ᠬᠠᠷᠠᠴᠢᠨ ᠬᠤᠰᠢᠭᠤᠨ  ᠠᠵᠤ ᠠᠬᠤᠶᠢᠯᠠᠯ ᠤᠨ ᠬᠠᠤᠯᠢ ᠶᠢᠨ ᠡᠷᠬᠡᠳᠡᠨ ᠤ《ᠠᠮᠤᠷ ᠲᠦᠪᠰᠢᠨ ᠦᠢᠯᠡᠳᠪᠦᠷᠢᠯᠡᠯ ᠤᠨ ᠢᠯᠡ ᠠᠮᠠᠯᠠᠯᠳᠠ》 ᠶᠢᠨ ᠬᠦᠳᠡᠯᠭᠡᠭᠡᠨ ᠦᠷᠨᠢᠬᠦᠯᠪᠡ
ᠨᠡᠶᠢᠲᠡᠯᠡᠭᠰᠡᠨ ᠴᠠᠭ᠄
2019/7/12
ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ《ᠠᠮᠤᠷ ᠲᠦᠪᠰᠢᠨ ᠦᠢᠯᠡᠳᠪᠤᠷᠢᠯᠡᠯ ᠤᠨ ᠰᠠᠷ᠎ᠠ》 ᠶᠢᠨ ᠠᠵᠢᠯᠯᠠᠭᠠᠨ ᠤ ᠪᠠᠶᠢᠷᠢᠯᠠᠭᠤᠯᠤᠯᠳᠠ ᠶᠤᠰᠤᠭᠠᠷ᠂ ᠠᠵᠤ ᠠᠬᠤᠶᠢᠯᠠᠯ ᠤᠨ ᠠᠮᠤᠷ ᠲᠦᠪᠰᠢᠨ ᠦᠢᠯᠡᠳᠪᠤᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠤᠰᠢᠭᠤᠨ ᠤ ᠠᠮᠤᠷ ᠲᠦᠪᠰᠢᠨ ᠦᠢᠯᠡᠳᠪᠦᠷᠢᠯᠡᠯ ᠤᠨ ᠪᠠᠶᠢᠳᠠᠯ ᠦᠷᠬᠦᠯᠵᠢᠯᠡᠨ ᠲᠤᠭᠳᠠᠭᠤᠨ ᠰᠠᠶᠢᠨ ᠪᠠᠶᠢᠬᠤ ᠶᠢ ᠠᠬᠢᠭᠤᠯᠬᠤ ᠶᠢᠨ ᠲᠦᠯᠦᠭᠡ᠂《  ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠤᠷ ᠲᠦᠪᠰᠢᠨ ᠦᠢᠯᠡᠳᠪᠦᠷᠢᠯᠡᠯ ᠤᠨ ᠬᠠᠤᠯᠢ》᠂《ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠤᠷ ᠲᠦᠪᠰᠢᠨ ᠦᠢᠯᠡᠳᠪᠦᠷᠢᠯᠡᠯ ᠤᠨ ᠲᠦᠷᠢᠮ》 ᠵᠡᠷᠭᠡ ᠬᠠᠤᠯᠢ ᠴᠠᠭᠠᠵᠠ ᠬᠠᠤᠯᠢ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠵᠦ᠂ ᠤᠶᠢᠷ᠎ᠠ ᠳᠤ᠂ ᠬᠠᠷᠠᠴᠢᠨ ᠬᠤᠰᠢᠭᠤᠨ ᠤ ᠠᠮᠤᠷ ᠲᠦᠪᠰᠢᠨ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠬᠤᠰᠢᠭᠤᠨ ᠤ ᠷᠠᠳᠢᠤ᠋ ᠲᠧᠯᠧᠢᠰ ᠤᠨ ᠲᠦᠪ ᠪᠠ《 ᠬᠠᠷᠠᠴᠢᠨ ᠴᠠᠭ ᠤᠨ ᠪᠠᠶᠢᠳᠠᠯ ᠤᠨ ᠮᠡᠳᠡᠭᠡ》 ᠲᠠᠢ ᠬᠠᠮᠳᠤᠷᠠᠨ᠂ ᠪᠦᠬᠦ ᠬᠤᠰᠢᠭᠤᠨ ᠤ ᠠᠶᠤᠯᠳᠠᠢ ᠬᠢᠮᠢ᠂ ᠪᠠᠷᠢᠯᠭ᠎ᠠ᠂ ᠪᠠᠷᠢᠯᠭ᠎ᠠ ᠶᠢᠨ ᠮᠠᠲ᠋ᠧᠷᠢᠶᠠᠯ ᠤᠨ 5 ᠠᠵᠤ ᠠᠬᠤᠶᠢᠯᠠᠯ ᠳᠤ《ᠠᠮᠤᠷ ᠲᠦᠪᠰᠢᠨ ᠦᠢᠯᠡᠳᠪᠦᠷᠢᠯᠡᠯ ᠤᠨ ᠢᠯᠡ ᠠᠮᠠᠯᠠᠯᠳᠠ》 ᠶᠢᠨ ᠬᠦᠳᠡᠯᠭᠡᠭᠡᠨ ᠦᠷᠨᠢᠬᠦᠯᠪᠡ᠂ ᠠᠵᠤ ᠠᠬᠤᠶᠢᠯᠠᠯ ᠤᠨ ᠬᠠᠤᠯᠢ ᠶᠢᠨ ᠡᠷᠬᠡᠳᠡᠨ ᠰᠤᠨᠢᠨ ᠮᠡᠳᠡᠭᠡᠯᠡᠯ ᠤᠨ ᠵᠠᠭᠤᠴᠢ ᠪᠠᠷ ᠪᠦᠬᠦ ᠨᠡᠶᠢᠬᠡᠮ ᠳᠤ ᠲᠤᠰ ᠨᠢᠭᠡᠴᠡ ᠶᠢᠨ ᠢᠶᠠᠨ ᠠᠮᠤᠷ ᠲᠦᠪᠰᠢᠨ ᠦᠢᠯᠡᠳᠪᠦᠷᠢᠯᠡᠯ ᠤᠨ ᠠᠵᠢᠯ ᠳᠤ ᠪᠠᠨ ᠪᠦᠬᠦ ᠲᠠᠯ᠎ᠠ ᠪᠠᠷ ᠬᠠᠷᠢᠭᠤᠴᠠᠬᠤ ᠢᠯᠡ ᠠᠮᠠᠯᠠᠯᠳᠠ‌‍ᠬᠢᠵᠦ᠂ ᠨᠡᠶᠢᠬᠡᠮ ᠤᠨ ᠬᠢᠨᠠᠯᠳᠠ ᠶᠢ ᠬᠦᠯᠢᠶᠡᠵᠤ᠂ ᠠᠮᠠᠯᠠᠯᠳᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠳᠡᠨ ᠤ ᠠᠮᠤᠷ ᠲᠦᠪᠰᠢᠨ ᠦᠢᠯᠡᠳᠪᠤᠷᠢᠯᠡᠯ ᠢ ᠲᠠᠨᠢᠯᠳᠠ ᠪᠠᠨ ᠤᠯᠠᠮ ᠨᠢᠬᠡ ᠠᠯᠬᠤᠮ ᠲᠡᠭᠡᠭᠰᠢᠯᠡᠬᠦᠯᠪᠡ᠃《ᠠᠮᠤᠷ ᠲᠦᠪᠰᠢᠨ ᠦᠢᠯᠡᠳᠪᠦᠷᠢᠯᠡᠯ ᠤᠨ ᠢᠯᠡ ᠠᠮᠠᠯᠠᠯᠳᠠ》 ᠶᠢᠨ ᠬᠦᠳᠡᠯᠭᠡᠭᠡᠨ ᠳᠤ ᠤᠷᠤᠯᠴᠠᠭᠰᠠᠨ ᠠᠵᠤ ᠠᠬᠤᠶᠢᠯᠠᠯ᠄ ᠦᠪᠦᠷ ᠮᠤᠩᠭᠤᠯ ᠤᠨ ᠳ᠋ᠦᠩ ᠶᠦᠸᠠᠢ ᠶᠢᠨ ᠹᠧᠩ ᠹᠯᠤᠷ ᠬᠢᠮᠢ ᠶᠢᠨ ᠬᠢᠵᠠᠭᠠᠷᠳᠤ ᠺᠤᠮᠫᠠᠨᠢ᠂ ᠤᠯᠠᠭᠠᠨᠬᠠᠳᠠ ᠶᠢᠨ ᠶᠢᠨ ᠴᠧᠩ ᠪᠠᠷᠢᠯᠭ᠎ᠠ ᠶᠢᠨ ᠬᠢᠵᠠᠭᠠᠷᠳᠤ ᠺᠤᠮᠫᠠᠨᠢ᠂ ᠬᠠᠷᠠᠴᠢᠨ ᠬᠤᠰᠢᠭᠤᠨ ᠤ ᠰᠢᠨ ᠲᠠᠢ ᠶᠤᠸᠠᠨ ᠰᠢᠳᠠᠮᠠᠬᠠᠢ ᠬᠡᠢ ᠶᠢᠨ ᠡᠵᠡᠩᠨᠡᠯᠳᠡ ᠶᠢᠨ ᠬᠢᠵᠠᠭᠠᠷᠳᠤ ᠺᠤᠮᠫᠠᠨᠢ᠂ ᠤᠯᠠᠭᠠᠨᠬᠠᠳᠠ ᠶᠢᠨ ᠬᠤᠢ ᠶᠤᠸᠠᠨ ᠪᠠᠷᠢᠯᠭ᠎ᠠ ᠶᠢᠨ ᠬᠢᠵᠠᠭᠠᠷᠳᠤ ᠺᠤᠮᠫᠠᠨᠢ᠂ ᠲᠤᠮᠳᠠᠳᠤ ᠤᠯᠤᠰ ᠤᠨ ᠴᠢᠯᠠᠭᠤᠨ ᠲᠤᠰᠤ ᠰᠢᠳᠠᠮᠠᠬᠠᠢ ᠬᠡᠢ ᠶᠢᠨ ᠬᠤᠪᠢᠴᠠᠭᠠᠳᠤ ᠬᠢᠵᠠᠭᠠᠷᠳᠤ ᠺᠤᠮᠫᠠᠨᠢ ᠶᠢᠨ ᠦᠪᠦᠷ ᠮᠤᠩᠭᠤᠯ ᠤᠨ ᠤᠯᠠᠭᠠᠨᠬᠳᠠ ᠶᠢᠨ ᠪᠤᠷᠤᠯᠠᠭᠤᠯᠬᠤ ᠬᠤᠪᠢᠶᠠᠷᠢ ᠺᠤᠮᠫᠠᠨᠢ ᠶᠢᠨ ᠬᠠᠷᠠᠴᠢᠨ ᠬᠤᠰᠢᠭᠤᠨ ᠤ ᠡᠵᠡᠩᠨᠡᠬᠦ ᠬᠡᠯᠳᠡᠰ᠃ᠠᠵᠤ ᠠᠬᠤᠶᠢᠯᠠᠯ ᠤᠨ ᠬᠠᠤᠯᠢ ᠶᠢᠨ ᠡᠷᠬᠡᠳᠡᠨ‌ᠨᠢ ᠲᠤᠰ ᠨᠢᠭᠡᠴᠡ ᠶᠢᠨ ᠢᠶᠠᠨ ᠠᠮᠤᠷ ᠲᠦᠪᠰᠢᠨ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠳᠠᠨ ᠪᠤᠯᠤᠭᠰᠠᠨ ᠤ ᠬᠤᠪᠢ ᠳᠤ ᠰᠤᠨᠢᠨ ᠮᠡᠳᠡᠭᠡᠨ ᠤ ᠵᠠᠭᠤᠴᠢᠯᠠᠭᠤᠷ ᠤᠨ ᠵᠢᠷᠤᠭᠯᠠᠭᠤᠷ ᠢᠶᠠᠷ ᠡᠶᠢᠨᠬᠦ ᠠᠮᠠᠯᠠᠯᠳᠠ ᠬᠢᠯ᠎ᠡ᠄ ᠲᠤᠰ ᠪᠠᠶᠢᠭᠤᠯᠭ᠎ᠠ ᠶᠢᠨ ᠢᠶᠠᠨ ᠠᠮᠤᠷ ᠲᠦᠪᠰᠢᠨ ᠦᠢᠯᠡᠳᠪᠦᠷᠢᠯᠡᠯ ᠤᠨ ᠲᠦᠷᠢᠮ ᠢ ᠪᠠᠶᠢᠭᠤᠯᠤᠨ ᠲᠡᠬᠦᠯᠳᠡᠷᠵᠢᠬᠦᠯᠦᠨ᠎ᠡ᠃ ᠲᠤᠰ ᠪᠠᠶᠢᠭᠤᠯᠭ᠎ᠠ ᠪᠠᠨ ᠵᠤᠬᠢᠶᠠᠨ ᠪᠠᠶᠢᠭᠤᠯᠵᠤ ᠠᠮᠤᠷ ᠲᠦᠪᠰᠢᠨ ᠦᠢᠯᠡᠳᠪᠦᠷᠢᠯᠡᠯ ᠤᠨ ᠲᠦᠷᠢᠮ ᠪᠠ ᠠᠵᠢᠯᠯᠠᠭᠠᠨ ᠤ ᠲᠦᠷᠢᠮ ᠢ ᠲᠤᠭᠳᠠᠭᠠᠨ᠎ᠠ᠃ ᠲᠤᠰ ᠪᠠᠶᠢᠭᠤᠯᠭ᠎ᠠ ᠶᠢᠨ ᠢᠶᠠᠨ ᠠᠮᠤᠷ ᠲᠦᠪᠰᠢᠨ ᠦᠢᠯᠡᠳᠪᠦᠷᠢᠯᠡᠯ ᠤᠨ ᠬᠦᠮᠦᠵᠢᠯ ᠪᠠ ᠪᠤᠯᠪᠠᠰᠤᠷᠠᠯ ᠤᠨ ᠲᠦᠯᠦᠪᠯᠡᠭᠡ ᠶᠢ ᠲᠤᠭᠳᠠᠭᠠᠵᠤ ᠬᠡᠷᠡᠭᠵᠢᠬᠦᠯᠦᠨ᠎ᠡ᠃ ᠲᠤᠰ ᠪᠠᠶᠢᠭᠤᠯᠭ᠎ᠠ ᠶᠢᠨ ᠢᠶᠠᠨ ᠠᠮᠤᠷ ᠲᠦᠪᠰᠢᠨ ᠦᠢᠯᠡᠳᠪᠦᠷᠢᠯᠡᠯ ᠤᠨ ᠤᠷᠤᠭᠤᠯᠤᠯᠳᠠ ᠪᠠᠨ ᠡᠷᠴᠢᠮᠳᠡᠢ ᠬᠡᠷᠡᠭᠵᠢᠬᠦᠯᠬᠦ ᠶᠢ ᠪᠠᠳᠤᠯᠠᠨ᠎ᠠ᠃ ᠲᠤᠰ ᠪᠠᠶᠢᠭᠤᠯᠭ᠎ᠠ ᠶᠢᠨ ᠢᠶᠠᠨ ᠠᠮᠤᠷ ᠲᠦᠪᠰᠢᠨ ᠦᠢᠯᠡᠳᠪᠦᠷᠢᠯᠡᠯ ᠢ ᠱᠠᠭᠠᠷᠳᠠᠨ ᠪᠠᠶᠢᠴᠠᠭᠠᠵᠤ᠂  ᠠᠮᠤᠷ ᠲᠦᠪᠰᠢᠨ ᠦᠢᠯᠡᠳᠪᠦᠷᠢᠯᠡᠯ ᠤᠨ ᠬᠡᠮ ᠰᠤᠭᠤᠭ ᠢ ᠴᠠᠭ ᠲᠤᠬᠠᠢ ᠳᠤ ᠨᠢ ᠠᠷᠢᠯᠭᠠᠨ᠎ᠠ᠃ ᠲᠤᠰ ᠪᠠᠶᠢᠭᠤᠯᠭ᠎ᠠ ᠶᠢᠨ ᠢᠶᠠᠨ ᠠᠮᠤᠷ ᠲᠦᠪᠰᠢᠨ ᠦᠢᠯᠡᠳᠪᠦᠷᠢᠯᠡᠯ ᠤᠨ ᠬᠡᠷᠡᠭ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠦ ᠲᠦᠰᠦᠯ ᠢ ᠲᠤᠭᠳᠠᠭᠠᠨ᠎ᠠ᠃ ᠦᠢᠯᠡᠳᠪᠤᠷᠢᠯᠡᠯ ᠤᠨ ᠠᠮᠤᠷ ᠲᠦᠪᠰᠢᠨ ᠢ ᠬᠡᠷᠡᠭ ᠠᠳᠡᠯ ᠢ ᠴᠠᠭ ᠲᠤᠬᠠᠢ ᠳᠤ ᠨᠢ ᠦᠨᠡᠨ ᠢᠶᠠᠷ ᠮᠡᠳᠡᠭᠦᠯᠦᠨ᠎ᠡ᠃ ᠬᠠᠮᠢᠶ᠎ᠠ ᠪᠦᠬᠦᠢ ᠪᠠᠶᠢᠭᠤᠯᠭ᠎ᠠ ᠶᠢᠨ ᠬᠢᠨᠡᠨ ᠬᠠᠮᠢᠶᠠᠷᠤᠯᠳᠠ ᠶᠢ ᠤᠬᠠᠮᠰᠠᠷ ᠠᠴᠠ ᠪᠠᠨ ᠬᠦᠯᠢᠶᠡᠨ ᠠᠪᠤᠨ᠎ᠠ᠃ ᠠᠮᠤᠷ ᠲᠦᠪᠰᠢᠨ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠷᠡᠭ ᠠᠳᠡᠯ ᠡᠭᠦᠰᠪᠡᠯ᠂ ᠵᠠᠰᠠᠭ ᠵᠠᠬᠢᠷᠭᠠᠨ ᠤ ᠵᠤᠬᠢᠬᠤ ᠰᠢᠳᠭᠡᠯ ᠪᠠ ᠬᠠᠤᠯᠢ ᠴᠠᠭᠠᠵᠠ ᠶᠢᠨ ᠵᠤᠬᠢᠬᠤ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠬᠦᠯᠢᠶᠡᠨ ᠠᠪᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号