠡᠨ ᠵᠢᠴᠢ ᠲᠤᠬᠠᠢ ᠶᠢᠨ ᠲᠠᠯᠠᠪᠠᠢ ᠶᠢ ᠰᠢᠢᠳᠪᠤᠷᠢᠯᠡᠬᠦ ᠲᠤᠷᠰᠢᠯᠭ᠎ᠠ ᠲᠠᠢ ᠬᠦᠮᠦᠰ ᠢ ᠤᠷᠤᠯᠴᠠᠭᠤᠯᠬᠤ ᠬᠡᠷᠡᠭᠳᠡᠢ᠃ ᠠᠵᠢᠯ ᠤᠨ ᠲᠦᠯᠦᠪᠯᠡᠭᠡ ᠲᠤᠭᠳᠠᠭᠠᠵᠤ᠂ ᠲᠦᠰᠦᠯ ᠨᠠᠶᠢᠷᠠᠭᠤᠯᠬᠤ ᠠᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠦᠷᠢᠮ᠂ ᠮᠡᠷᠭᠡᠵᠢᠯ ᠤᠨ ᠲᠦᠷᠢᠮᠵᠢᠬᠦᠯᠦᠯᠳᠠ ᠶᠢ ᠴᠤᠭᠯᠠᠭᠤᠯᠬᠤ ᠬᠡᠷᠡᠭᠳᠡᠢ᠂ ᠠᠶᠤᠯ ᠲᠦᠭᠰᠢᠬᠦᠷᠢ ᠶᠢ ᠦᠨᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠡᠬᠢ ᠰᠤᠷᠪᠤᠯᠵᠢ ᠶᠢ ᠪᠠᠶᠢᠴᠠᠭᠠᠭᠰᠠᠨ ᠰᠠᠭᠤᠷᠢᠨ ᠲᠡᠭᠡᠷ᠎ᠡ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠨᠠᠶᠢᠷᠠᠭᠤᠯᠬᠤ ᠪᠤᠶᠤ ᠵᠠᠰᠠᠪᠤᠷᠢ ᠤᠷᠤᠭᠤᠯᠬᠤ ᠬᠡᠷᠡᠭᠳᠡᠢ᠃ᠬᠤᠶᠠᠷ᠂ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠤᠨ ᠰᠢᠰᠲ᠋ᠧᠮ ᠢ ᠤᠯᠠᠮ ᠨᠢᠬᠡ ᠠᠯᠬᠤᠮ ᠲᠡᠬᠦᠯᠳᠡᠷᠵᠢᠬᠦᠯᠬᠦ ᠬᠡᠷᠡᠭᠳᠡᠢ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠪᠠ ᠡᠯ᠎ᠡ ᠬᠡᠰᠢᠬᠦᠨ ᠪᠠᠶᠢᠭᠤᠯᠭ᠎ᠠ ᠪᠦᠬᠦ ᠬᠤᠰᠢᠭᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠡᠭᠦᠷᠭᠡ ᠬᠠᠷᠢᠭᠤᠴᠠᠯᠭ᠎ᠠ ᠶᠢᠨ ᠬᠤᠪᠢᠷᠠᠯᠳᠠ ᠶᠢ ᠦᠨᠳᠦᠰᠦᠯᠡᠵᠤ᠂ ᠲᠤᠰ ᠭᠠᠵᠠᠷ ᠤᠷᠤᠨ᠂ ᠲᠤᠰ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠪᠠᠶᠢᠭᠠᠯᠢ ᠶᠢᠨ ᠭᠠᠢ ᠭᠠᠮᠰᠢᠭ ᠪᠠ ᠦᠢᠯᠡᠳᠪᠦᠷᠢᠯᠡᠯ ᠤᠨ ᠠᠮᠤᠷ ᠲᠦᠪᠰᠢᠨ ᠤ ᠬᠡᠷᠡᠭ ᠠᠳᠡᠯ ᠤᠨ ᠤᠨᠴᠠᠯᠢᠭ ᠢ ᠰᠤᠳᠤᠯᠵᠤ᠂ ᠲᠤᠰ ᠪᠠᠶᠢᠭᠤᠯᠭ᠎ᠠ ᠪᠠ ᠬᠠᠷᠢᠶ᠎ᠠ ᠪᠠᠶᠢᠭᠤᠯᠭ᠎ᠠ ᠪᠠᠨ ᠲᠠᠷᠦᠢ ᠲᠦᠷᠭᠡᠨ ᠵᠤᠬᠢᠶᠠᠨ ᠪᠠᠶᠢᠭᠤᠯᠵᠤ ᠪᠠᠶᠢᠭᠠᠯᠢ ᠶᠢᠨ ᠭᠠᠢ ᠭᠠᠮᠰᠢᠭ ᠤᠨ ᠵᠦᠢᠯ ᠪᠠ ᠠᠮᠤᠷ ᠲᠦᠪᠰᠢᠨ ᠦᠢᠯᠡᠳᠪᠤᠷᠢᠯᠡᠯ ᠤᠨ ᠬᠡᠷᠡᠭ ᠠᠳᠡᠯ ᠤᠨ ᠵᠦᠢᠯ ᠤᠨ ᠲᠤᠰᠬᠠᠢ ᠲᠦᠷᠦᠯ ᠤᠨ ᠲᠦᠰᠦᠯ ᠪᠠ ᠰᠠᠯᠠᠭ᠎ᠠ ᠮᠦᠴᠢᠷ ᠤᠨ ᠲᠦᠰᠦᠯ ᠢ ᠨᠡᠶᠢᠷᠠᠭᠤᠯᠬᠤ  ᠪᠠ ᠵᠠᠰᠠᠪᠤᠷᠢ ᠤᠷᠤᠭᠤᠯᠵᠤ ᠬᠡᠷᠡᠭᠳᠡᠢ᠃《ᠬᠦᠨᠳᠡᠯᠡᠨ ᠲᠡᠰᠢ ᠬᠦᠪᠡᠭᠡ ᠵᠠᠬ᠎ᠠ᠂ ᠭᠤᠯᠳᠤ ᠪᠠᠷ ᠢᠷᠤᠭᠠᠷ ᠢ ᠬᠠᠮᠤᠷᠬᠤ》ᠬᠡᠯᠪᠡᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠪᠦᠷᠢᠯᠳᠦᠬᠦᠯᠬᠦ ᠬᠡᠷᠡᠭᠳᠡᠢ᠃ᠭᠤᠷᠪᠠ᠂ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠤᠨ ᠴᠢᠨᠡᠷ ᠴᠢᠨᠰᠠᠭ᠎ᠠ ᠶᠢ ᠠᠯᠬᠤᠮ ᠲᠡᠭᠡᠭᠰᠢᠯᠡᠬᠦᠯᠬᠦ ᠬᠡᠷᠡᠭᠳᠡᠢ ᠃ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠨᠢ ᠪᠠᠶᠢᠭᠠᠯᠢ ᠶᠢᠨ ᠭᠠᠢ ᠭᠠᠮᠰᠢᠭ ᠪᠠ ᠦᠢᠯᠡᠳᠪᠦᠷᠢᠯᠡᠯ ᠤᠨ ᠠᠮᠤᠷ ᠲᠦᠪᠰᠢᠨ ᠬᠡᠷᠡᠭ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠪᠠᠷ ᠭᠤᠤᠯ ᠪᠤᠯᠭᠠᠨ᠂ ᠵᠤᠬᠢᠶᠠᠨ ᠪᠠᠶᠢᠭᠤᠯᠬᠤ ᠤᠳᠤᠷᠢᠳᠤᠯᠭ᠎ᠠ ᠶᠢᠨ ᠲᠤᠭᠳᠠᠯᠴᠠᠭ᠎ᠠ᠂ ᠠᠶᠤᠯ ᠲᠦᠭᠰᠢᠬᠦᠷᠢ ᠶᠢ ᠦᠨᠡᠯᠡᠨ ᠵᠢᠱᠢᠬᠦ᠂ ᠬᠢᠨᠡᠨ ᠡᠵᠡᠮᠳᠡᠵᠦ ᠤᠷᠢᠳᠴᠢᠯᠡᠨ ᠰᠡᠷᠡᠮᠵᠢᠯᠡᠬᠦ᠂ ᠰᠤᠷᠠᠭ ᠵᠠᠩᠬᠢ ᠶᠢᠨ ᠮᠡᠳᠡᠭᠦᠯᠦᠯᠳᠡ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠠᠷᠭ᠎ᠠ ᠬᠡᠮᠵᠢᠶ᠎ᠡ᠂ ᠡᠩᠨᠡᠭᠡ ᠡᠳ᠋ ᠪᠤᠳᠠᠰ ᠤᠨ ᠪᠠᠳᠤᠯᠠᠭ᠎ᠠ ᠵᠢᠴᠢ ᠲᠤᠬᠢᠷᠠᠭᠤᠯᠬᠤ ᠶᠠᠪᠤᠴᠠ ᠵᠡᠷᠭᠡ ᠶᠢ ᠲᠤᠳᠤᠷᠬᠠᠢ ᠪᠤᠯᠭᠠᠬᠤ ᠬᠡᠷᠡᠭᠳᠡᠢ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠠᠷᠭᠠᠴᠠᠭᠠᠬᠤ ᠠᠵᠢᠯᠯᠠᠭ᠎ᠠ ᠶᠢ ᠭᠤᠤᠯᠳᠠᠯᠭ᠎ᠠ ᠲᠠᠢ ᠲᠦᠷᠢᠮᠵᠢᠬᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠭᠤᠤᠯ ᠴᠤᠭᠴᠠ ᠶᠢᠨ ᠡᠭᠦᠷᠭᠡ ᠬᠠᠷᠢᠭᠤᠴᠠᠯᠭ᠎ᠠ  ᠶᠢ ᠢᠯᠡᠷᠡᠬᠦᠯᠦᠭᠰᠡᠨ ᠪᠠᠶᠢᠬᠤ ᠬᠡᠷᠡᠭᠳᠡᠢ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠲᠦᠰᠦᠯ ᠢ ᠨᠠᠶᠢᠷᠠᠭᠤᠯᠬᠤ ᠪᠠ ᠵᠠᠰᠠᠪᠤᠷᠢ ᠤᠷᠤᠭᠤᠯᠬᠤ ᠳᠤ ᠪᠠᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ᠂ ᠪᠡᠷᠢᠮᠵᠢᠶᠠᠨ ᠳᠤ ᠨᠡᠶᠢᠴᠡᠬᠦᠯᠬᠦ ᠬᠡᠷᠡᠭᠳᠡᠢ᠂ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠲᠠᠢ ᠠᠮᠠ ᠰᠡᠭᠡᠷ ᠵᠤᠯᠭᠠᠭᠤᠯᠵᠤ᠂ ᠭᠤᠤᠯ ᠠᠭᠤᠯᠭ᠎ᠠ ᠨᠢ ᠪᠦᠷᠢᠨ ᠬᠦᠢᠴᠡᠳ᠂ ᠡᠭᠦᠷᠭᠡ ᠬᠠᠷᠢᠭᠤᠴᠠᠯᠭ᠎ᠠ ᠶᠢ ᠬᠤᠪᠢᠶᠠᠬᠤ ᠨᠢ ᠵᠤᠬᠢᠰᠳᠡᠢ᠂ ᠪᠠᠴᠢᠮ ᠪᠠᠶᠢᠳᠠᠯ ᠢ ᠠᠷᠭᠠᠴᠠᠭᠠᠬᠤ ᠱᠠᠳᠤᠨ ᠤ ᠢᠯᠭᠠᠯ ᠤᠨ ᠲᠦᠰᠦᠪ ᠨᠢ ᠵᠤᠬᠢᠰᠳᠠᠢ᠂ ᠠᠷᠭᠠᠴᠠᠭᠠᠬᠤ ᠠᠷᠭ᠎ᠠ ᠬᠡᠮᠵᠢᠶ᠎ᠡ ᠨᠢ ᠪᠤᠳᠠᠳᠠᠢ᠂ ᠬᠡᠷᠡᠭᠯᠡᠵᠦ ᠪᠤᠯᠬᠤᠶᠢᠴᠠ ᠪᠠᠶᠢᠬᠤ ᠶᠢ ᠪᠠᠳᠤᠯᠠᠬᠤ ᠬᠡᠷᠡᠭᠳᠡᠢ᠃ᠳᠦᠷᠪᠡ᠂ ᠲᠠᠷᠤᠮᠯᠠᠨ ᠲᠠᠷᠬᠠᠭᠠᠵᠤ ᠲᠠᠩᠰᠠᠯᠠᠬᠤ ᠡᠷᠬᠡ ᠶᠢᠨ ᠬᠢᠵᠠᠭᠠᠷ ᠢ ᠤᠯᠠᠮ ᠨᠢᠬᠡ ᠠᠯᠬᠤᠮ ᠲᠤᠳᠤᠷᠬᠠᠶᠢᠯᠠᠬᠤ ᠬᠡᠷᠡᠭᠳᠡᠢ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠬᠡᠯᠢ ᠭᠤᠳᠤᠮᠵᠢ ᠶᠢᠨ ᠬᠠᠮᠢᠶᠠᠷᠤᠯᠳᠠ ᠶᠢᠨ ᠠᠯᠪᠠᠨ ᠭᠡᠷ᠂ ᠬᠤᠰᠢᠭᠤᠨ ᠤ ᠠᠮᠤᠷ ᠲᠦᠪᠰᠢᠨ ᠦᠢᠯᠡᠳᠪᠦᠷᠢᠯᠡᠯ ᠤᠨ ᠵᠦᠪᠯᠡᠯ ᠤᠨ ᠡᠯ᠎ᠡ ᠬᠡᠰᠢᠭᠦᠨ ᠪᠠᠶᠢᠭᠤᠯᠭ᠎ᠠ ᠶᠢᠨ ᠨᠠᠶᠢᠷᠠᠭᠤᠯᠵᠤ᠂ ᠵᠠᠰᠠᠪᠤᠷᠢ ᠤᠷᠤᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠬᠢᠨᠡᠨ ᠵᠦᠪᠰᠢᠶᠡᠷᠡᠭᠰᠡᠨ ᠪᠠᠶᠢᠬᠤ ᠬᠡᠷᠡᠭᠳᠡᠢ᠂ ᠴᠢᠬᠤᠯᠠ ᠲᠠᠢ ᠦᠶ᠎ᠡ ᠳᠤ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠪᠤᠶᠤ ᠲᠤᠰᠬᠠᠢ ᠬᠤᠷᠠᠯ ᠬᠢᠨᠡᠨ ᠵᠦᠪᠯᠡᠵᠦ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ ᠪᠠᠷ ᠲᠠᠷᠤᠮᠯᠠᠨ ᠲᠠᠷᠬᠠᠭᠠᠨ᠎ᠠ᠃ ᠰᠠᠯᠠᠭ᠎ᠠ ᠮᠦᠴᠢᠷ ᠤᠨ ᠪᠠᠴᠢᠮ ᠪᠠᠶᠢᠳᠠᠯ ᠢ ᠠᠷᠠᠭᠠᠴᠠᠭᠠᠬᠤ ᠲᠦᠰᠦᠯ ᠢ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠤᠷᠠᠯ ᠢᠶᠠᠷ ᠬᠢᠨᠡᠨ ᠵᠦᠪᠯᠡᠵᠦ᠂ ᠰᠠᠯᠠᠭ᠎ᠠ ᠮᠦᠴᠢᠷ ᠤᠨ ᠨᠡᠷ᠎ᠡ ᠪᠠᠷ ᠲᠠᠷᠤᠮᠯᠠᠨ ᠲᠠᠷᠬᠠᠭᠠᠨ᠎ᠠ᠂ ᠴᠢᠬᠤᠯᠠ ᠲᠠᠢ ᠦᠶ᠎ᠡ ᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ ᠪᠠᠷ ᠲᠠᠷᠤᠮᠯᠠᠨ ᠲᠠᠷᠬᠠᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号