ᠵᠤᠨ ᠤ ᠡᠬᠢᠨ᠂ ᠬᠠᠷᠠᠴᠢᠨ ᠬᠤᠰᠢᠭᠤᠨ ᠤ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢᠨ ᠲᠤᠬᠠᠢ ᠶᠢᠨ ᠲᠠᠯᠠᠪᠠᠢ ᠨᠢᠭᠡᠪᠦᠷᠢ ᠳᠤ ᠤᠴᠢᠬᠤ ᠳᠤ᠂ ᠬᠦᠷ ᠬᠦᠭᠵᠢᠶᠡᠨ ᠲᠠᠢ ᠪᠠᠷᠢᠯᠭ᠎ᠠ ᠶᠢᠨ | ᠪᠠᠶᠢᠳᠠᠯ᠂ ᠶᠠᠭᠠᠷᠠᠤ ᠰᠠᠨᠳᠤᠷᠤᠤ ᠠᠵᠢᠯᠯᠠᠵᠦ ᠪᠠᠶᠢᠭ᠎ᠠ ᠪᠠᠷᠢᠯᠭ᠎ᠠ ᠶᠢᠨ ᠠᠵᠢᠯᠴᠢᠨ᠂ ᠢᠨᠵᠧᠨᠧᠷᠢᠩ ᠤᠨ ᠨᠠᠷᠢᠨ | ᠬᠢᠨᠠᠮᠠᠭᠠᠢ ᠬᠢᠨᠠᠭᠴᠢ ᠶᠢᠨ ᠡᠷᠡᠯᠬᠡᠭᠯᠡᠨ ᠲᠡᠮᠡᠴᠡᠬᠦ ᠤᠷᠬᠢᠯᠤᠮ᠎ᠠ ᠵᠤᠷᠢᠭ ᠬᠠᠷᠠᠴᠢᠨ ᠤ ᠡᠬᠡ ᠭᠠᠵᠠᠷ ᠲᠤ ᠤᠷᠬᠢᠯᠤᠨ | ᠪᠠᠳᠠᠷᠠᠵᠤ ᠪᠠᠶᠢᠭ᠎ᠠ ᠦᠵᠡᠬᠦᠯᠦᠨ ᠦᠨᠳᠦᠷ ᠴᠢᠨᠰᠠᠭ᠎ᠠ ᠲᠠᠢ ᠬᠦᠭᠵᠢᠯᠳᠡ ᠶᠢᠨ ᠭᠤᠶᠢᠳᠠ ᠵᠢᠷᠤᠭ ᠢ ᠵᠢᠷᠤᠭᠯᠨᠠ᠃ | ᠠᠵᠤ ᠦᠢᠯᠡᠳᠪᠦᠷᠢ ᠶᠢᠨ《ᠵᠢᠯᠤᠭᠤᠳᠬᠤ ᠤᠩᠭᠤᠴᠠ》 ᠶᠢᠨ ᠴᠢᠳᠠᠯ ᠬᠦᠴᠦ ᠶᠢ ᠬᠤᠷᠠᠮᠳᠤᠭᠤᠯᠵᠤ ᠪᠠᠶᠢᠨ᠎ᠠ᠃ | ᠤᠯᠠᠭᠠᠨᠬᠠᠳᠠ ᠶᠢᠨ ᠶᠦᠨ ᠲᠦᠩ ᠦᠩᠭᠡᠳᠦ ᠲᠡᠮᠦᠷᠯᠢᠭ ᠤᠨ ᠬᠢᠵᠠᠭᠠᠷᠳᠤ ᠺᠤᠮᠫᠠᠨᠢ ᠨᠢ ᠤᠯᠠᠭᠠᠨᠬᠠᠳᠠ ᠶᠢᠨ ᠲᠡᠭᠡᠳᠦ | ᠰᠢᠨ᠎ᠡ ᠮᠡᠷᠭᠡᠵᠢᠯ ᠤᠨ ᠨᠡᠬᠡᠬᠡᠯᠳᠡ ᠶᠢᠨ ᠲᠤᠭᠤᠷᠢᠭ ᠤᠨ ᠮᠠ ᠯᠢᠨ ᠦᠩᠭᠡᠳᠦ ᠲᠡᠮᠦᠷᠯᠢᠭ ᠤᠨ ᠤᠷᠴᠢᠯᠳᠤ ᠠᠵᠥ | ᠦᠢᠯᠡᠰ ᠤᠨ ᠲᠤᠭᠤᠷᠢᠭ ᠳᠠᠬᠢ ᠪᠠᠷᠢᠯᠭ᠎ᠠ ᠶᠢᠨ ᠲᠠᠯᠠᠪᠠᠢ ᠳᠤ ᠬᠦᠷᠴᠦ ᠤᠴᠢᠬᠤ ᠳᠤ ᠠᠴᠢᠶᠠᠯᠠᠬᠤ ᠮᠠᠰᠢᠨ ᠨᠤᠭᠤᠳ | ᠨᠠᠰᠢ ᠴᠠᠰᠢ ᠬᠦᠷᠴᠢᠬᠢᠨᠡᠯᠳᠦᠨ ᠲᠠᠪᠬᠢᠯᠳᠤᠵᠤ᠂ ᠪᠠᠷᠢᠯᠭ᠎ᠠ ᠶᠢᠨ ᠠᠵᠢᠯᠳᠠᠨ ᠤ ᠵᠢᠯᠤᠭᠤᠳᠤᠯᠭ᠎ᠠ ᠲᠤᠤᠷ᠎ᠠ | ᠦᠢᠯᠡᠳᠪᠦᠷᠢ ᠶᠢᠨ ᠭᠠᠵᠠᠷ ᠢ ᠬᠠᠳᠠᠭᠤᠷᠠᠭᠤᠯᠵᠤ ᠪᠠᠶᠢᠯ᠎ᠠ᠂ ᠨᠢᠬᠡᠨ ᠠᠵᠢᠯᠳᠠᠨ ᠶᠠᠭ ᠰᠠᠶ᠋ᠢᠬᠠᠨ ᠲᠤᠨᠤᠭ | ᠲᠦᠭᠦᠭᠡᠷᠦᠮᠵᠢ ᠪᠠᠨ ᠤᠭᠰᠠᠷᠠᠵᠤ ᠲᠤᠷᠰᠢᠵᠦ ᠪᠠᠶᠢᠨ᠎ᠠ᠃《ᠡᠨᠡ ᠪᠤᠯ ᠲᠠᠷᠤᠢ ᠤᠯᠠᠭᠠᠨᠬᠠᠳᠠ ᠶᠢᠨ ᠶᠦᠨ ᠲᠦᠩ | ᠤᠷᠴᠢᠨ ᠠᠬᠤᠢ ᠶᠢ ᠬᠠᠮᠠᠭᠠᠯᠠᠬᠤ ᠲᠠᠰ ᠲᠠᠪᠰᠢᠭᠤᠯᠤᠨ ᠨᠡᠭᠦᠯᠭᠡᠭᠰᠡᠨ ᠤᠯᠠᠭᠠᠨᠬᠠᠳᠠ ᠶᠢᠨ ᠲᠡᠭᠡᠳᠦ ᠰᠢᠨ᠎ᠡ | ᠮᠡᠷᠭᠡᠵᠢᠯ ᠤᠨ ᠨᠡᠬᠡᠬᠡᠯᠳᠡ ᠶᠢᠨ ᠲᠤᠭᠤᠷᠢᠭ ᠤᠨ ᠮᠠ ᠯᠢᠨ ᠦᠩᠭᠡᠳᠦ ᠲᠡᠮᠦᠷᠯᠢᠭ ᠤᠨ ᠤᠷᠴᠢᠯᠳᠤ ᠠᠵᠥ ᠦᠢᠯᠡᠰ ᠤᠨ | ᠲᠤᠭᠤᠷᠢᠭ ᠪᠤᠯᠤᠨ᠎ᠠ᠂ ᠪᠦᠳᠦᠭᠡᠨ ᠪᠠᠶᠢᠭᠤᠯᠬᠤ ᠡᠭᠦᠷᠭᠡ ᠪᠠᠨ ᠡᠷᠳᠡᠬᠡᠨ ᠪᠡᠶᠡᠯᠡᠬᠦᠯᠬᠦ ᠶᠢᠨ ᠲᠦᠯᠦᠭᠡ᠂ ᠪᠦᠬᠦ | ᠺᠤᠮᠫᠠᠨᠢ ᠪᠠᠷ ᠢᠶᠠᠨ ᠴᠠᠭ ᠢ ᠠᠮᠵᠢᠨ ᠪᠠᠷᠢᠯᠭ᠎ᠠ ᠶᠢᠨ ᠬᠤᠭᠤᠴᠠᠭ᠎ᠠ ᠶᠢ ᠠᠬᠢᠭᠤᠯᠵᠤ ᠪᠠᠶᠢᠨ᠎ᠠ᠃》ᠭᠡᠵᠦ ᠲᠦᠷᠦᠯ | ᠵᠦᠢᠯ ᠤᠨ ᠬᠠᠷᠢᠭᠤᠴᠠᠯᠭᠠᠳᠠᠨ ᠯᠢᠦ ᠵᠧᠨ ᠬᠤᠸᠠ ᠬᠡᠯᠡᠵᠥ ᠪᠠᠶᠢᠯ᠎ᠠ᠃ | ᠲᠠᠨᠢᠯᠴᠠᠭᠤᠯᠤᠭᠰᠠᠨ ᠢᠶᠠᠷ᠂ ᠮᠠᠨ ᠤ ᠬᠤᠳᠠ ᠵᠡᠬᠦᠨ ᠬᠡᠰᠡᠭ ᠤᠨ ᠠᠵᠠ ᠦᠭᠡᠢ ᠦᠢᠯᠡᠳᠪᠦᠷᠢ ᠶᠢᠨ ᠠᠵᠤ | ᠠᠬᠤᠢ ᠶᠢᠨ ᠬᠤᠩᠬᠢᠯ ᠤᠨ ᠪᠠᠶᠢᠯᠳᠤᠬᠤ ᠪᠤᠳᠣᠯᠭ᠎ᠠ ᠶᠢ ᠲᠤᠤᠱᠯᠠᠭᠤᠯᠬᠤ ᠶᠢᠨ ᠲᠦᠯᠦᠭᠡ᠂ ᠬᠤᠳᠠ ᠬᠤᠰᠢᠭᠤᠨ ᠤ | ᠬᠤᠶᠠᠷ ᠱᠠᠳᠤᠨ ᠤ ᠵᠠᠰᠠᠭ ᠤᠨ ᠤᠷᠳᠤᠨ ᠲᠤᠮᠳᠠᠳᠤ ᠤᠯᠤᠰ ᠤᠨ ᠬᠦᠩᠭᠡᠴᠠᠭᠠᠨ᠂ ᠲᠤᠮᠳᠠᠳᠤ ᠤᠯᠤᠰ ᠤᠨ ᠭᠠᠤᠯᠢ | ᠪᠠ ᠶᠦᠨ ᠲᠦᠩ ᠲᠠᠢ ᠰᠠᠨᠠᠯ ᠨᠢᠭᠡᠳᠴᠦ᠂ ᠤᠯᠠᠭᠠᠨᠬᠠᠳᠠ ᠶᠢᠨ ᠶᠦᠨ ᠲᠦᠩ ᠦᠩᠭᠡᠳᠦ ᠲᠡᠮᠦᠷᠯᠢᠭ ᠤᠨ | ᠬᠢᠵᠠᠭᠠᠷᠳᠤ ᠺᠤᠮᠫᠠᠨᠢ ᠶᠢ ᠤᠷᠴᠢᠨ ᠠᠬᠢ ᠶᠢ ᠬᠠᠮᠠᠭᠠᠯᠠᠬᠤ ᠲᠡᠰ ᠲᠠᠪᠰᠢᠭᠤᠯᠤᠨ ᠨᠡᠭᠦᠯᠭᠡᠵᠦ ᠤᠯᠠᠭᠠᠨᠬᠠᠳᠠ ᠶᠢᠨ | ᠲᠡᠭᠡᠳᠦ ᠰᠢᠨ᠎ᠡ ᠮᠡᠷᠭᠡᠵᠢᠯ ᠤᠨ ᠨᠡᠬᠡᠬᠡᠯᠳᠡ ᠶᠢᠨ ᠲᠤᠭᠤᠷᠢᠭ ᠤᠨ ᠮᠠ ᠯᠢᠨ ᠦᠩᠭᠡᠳᠦ ᠲᠡᠮᠦᠷᠯᠢᠭ ᠤᠨ ᠤᠷᠴᠢᠯᠳᠤ | ᠠᠵᠥ ᠦᠢᠯᠡᠰ ᠤᠨ ᠲᠤᠭᠤᠷᠢᠭ ᠲᠤ ᠬᠦᠷᠭᠡᠪᠡ᠂ 40 ᠲᠦᠮᠡᠨ ᠲᠤᠨ ᠤ ᠬᠡᠪᠴᠢᠶ᠎ᠡ ᠲᠠᠢ ᠪᠤᠯᠭᠠᠨ ᠦᠷᠭᠡᠳᠭᠡᠨ | ᠪᠠᠶᠢᠭᠤᠯᠵᠤ᠂ ᠪᠦᠬᠦ ᠬᠤᠳᠠ ᠶᠢᠨ ᠠᠩᠬᠠᠳᠠᠭᠴᠢ《ᠰᠢᠯᠵᠢᠵᠦ ᠢᠷᠡᠭᠰᠡᠨ ᠠᠵᠤ ᠠᠬᠤᠢ》 ᠶᠢᠨ ᠲᠦᠷᠦᠯ ᠵᠦᠢᠯ | ᠶᠤᠮ᠃ ᠤᠯᠠᠭᠠᠨᠬᠠᠳᠠ ᠶᠢᠨ ᠶᠦᠨ ᠲᠦᠩ ᠤᠨ 40 ᠲᠦᠮᠡᠨ ᠲᠤᠨ ᠤ ᠭᠠᠤᠯᠢ ᠶᠢ ᠴᠠᠬᠢᠯᠭᠠᠨ ᠢᠶᠠᠷ ᠵᠠᠳᠠᠯᠤᠨ | ᠬᠠᠶᠢᠯᠤᠭᠤᠯᠬᠤ ᠨᠡᠭᠦᠯᠬᠡᠨ ᠰᠢᠯᠵᠢᠬᠦᠯᠵᠦ ᠦᠷᠭᠡᠳᠭᠡᠨ ᠪᠠᠶᠢᠭᠤᠯᠬᠤ ᠲᠦᠷᠦᠯ ᠵᠦᠢᠯ ᠨᠢ 75 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠬᠤ ᠪᠠᠷ ᠲᠦᠯᠦᠪᠡᠯᠡᠵᠦ ᠪᠤᠢ᠃ ᠤᠳᠤᠬᠠᠨ ᠪᠤᠯᠳᠠᠯ᠎ᠠ᠂ ᠨᠢᠬᠡᠨᠳᠡ 33.5 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠭᠠᠳ ᠪᠤᠢ᠂ ᠨᠢᠬᠡᠳᠦᠭᠡᠷ ᠦᠢᠯᠡᠳᠪᠦᠷᠢᠯᠡᠯ ᠤᠨ ᠱᠤᠭᠤᠮ ᠨᠢ 4 | ᠰᠠᠷ᠎ᠠ ᠶᠢᠨ ᠲᠤᠮᠳᠠᠴᠢ ᠪᠠᠷ ᠲᠤᠷᠰᠢᠵᠦ᠂ 5 ᠰᠠᠷ᠎ᠠ ᠶᠢᠨ ᠲᠤᠮᠳᠠᠴᠢ ᠪᠠᠷ ᠲᠤᠷᠰᠢᠨ ᠦᠢᠯᠡᠳᠪᠦᠷᠢᠯᠡᠪᠡ᠂ | ᠬᠤᠶᠠᠳᠤᠭᠠᠷ ᠦᠢᠯᠡᠳᠪᠦᠷᠢᠯᠡᠯ ᠤᠨ ᠱᠤᠭᠤᠮ ᠨᠢ ᠦᠨᠦ ᠵᠢᠯ ᠤᠨ ᠡᠴᠦᠰ ᠢᠶᠠᠷ ᠠᠰᠢᠭᠯᠠᠯᠳᠠ ᠳᠤ ᠤᠷᠤᠨ᠎ᠠ᠃ | ᠪᠦᠬᠦᠨ ᠢ ᠪᠠᠶᠢᠭᠤᠯᠵᠤ ᠦᠢᠯᠡᠳᠪᠦᠷᠢᠯᠡᠵᠦ ᠡᠬᠢᠯᠡᠪᠡᠯ᠂ ᠦᠢᠯᠡᠳᠪᠤᠷᠢᠯᠡᠯ ᠤᠨ ᠦᠷᠳᠡᠭ ᠨᠢ 220 ᠳ᠋ᠦᠩᠰᠢᠭᠤᠷ | ᠲᠦᠭᠦᠷᠢᠭ ᠳᠤ ᠬᠦᠷᠴᠦ᠂ ᠠᠰᠢᠭ ᠭᠠᠶᠢᠯᠢ ᠨᠢ 8 ᠳ᠋ᠦᠩᠰᠢᠭᠤᠷ ᠲᠦᠭᠦᠷᠢᠭ ᠪᠤᠯᠵᠦ᠂ 998 ᠬᠦᠮᠦᠨ ᠢ ᠠᠵᠢᠯ | ᠤᠯᠭᠤᠵᠤ ᠦᠭᠭᠦ ᠪᠤᠯᠤᠨ᠎ᠠ᠃ | ᠵᠢᠭᠤᠯᠴᠢᠯᠠᠯ ᠤᠨ ᠲᠦᠷᠦᠯ ᠵᠦᠢᠯ ᠦᠷᠨᠢᠬᠦᠨ ᠬᠦᠭᠵᠢᠯᠳᠡ ᠲᠠᠢ ᠪᠤᠯᠪᠠ᠃《 ᠬᠦᠬᠡ ᠠᠭᠤᠯᠠ ᠬᠦᠬᠡᠮᠳᠦᠭ ᠤᠰᠤ | ᠪᠤᠯ ᠠᠯᠳᠠ ᠮᠦᠩᠭᠦᠨ ᠠᠭᠤᠯᠠ ᠮᠦᠨ》᠃ ᠬᠠᠷᠠᠴᠢᠨ ᠬᠤᠰᠢᠭᠤ ᠨᠢ ᠡᠯᠪᠡᠭ ᠪᠠᠶᠠᠯᠢᠭ ᠵᠢᠭᠤᠯᠴᠢᠯᠠᠯ ᠤᠨ ᠡᠬᠢ | ᠰᠤᠷᠪᠤᠯᠵᠢ ᠲᠠᠢ᠂ ᠠᠮᠢ ᠠᠬᠤᠢ ᠶᠢᠨ ᠤᠷᠴᠢᠨ ᠲᠤᠭᠤᠷᠢᠨ ᠰᠠᠶᠢᠨ᠂ ᠪᠠᠶᠢᠭᠠᠯᠢ ᠶᠢᠨ ᠡᠬᠢ ᠪᠠᠶᠠᠯᠢᠭ ᠡᠯᠪᠡᠭ᠂ | ᠰᠤᠶᠤᠯ ᠤᠨ ᠰᠤᠷᠪᠤᠯᠵᠢ ᠭᠦᠨ᠂ ᠰᠤᠶᠤᠯ ᠢᠷᠭᠡᠨᠰᠢᠯ ᠤᠨ ᠪᠠᠶᠠᠯᠢᠭ ᠰᠠᠭᠤᠷᠢ ᠲᠠᠢ ᠶᠤᠮ᠃ ᠤᠶᠢᠷ᠎ᠠ ᠶᠢᠨ ᠵᠢᠯ ᠠᠴᠠ | ᠨᠠᠰᠢ᠂ ᠲᠤᠰ ᠬᠤᠰᠢᠭᠤ ᠪᠤᠳᠠᠳᠤ ᠪᠠᠶᠢᠳᠠᠯ ᠳᠤ ᠪᠠᠨ ᠦᠨᠳᠦᠰᠦᠯᠡᠵᠦ᠂ ᠲᠡᠬᠦᠯᠳᠡᠷ ᠵᠢᠭᠤᠯᠴᠢᠯᠠᠯ ᠢ ᠪᠦᠬᠦ | ᠬᠦᠴᠦᠨ ᠢᠶᠠᠷ ᠢᠶᠠᠨ ᠬᠦᠭᠵᠢᠬᠦᠯᠵᠦ᠂ ᠵᠢᠭᠤᠯᠴᠢᠯᠠᠯ ᠤᠨ ᠠᠵᠤ ᠦᠢᠯᠡᠰ ᠢᠶᠠᠷ ᠠᠷᠠᠳ ᠢᠶᠠᠨ ᠴᠢᠨᠡᠭᠡᠯᠢᠭᠵᠢᠬᠦᠯᠬᠦ ᠵᠠᠮ ᠢ | ᠤᠯᠠᠮ ᠦᠷᠭᠡᠳᠭᠡᠨ ᠪᠠᠶᠢᠭᠤᠯᠵᠤ ᠪᠠᠶᠢᠨ᠎ᠠ᠃ ᠵᠢᠭᠤᠯᠴᠢᠯᠠᠯ ᠤᠨ ᠨᠢᠬᠡ ᠪᠦᠯᠦᠭ ᠲᠦᠷᠦᠯ ᠵᠦᠢᠯ ᠨᠢ ᠪᠦᠬᠦ | ᠬᠤᠰᠢᠭᠤᠨ ᠤ ᠠᠵᠤ ᠦᠢᠯᠡᠰ ᠤᠨ ᠬᠦᠭᠵᠢᠯᠳᠡ ᠶᠢᠨ ᠬᠦᠴᠦᠳᠡᠢ ᠲᠤᠯᠭᠠᠭᠤᠷᠢᠯᠠᠯ ᠪᠤᠯᠤᠭᠰᠠᠨ ᠢᠶᠠᠷ ᠪᠠᠷᠠᠬᠤ ᠦᠭᠡᠢ᠂ | ᠲᠤᠰ ᠬᠤᠰᠢᠭᠤ ᠨᠢ ᠠᠮᠢ ᠠᠬᠤᠢ ᠶᠢᠨ ᠲᠠᠪᠠᠭᠤᠯᠢᠭ ᠢᠶᠠᠷ ᠠᠵᠦ ᠦᠢᠯᠡᠰ ᠤᠨ ᠲᠠᠪᠠᠭᠤᠯᠢᠭ ᠲᠡᠰᠢ ᠬᠤᠪᠢᠷᠠᠯᠳᠠ ᠶᠢ | ᠪᠡᠶᠡᠯᠡᠬᠦᠯᠬᠦ ᠶᠢ ᠠᠬᠢᠭᠤᠯᠵᠤ ᠪᠠᠶᠢᠨ᠎ᠠ᠃ | ᠴᠢᠯᠠᠭᠤᠳᠤ ᠠᠭᠤᠯᠠᠨ ᠤ ᠱᠠᠨ ᠷᠦᠩ ᠠᠶᠢᠮᠠᠭ ᠤᠨ ᠵᠤᠭᠠᠴᠠᠯ ᠤᠨ ᠲᠦᠷᠦᠯ ᠵᠦᠢᠯ ᠨᠢ ᠬᠠᠷᠠᠴᠢᠨ ᠬᠤᠰᠢᠭᠤᠨ ᠤ | ᠮᠡᠶᠢᠷᠡᠨ ᠪᠠᠯᠭᠠᠰᠤᠨ ᠤ ᠳ᠋ᠦᠩ ᠵᠢᠦᠢ ᠽᠢ ᠲᠤᠰᠬᠤᠨ ᠤ ᠪᠠᠷᠠᠭᠤᠨ ᠡᠮᠦᠨ᠎ᠡ ᠭᠤᠤ ᠳᠤ ᠪᠠᠶᠢᠳᠠᠭ᠂ | ᠤᠯᠠᠭᠠᠨᠬᠠᠳᠠ ᠶᠢᠨ ᠬᠤᠩ ᠶᠤᠸᠠᠨ ᠴᠤᠸᠠᠩ ᠵᠢᠩ ᠵᠢᠭᠤᠯᠴᠢᠯᠠᠯ ᠤᠨ ᠨᠡᠬᠡᠬᠡᠨ ᠠᠰᠢᠭᠯᠠᠬᠤ ᠬᠢᠵᠠᠭᠠᠷᠳᠤ ᠺᠤᠮᠫᠠᠨᠢ | ᠠᠴᠠ ᠪᠡᠯᠡ ᠤᠷᠤᠭᠤᠯᠵᠦ ᠪᠦᠳᠦᠭᠡᠨ ᠪᠠᠶᠢᠭᠤᠯᠵᠤ ᠪᠠᠶᠢᠨ᠎ᠠ᠃ ᠲᠤᠰ ᠲᠦᠷᠦᠯ ᠵᠦᠢᠯ ᠨᠢ ᠱᠠᠨ ᠷᠦᠩ ᠤᠨ | ᠰᠤᠶᠤᠯ ᠢᠶᠠᠷ ᠭᠤᠤᠯ ᠰᠡᠳᠤᠪ ᠪᠤᠯᠭᠠᠵᠤ᠂ ᠪᠠᠶᠢᠭᠠᠯᠢᠯᠢᠭ ᠭᠠᠵᠠᠷ ᠰᠢᠨᠵᠢᠯᠡᠭᠡ ᠶᠢᠨ ᠦᠵᠡᠮᠵᠢ ᠪᠠᠷ ᠠᠷᠤ ᠦᠵᠡᠭᠳᠡᠯ | ᠪᠤᠯᠭᠠᠨ᠂ ᠰᠤᠶᠤᠯ᠂ ᠠᠮᠢ ᠠᠬᠤᠢ᠂ ᠠᠵᠤ ᠦᠢᠯᠡᠰ ᠭᠤᠷᠪᠠᠨ ᠲᠠᠯ᠎ᠠ ᠠᠴᠠ ᠲᠦᠯᠦᠪᠵᠢᠬᠦᠯᠦᠨ ᠲᠦᠯᠦᠪᠯᠡᠵᠦ᠂ | 10.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ ᠪᠤᠢ᠂ ᠦᠨᠦ ᠪᠤᠯᠳᠠᠯ᠎ᠠ ᠨᠢᠬᠡᠨᠳᠡ 1.58 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠭᠠᠳ ᠪᠠᠶᠢᠨ᠎ᠠ᠃ ᠲᠤᠰ ᠲᠦᠷᠦᠯ ᠵᠦᠢᠯ ᠤᠨ ᠦᠵᠡᠮᠵᠢ ᠶᠢᠨ | ᠤᠷᠤᠨ ᠤ ᠲᠦᠷᠢ ᠲᠦᠷᠬᠦ ᠶᠢᠨ ᠠᠭᠤᠯᠠᠨ ᠡᠭᠦᠳᠡ᠂ ᠵᠤᠭᠠᠴᠠᠭᠴᠢᠳ ᠤᠨ ᠦᠢᠯᠡᠴᠢᠯᠡᠭᠡᠨ ᠤ ᠲᠦᠪ ᠢ ᠨᠢᠬᠡᠨᠳᠡ | ᠪᠠᠶᠢᠭᠤᠯᠵᠤ ᠲᠡᠬᠦᠰᠪᠡ᠂ ᠴᠢᠯᠠᠭᠤᠨ ᠴᠠᠶᠢᠵᠠ᠂ ᠨᠢᠷᠤᠭᠤ ᠴᠠᠶᠢᠵᠠ᠂ ᠪᠢᠩ ᠱᠢ ᠾᠧ ᠵᠡᠷᠭᠡ ᠦᠵᠡᠮᠵᠢ ᠶᠢᠨ ᠤᠷᠤᠨ | ᠤ ᠤᠷᠤᠬᠤ ᠡᠭᠦᠳᠡ ᠶᠢ ᠪᠠᠷᠢᠵᠦ ᠲᠡᠭᠦᠰᠭᠡᠭᠡᠳ᠂ 10 ᠺᠢᠯᠤᠮᠧᠲᠷ ᠤᠨ ᠵᠠᠮ ᠬᠠᠳᠠᠭᠤᠷᠠᠭᠤᠯᠬᠤ᠂ 12 | ᠺᠢᠯᠤᠮᠧᠲᠷ ᠤᠨ ᠵᠤᠭᠠᠴᠠᠯ ᠤᠨ ᠵᠠᠮ᠂ 3500 ᠮᠧᠲᠷ ᠤᠨ ᠦᠵᠡᠮᠵᠢ ᠶᠢᠨ ᠮᠤᠳᠤᠨ ᠱᠠᠳᠤ ᠶᠢ ᠪᠠᠶᠢᠭᠤᠯᠵᠥ᠂ | ᠮᠤᠳᠤᠨ ᠭᠡᠷ᠂ ᠬᠦᠯᠢᠶᠡᠨ ᠠᠪᠬᠤ ᠲᠦᠪ᠂ ᠠᠷᠢᠬᠢᠨ ᠪᠠᠭᠤᠳᠠᠯ ᠵᠡᠷᠭᠡ ᠢᠨᠵᠧᠨᠧᠷᠢᠩ ᠤᠨ ᠡᠮᠦᠨ᠎ᠡ ᠬᠤᠭᠤᠴᠠᠭᠠᠨ ᠤ | ᠪᠡᠯᠡᠳᠬᠡᠯ ᠠᠵᠢᠯ ᠢ ᠲᠡᠬᠦᠰᠭᠡᠪᠡ᠃ | ᠡᠬᠦᠨ ᠠᠴᠠ ᠭᠠᠳᠠᠨ᠎ᠠ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠤᠷᠤᠯᠳᠤᠭᠠᠨ ᠤ ᠴᠠᠰᠤᠨ ᠳᠤ ᠭᠤᠯᠭᠤᠬᠤ ᠲᠠᠯᠠᠪᠠᠢ ᠵᠢᠴᠢ ᠲᠦᠬᠦᠷᠵᠢᠬᠦᠯᠦᠭᠰᠡᠨ ᠪᠦᠳᠦᠭᠡᠨ ᠪᠠᠶᠢᠭᠤᠯᠬᠤ | ᠲᠦᠷᠦᠯ ᠵᠦᠢᠯ᠂ ᠠᠽᠢᠶ᠎ᠡ ᠨᠤᠮᠤᠬᠠᠨ ᠲᠠᠯᠠᠢ ᠶᠢᠨ ᠤᠢ ᠰᠢᠭᠤᠢ ᠶᠢᠨ ᠵᠤᠬᠢᠶᠠᠨ ᠪᠠᠶᠢᠭᠤᠯᠤᠯᠳᠠ ᠶᠢᠨ ᠤᠯᠠᠨ | ᠴᠢᠳᠠᠪᠬᠢᠳᠤ ᠤᠢ ᠰᠢᠭᠤᠢ ᠶᠢᠨ ᠪᠡᠶᠡᠴᠢᠯᠡᠨ ᠤᠷᠤᠯᠴᠠᠬᠤ ᠰᠠᠭᠤᠷᠢᠨ ᠭᠠᠵᠠᠷ ᠤᠨ ᠲᠦᠷᠦᠯ ᠵᠦᠢᠯ ᠨᠢ ᠮᠡᠶᠢᠷᠡᠨ | ᠪᠠᠯᠭᠠᠰᠤᠨ ᠤ ᠠᠮᠢ ᠠᠬᠤᠢ ᠶᠢᠨ ᠤᠨᠴᠠᠯᠢᠭ ᠪᠠ ᠠᠵᠦ ᠦᠢᠯᠡᠰ ᠤᠨ ᠤᠨᠴᠠᠯᠢᠭ ᠢ ᠬᠦᠢᠴᠡᠳ ᠬᠠᠷᠠᠭᠤᠯᠵᠦ ᠪᠠᠶᠢᠨ᠎ᠠ᠃ | | ᠬᠠᠷᠠᠴᠢᠨ ᠬᠤᠰᠢᠭᠤᠨ ᠤ ᠠᠵᠤ ᠠᠬᠤᠢ ᠶᠢᠨ ᠨᠡᠬᠡᠬᠡᠯᠳᠡ ᠶᠢᠨ ᠲᠤᠭᠤᠷᠢᠭ ᠪᠠ ᠮᠧᠢ ᠱᠦᠢ ᠴᠧᠩ ᠲᠦᠷᠦᠯ | ᠵᠦᠢᠯ ᠤᠨ ᠪᠠᠷᠢᠯᠭ᠎ᠠ ᠶᠢᠨ ᠲᠠᠯᠠᠪᠠᠢ ᠳᠤ ᠠᠵᠢᠯᠴᠢᠳ ᠶᠠᠭ ᠰᠠᠶ᠋ᠢᠬᠠᠨ ᠲᠤᠳᠤᠷᠠᠬᠢ ᠭᠤᠶᠤᠯᠠᠯ ᠢ ᠵᠠᠰᠠᠭᠠᠳ ᠶᠠᠭᠠᠷᠠᠵᠤ | ᠪᠠᠶᠢᠯ᠎ᠠ᠃ ᠪᠡᠷᠢᠮᠵᠢᠶᠠᠵᠢᠭᠰᠠᠨ ᠤᠮᠪᠠᠯᠳᠠ ᠶᠢᠨ ᠲᠠᠳᠠᠭᠠᠯ᠂ ᠬᠢᠴᠡ ᠬᠡᠯᠪᠡᠷᠢ ᠨᠢ ᠤᠨᠴᠠ ᠭᠤᠶᠤ ᠵᠢᠵᠢᠭ ᠤᠰᠤᠨ | ᠲᠠᠳᠠᠭᠠᠯ ᠨᠢ ᠤᠰᠤᠨ ᠬᠤᠳᠠ ᠶᠢᠨ ᠤᠨᠴᠠᠯᠢᠭ ᠢ ᠪᠦᠷᠢᠨ ᠦᠵᠡᠬᠦᠯᠵᠦ ᠴᠢᠳᠠᠵᠠᠢ᠃ ᠲᠤᠰ ᠲᠦᠷᠦᠯ ᠵᠦᠢᠯ ᠢ | ᠪᠡᠭᠡᠵᠢᠩ ᠤᠨ ᠭᠠᠩ ᠶᠤᠸᠠᠨ ᠪᠦᠳᠦᠭᠡᠨ ᠪᠠᠶᠢᠭᠤᠯᠤᠯᠳᠠ ᠶᠢᠨ ᠬᠢᠵᠠᠭᠠᠷᠳᠤ ᠺᠤᠮᠫᠠᠨᠢ ᠪᠠ ᠤᠯᠠᠭᠠᠨᠬᠠᠳᠠ ᠶᠢᠨ ᠭᠠᠩ | ᠶᠤᠸᠠᠨ ᠠᠳᠠᠯ ᠦᠢᠯᠡᠰ ᠤᠨ ᠬᠢᠵᠠᠭᠠᠷᠳᠤ ᠺᠤᠮᠫᠠᠨᠢ ᠪᠡᠯᠡ ᠤᠷᠤᠭᠤᠯᠵᠤ ᠪᠠᠶᠢᠭᠤᠯᠵᠤ ᠪᠠᠶᠢᠨ᠎ᠠ᠂ 4 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠬᠤ ᠪᠠᠷ ᠲᠦᠰᠦᠪᠯᠡᠵᠦ᠂ 67.8 ᠮᠤ᠋ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ | 4.449 ᠲᠦᠮᠡᠨ ᠲᠡᠭᠰᠢ ᠲᠦᠷᠪᠡᠯᠵᠢᠨ ᠮᠧᠲᠷ᠃ ᠲᠤᠰ ᠲᠦᠷᠦᠯ ᠵᠦᠢᠯ ᠨᠢ ᠤᠮᠪᠠᠯᠳᠠ᠂ ᠬᠠᠯᠠᠭᠤᠨ ᠷᠠᠰᠢᠶᠠᠨ | ᠤ ᠵᠠᠰᠠᠯ᠂ ᠪᠠᠭᠠᠴᠤᠳ ᠤᠨ ᠤᠮᠪᠠᠯᠳᠠ ᠶᠢᠨ ᠬᠡᠷ ᠪᠦᠯᠢ ᠶᠢᠨ ᠴᠡᠩᠭᠡᠭᠦᠨ᠂ ᠪᠠᠭᠤᠳᠠᠯ᠂ ᠢᠳᠡᠬᠡᠨ ᠤᠮᠳᠠᠭᠠᠨ ᠵᠡᠷᠭᠡ | ᠴᠢᠳᠡᠪᠬᠢ ᠶᠢ ᠨᠢᠬᠡ ᠴᠤᠭᠴᠠᠵᠢᠭᠤᠯᠤᠭᠰᠠᠨ ᠶᠤᠮ᠃ ᠤᠳᠤ᠂ ᠤᠰᠤᠨ ᠤ ᠬᠤᠳᠠ ᠶᠢᠨ ᠲᠤᠤᠷ ᠪᠦᠳᠦᠴᠡ ᠪᠠ | ᠭᠤᠤᠯ ᠴᠤᠭᠴᠠ ᠶᠢᠨ ᠪᠠᠷᠢᠯᠭ᠎ᠠ ᠶᠢ ᠲᠡᠬᠦᠰᠭᠡᠵᠦ᠂ ᠬᠦᠯᠢᠶᠠᠨ ᠠᠪᠬᠤ ᠲᠦᠪ ᠶᠠᠭ ᠰᠠᠶ᠋ᠢᠬᠠᠨ ᠵᠠᠰᠠᠨ ᠴᠢᠮᠡᠭᠯᠡᠵᠦ | ᠪᠠᠶᠢᠨ᠎ᠠ᠃ | 《ᠲᠦᠷᠦᠯ ᠵᠦᠢᠯ ᠢ ᠪᠦᠳᠦᠬᠡᠨ ᠪᠠᠶᠢᠭᠤᠯᠤᠭᠰᠠᠨ ᠤ ᠲᠠᠷᠠᠭ᠎ᠠ᠂ ᠡᠳᠦᠷ ᠪᠦᠷᠢ ᠬᠠᠮᠤᠭ ᠠᠷᠪᠢᠨ ᠳᠤ ᠪᠠᠨ 4000 | ᠬᠦᠮᠦᠨ ᠢ ᠬᠦᠯᠢᠶᠡᠨ ᠵᠤᠴᠢᠯᠠᠵᠤ᠂ ᠲᠤᠮᠳᠠᠳᠤ ᠤᠯᠤᠰ ᠤᠨ ᠤᠮᠠᠷᠠᠳᠤ ᠤᠷᠤᠨ ᠤ ᠬᠠᠮᠤᠭ ᠶᠡᠭᠡ ᠭᠡᠷ ᠲᠤᠳᠤᠷᠠᠬᠢ | ᠬᠠᠯᠠᠭᠤᠨ ᠷᠠᠰᠢᠶᠠᠨ ᠤ ᠰᠤᠪᠢᠯᠠᠯᠳᠠ ᠶᠢᠨ ᠬᠦᠷᠢᠶᠠᠯᠠᠩ ᠪᠤᠯᠤᠨ᠎ᠠ᠃ ᠡᠬᠦᠨ ᠬᠠᠮᠳᠤ᠂ ᠲᠤᠰ ᠲᠦᠷᠦᠯ ᠵᠦᠢᠯ ᠢᠶᠠᠨ | ᠤᠯᠤᠰ ᠤᠨ ᠬᠢᠳᠡᠳ ᠡᠮ ᠡᠮᠨᠡᠯᠬᠡ ᠶᠢᠨ ᠡᠷᠡᠬᠦᠯᠵᠢᠯ ᠵᠤᠭᠠᠴᠠᠯ ᠤᠨ ᠵᠢᠱᠢᠶ᠎ᠡ ᠦᠵᠡᠬᠦᠯᠬᠦ ᠤᠷᠤᠨ ᠤ ᠨᠢᠬᠡ ᠪᠤᠯᠭᠠᠨ | ᠪᠠᠶᠢᠭᠤᠯᠵᠦ᠂ ᠬᠠᠷᠠᠴᠢᠨ ᠬᠤᠰᠢᠭᠤᠨ ᠤ ᠰᠤᠶᠤᠯ ᠬᠤᠳᠠᠯᠳᠤᠭᠠᠨ ᠤ ᠪᠠᠶᠠᠴᠢᠯᠡᠨ ᠤᠶᠢᠯᠠᠭᠠᠬᠤ ᠵᠤᠭᠠᠴᠠᠯ ᠤᠨ ᠨᠡᠷᠡᠳᠦ | ᠲᠡᠮᠳᠡᠭ ᠪᠤᠯᠭᠠᠨ᠎ᠠ᠃》 ᠬᠡᠵᠦ ᠲᠦᠷᠦᠯ ᠵᠦᠢᠯ ᠤᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠸᠧᠢ ᠰᠢᠦᠸᠠᠢ ᠸᠧᠨ | ᠬᠡᠯᠡᠵᠦ ᠪᠠᠶᠢᠯ᠎ᠠ᠃ | ᠶᠡᠷᠦᠩᠭᠡᠶᠢᠯᠡᠭᠰᠡᠨ ᠲᠦᠰᠦᠪᠯᠡᠯᠳᠡ ᠪᠠᠨ ᠤᠯᠠᠨ ᠡᠰᠢᠵᠢᠬᠦᠯᠵᠦ ᠲᠦᠯᠬᠢᠨ ᠠᠬᠢᠭᠤᠯᠪᠠ᠃ ᠦᠨᠳᠦᠷ ᠴᠢᠨᠠᠷ ᠴᠢᠨᠰᠠᠭ᠎ᠠ | ᠲᠠᠢ ᠬᠦᠭᠵᠢᠯᠳᠡ ᠶᠢ ᠠᠬᠢᠭᠤᠯᠬᠤ ᠶᠠᠪᠤᠴᠠ ᠲᠤᠮᠳᠠ ᠪᠠᠨ ᠬᠠᠷᠠᠴᠢᠨ ᠬᠤᠰᠢᠭᠤ ᠨᠢ ᠲᠤᠬᠠᠢ ᠶᠢᠨ ᠭᠠᠵᠠᠷ ᠤᠨ | ᠪᠠᠶᠢᠳᠠᠯ ᠳᠤ ᠪᠠᠨ ᠲᠤᠬᠢᠷᠠᠭᠤᠯᠵᠤ᠂ ᠤᠯᠠᠨ ᠡᠰᠢᠵᠢᠬᠦᠯᠦᠭᠰᠡᠨ ᠪᠠᠶᠢᠷᠢᠯᠠᠭᠤᠯᠤᠯᠳᠠ᠂ ᠤᠯᠠᠨ ᠠᠷᠭ᠎ᠠ ᠵᠠᠮ ᠢᠶᠠᠷ | ᠠᠬᠢᠭᠤᠯᠵᠦ᠂ ᠤᠷᠤᠭᠰᠢᠯᠠᠨ ᠬᠦᠭᠵᠢᠬᠦ ᠨᠢᠭᠳᠠᠷᠠᠯ ᠤᠨ ᠬᠦᠴᠦ᠂ ᠲᠦᠪᠯᠡᠷᠡᠬᠦ ᠬᠦᠴᠦ ᠪᠠ ᠠᠬᠢᠭᠤᠯᠬᠤ ᠬᠦᠴᠦ ᠶᠢ | ᠬᠦᠴᠦᠳᠡᠢ ᠪᠠᠶᠢᠭᠤᠯᠵᠤ ᠴᠢᠳᠠᠪᠠ᠃ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠵᠤ ᠦᠢᠯᠡᠰ ᠤᠨ | ᠬᠦᠭᠵᠢᠯᠳᠡ ᠶᠢᠨ ᠲᠤᠮᠤ ᠲᠦᠷᠦᠯ ᠵᠦᠢᠯ ᠵᠠᠯᠭᠠᠪᠠᠷ ᠪᠠᠶᠢᠭᠤᠯᠤᠭᠳᠠᠵᠤ᠂ ᠭᠤᠤᠯᠳᠠᠯᠭ᠎ᠠ ᠲᠠᠢ ᠲᠦᠷᠦᠯ ᠵᠦᠢᠯ ᠤᠨ | ᠪᠠᠶᠢᠭᠤᠯᠤᠯᠳᠠ ᠶᠢᠨ ᠠᠤᠭ᠎ᠠ ᠲᠦᠰᠦᠪ ᠢ ᠦᠩᠭᠡ ᠢᠯᠭᠠᠷᠠᠮ᠎ᠠ ᠵᠢᠷᠤᠭᠯᠠᠪᠠ᠃ | ᠬᠠᠷᠠᠴᠢᠨ ᠬᠤᠰᠢᠭᠤᠨ ᠤ ᠨᠢᠦ ᠵᠢᠶᠠ ᠶᠢᠩᠽᠢ ᠪᠠᠯᠭᠠᠰᠤᠨ ᠳᠤ ᠪᠡᠭᠡᠵᠢᠩ ᠤᠨ ᠯᠦ ᠡᠯ ᠼᠤᠤ ᠡᠮ ᠡᠮᠨᠡᠯᠬᠡ ᠶᠢᠨ | ᠰᠢᠨᠵᠢᠯᠡᠬᠦ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠬᠢᠳᠡᠳ ᠡᠮ ᠤᠨ ᠮᠠᠲ᠋ᠧᠷᠢᠶᠠᠯ ᠤᠨ ᠬᠦᠮᠦᠷᠭᠡ ᠶᠢᠨ ᠬᠦᠢᠯᠭᠡᠭᠡᠨ | ᠤ ᠦᠢᠯᠡᠴᠢᠯᠡᠬᠡᠨ ᠤ ᠲᠠᠪᠴᠠᠩ ᠤᠨ ᠲᠦᠷᠦᠯ ᠵᠦᠢᠯ ᠤᠨ ᠪᠠᠶᠢᠭᠤᠯᠬᠤ ᠲᠦᠷᠦᠯ ᠵᠦᠢᠯ ᠤᠨ ᠲᠠᠯᠠᠪᠠᠢ ᠳᠤ ᠡᠷᠭᠦᠭᠦᠯ | ᠮᠠᠰᠢᠨ ᠰᠡᠭᠦᠶᠢᠯᠴᠡᠵᠦ᠂ ᠼᠧᠮᠧᠨ᠋ᠲ ᠵᠦᠬᠡᠬᠡᠬᠦ ᠮᠠᠰᠢᠨ ᠵᠦᠷᠢᠯᠳᠤᠵᠥ᠂ ᠬᠡᠳᠦᠨ ᠠᠷᠪᠠᠨ ᠠᠵᠢᠯᠴᠢᠳ ᠼᠧᠮᠧᠨ᠋ᠲ | ᠴᠢᠳᠬᠤᠵᠤ ᠶᠠᠭᠠᠷᠠᠯᠳᠤᠨ᠎ᠠ᠃ ᠨᠢᠦ ᠵᠢᠶᠠ ᠶᠢᠩᠽᠢ ᠪᠠᠯᠭᠠᠰᠤᠨ ᠤ ᠤᠬᠠᠭᠤᠯᠬᠤ ᠬᠡᠰᠢᠭᠦᠨ ᠱᠧᠨ ᠱᠢ ᠵᠢᠶᠦ᠋ᠨ ᠤ | ᠲᠠᠨᠢᠯᠴᠠᠭᠤᠯᠬᠤ ᠪᠠᠷ᠂ ᠲᠤᠰ ᠲᠦᠷᠦᠯ ᠵᠦᠢᠯ ᠢ ᠪᠡᠭᠡᠵᠢᠩ ᠤᠨ ᠯᠦ ᠡᠯ ᠼᠤᠤ ᠤ ᠺᠤᠮᠫᠠᠨᠢ ᠪᠠ ᠦᠪᠦᠷ ᠮᠤᠩᠭᠤᠯ ᠤᠨ | ᠲᠢᠶᠠᠨ ᠴᠢ ᠮᠤᠩᠭᠤᠯ ᠡᠮ ᠤᠨ ᠪᠦᠯᠦᠭᠯᠡᠯ ᠬᠠᠮᠳᠤᠷᠠᠨ ᠪᠡᠯᠡ ᠤᠷᠤᠭᠤᠯᠵᠦ ᠪᠠᠶᠢᠭᠤᠯᠵᠤ ᠪᠠᠶᠢᠨ᠎ᠠ᠂ ᠶᠠᠷᠦᠩᠭᠡᠢ | ᠲᠡᠯᠡᠪᠡᠢ 96 ᠮᠤ᠋ ᠡᠵᠡᠯᠡᠵᠦ᠂ ᠶᠠᠷᠦᠩᠭᠡᠢ ᠪᠡᠯᠡ ᠤᠷᠤᠭᠤᠯᠤᠯᠳᠠ 1.5 ᠳ᠋ᠦᠩᠰᠢᠭᠤᠷ᠂ ᠪᠠᠷᠢᠯᠭ᠎ᠠ ᠲᠠᠯᠠᠪᠠᠢ 4 | ᠲᠦᠮᠡᠨ ᠲᠡᠭᠰᠢ ᠲᠦᠷᠪᠡᠯᠵᠢᠨ ᠮᠧᠲᠷ᠂ 2018 ᠤᠨ ᠤ 10 ᠰᠠᠷ᠎ᠠ ᠠᠴᠠ ᠪᠠᠷᠢᠯᠭ᠎ᠠ ᠡᠬᠢᠯᠡᠪᠡ᠃《ᠲᠦᠷᠦᠯ | ᠵᠦᠢᠯ ᠢ ᠪᠠᠶᠢᠭᠤᠯᠵᠤ ᠪᠠᠷᠠᠭᠰᠠᠨ ᠤ ᠲᠠᠷᠠᠭ᠎ᠠ᠂ ᠵᠢᠯ ᠳᠤ ᠬᠦᠮᠦᠷᠭᠡᠯᠡᠬᠦ ᠰᠤᠯᠢᠯᠴᠠᠭᠠᠨ ᠤ ᠬᠡᠮᠵᠢᠶ᠎ᠡ 3 ᠲᠦᠮᠡᠨ ᠲᠤᠨ | ᠬᠦᠷᠴᠦ᠂ ᠰᠤᠯᠢᠯᠴᠡᠭᠠᠨ ᠤ ᠦᠷᠳᠡᠭ 10 ᠳ᠋ᠦᠩᠰᠢᠭᠤᠷ ᠲᠦᠭᠦᠷᠢᠭ᠂ ᠠᠰᠢᠭ ᠭᠠᠶᠢᠯᠢ 1 ᠳ᠋ᠦᠩᠰᠢᠭᠤᠷ | ᠲᠦᠭᠦᠷᠢᠭ ᠡᠭᠦᠳᠦᠨ᠎ᠡ᠂ ᠡᠪᠡᠰᠦᠨ ᠡᠮ ᠲᠠᠷᠢᠬᠤ ᠲᠠᠯᠠᠪᠠᠢ 6 ᠲᠦᠮᠡᠨ ᠮᠤ᠋ ᠪᠤᠯᠵᠤ᠂ 100 ᠬᠦᠮᠦᠨ ᠢ ᠠᠵᠢᠯ | ᠤᠯᠭᠤᠬᠤ ᠶᠢ ᠰᠢᠭᠤᠳ ᠲᠠᠶᠢᠴᠢᠯᠠᠨ᠎ᠠ᠂ 500 ᠬᠦᠮᠦᠨ ᠳᠤ ᠠᠵᠢᠯ ᠤᠯᠭᠤᠬᠤ ᠶᠢ ᠲᠠᠮ ᠲᠠᠶᠢᠴᠢᠯᠠᠵᠦ᠂ | ᠦᠢᠯᠡᠳᠪᠤᠷᠢᠯᠡᠯ ᠤᠨ ᠦᠷᠳᠡᠭ 3 ᠳ᠋ᠦᠩᠰᠢᠭᠤᠷ ᠲᠦᠭᠦᠷᠢᠭ ᠪᠤᠯᠤᠨ᠎ᠠ》ᠬᠡᠵᠦ ᠱᠧᠨ ᠱᠢ ᠵᠢᠶᠦ᠋ᠨ ᠶᠠᠷᠢᠯ᠎ᠠ᠃ | ᠡᠬᠦᠨ ᠠᠴᠠ ᠭᠠᠳᠠᠨ᠎ᠠ᠂ ᠷᠧᠨ ᠳ᠋ᠧ ᠪᠠᠭ᠎ᠠ ᠰᠤᠷᠭᠠᠭᠤᠯᠢ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ᠂ | ᠬᠤᠳᠠ ᠲᠤᠭᠤᠷᠢᠯᠳᠠ ᠶᠢᠨ ᠤᠰᠤᠨ ᠰᠢᠰᠲ᠋ᠧᠮ ᠤᠨ ᠰᠢᠪᠡᠭᠡ ᠭᠤᠤᠯ ᠬᠡᠰᠡᠭ ᠤᠨ ᠢᠨᠵᠧᠨᠧᠷᠢᠩ᠂ ᠳ᠋ᠠ ᠭᠤᠸᠠᠩ | ᠲᠦᠷᠭᠡᠨ ᠵᠠᠮ ᠤᠨ ᠨᠢᠦ ᠵᠢᠶᠠ ᠶᠢᠩᠽᠢ ᠶᠢᠨ ᠬᠠᠷᠢᠯᠴᠠᠨ ᠨᠡᠪᠳᠡᠷᠡᠬᠦᠯᠬᠦ ᠢᠨᠵᠧᠨᠧᠷᠢᠩ ᠤᠨ ᠲᠦᠷᠦᠯ ᠵᠦᠢᠯ ᠵᠡᠷᠭᠡ | ᠲᠦᠷᠭᠡᠨ ᠢᠶᠠᠷ ᠬᠡᠷᠡᠭᠵᠢᠬᠦᠯᠵᠦ ᠪᠠᠶᠢᠭ᠎ᠠ ᠪᠠ ᠲᠦᠯᠬᠢᠨ ᠠᠬᠢᠭᠤᠯᠵᠤ ᠪᠠᠶᠢᠨ᠎ᠠ᠃ ᠡᠬᠦᠨ ᠳᠤ ᠷᠧᠨ ᠳ᠋ᠧ ᠪᠠᠭ᠎ᠠ | ᠰᠤᠷᠭᠠᠭᠤᠯᠢ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠨᠢ 70 ᠮᠤ᠋ ᠭᠠᠵᠠᠷ ᠡᠵᠡᠯᠡᠵᠦ᠂ ᠪᠠᠷᠢᠯᠭ᠎ᠠ ᠶᠢᠨ | ᠲᠠᠯᠠᠪᠠᠢ ᠨᠢ 1.93 ᠲᠦᠮᠡᠨ ᠲᠡᠭᠰᠢ ᠲᠦᠷᠪᠡᠯᠵᠢᠨ ᠮᠧᠲᠷ᠂ ᠶᠡᠷᠦᠩᠭᠡᠢ ᠪᠡᠯᠡ ᠤᠷᠤᠭᠤᠯᠤᠯᠳᠠ ᠨᠢ 5700 | ᠲᠦᠮᠡᠨ ᠲᠦᠭᠦᠷᠢᠭ᠃ ᠤᠳᠤᠬᠠᠨ ᠳᠤ ᠨᠢᠬᠡᠨᠳᠡ 4700 ᠲᠦᠮᠡᠨ ᠲᠦᠭᠦᠷᠢᠭ ᠤᠨ ᠪᠡᠯᠡ ᠤᠷᠤᠭᠤᠯᠤᠯᠳᠠ ᠪᠠᠨ | ᠪᠡᠶᠡᠯᠡᠬᠦᠯᠵᠦ᠂ 7 ᠰᠠᠷ᠎ᠠ ᠶᠢᠨ ᠡᠴᠦᠰ ᠢᠶᠠᠷ ᠪᠦᠬᠦ ᠪᠠᠷᠢᠯᠭ᠎ᠠ ᠲᠡᠭᠦᠰᠦᠨ᠎ᠡ᠃ ᠬᠤᠳᠠ ᠲᠤᠭᠤᠷᠢᠯᠳᠠ ᠶᠢᠨ ᠤᠰᠤᠨ | ᠰᠢᠰᠲ᠋ᠧᠮ ᠤᠨ ᠰᠢᠪᠡᠭᠡ ᠭᠤᠤᠯ ᠬᠡᠰᠡᠭ ᠤᠨ ᠢᠨᠵᠧᠨᠧᠷᠢᠩ ᠪᠤᠯ ᠬᠤᠳᠠ ᠶᠢᠨ ᠲᠦᠪ ᠦᠶᠡᠷ ᠢ ᠰᠡᠷᠭᠡᠶᠢᠯᠡᠬᠦ ᠪᠠ | ᠬᠤᠳᠠ ᠲᠤᠭᠤᠷᠢᠭ ᠤᠨ ᠤᠰᠤᠨ ᠰᠢᠰᠲ᠋ᠧᠮ ᠤᠨ ᠵᠠᠰᠠᠨ ᠴᠡᠭᠴᠡᠯᠡᠬᠦ ᠢᠨᠵᠧᠨᠧᠷᠢᠩ ᠤᠨ ᠨᠢᠬᠡ ᠬᠡᠰᠡᠭ ᠮᠦᠨ᠂ | ᠭᠤᠤᠯ ᠤᠨ ᠭᠤᠯᠳᠤᠷᠢᠯ ᠢ 10.6 ᠺᠢᠯᠤᠮᠧᠲᠷ ᠵᠠᠰᠠᠵᠤ᠂ 13.28 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠤᠨ᠎ᠠ᠃ ᠤᠳᠤ᠂ ᠦᠶᠡᠷ ᠢ ᠰᠡᠷᠭᠡᠶᠢᠯᠡᠬᠦ ᠪᠠᠷᠢᠯᠭ᠎ᠠ ᠨᠢᠬᠡᠨᠳᠡ ᠢᠨᠵᠧᠨᠧᠷᠢᠩ ᠤᠨ ᠶᠡᠷᠦᠩᠭᠡᠢ ᠬᠡᠮᠵᠢᠶ᠎ᠡ ᠶᠢᠨ | 93% ᠶᠢ ᠪᠡᠶᠡᠯᠡᠬᠦᠯᠵᠦ᠂ ᠦᠵᠡᠮᠵᠢ ᠶᠢᠨ ᠢᠨᠵᠧᠨᠧᠷᠢᠩ ᠤᠨ ᠶᠡᠷᠦᠩᠭᠡᠢ ᠬᠡᠮᠵᠢᠶ᠎ᠡ ᠶᠢᠨ 70% ᠶᠢ ᠪᠡᠶᠡᠯᠡᠬᠦᠯᠵᠦ᠂ | ᠠᠮᠢ ᠠᠬᠤᠢ ᠶᠢᠨ ᠢᠨᠵᠧᠨᠧᠷᠢᠩ ᠤᠨ ᠶᠡᠷᠦᠩᠭᠡᠢ ᠬᠡᠮᠵᠢᠶ᠎ᠡ ᠶᠢᠨ 75% ᠶᠢ ᠪᠡᠶᠡᠯᠡᠬᠦᠯᠵᠡᠢ᠃ ᠨᠢᠦ ᠵᠢᠶᠠ | ᠶᠢᠩᠽᠢ ᠶᠢᠨ ᠬᠠᠷᠢᠯᠴᠠᠨ ᠨᠡᠪᠳᠡᠷᠡᠬᠦᠯᠬᠦ ᠢᠨᠵᠧᠨᠧᠷᠢᠩ 8000 ᠲᠦᠮᠡᠨ ᠲᠦᠭᠦᠷᠢᠭ ᠤᠨ ᠪᠡᠯᠡ ᠤᠷᠤᠭᠤᠯᠬᠤ ᠪᠠᠷ | ᠲᠦᠰᠦᠪᠯᠡᠵᠦ᠂ ᠤᠳᠤᠬᠠᠨ ᠳᠤ 2200 ᠲᠦᠮᠡᠨ ᠲᠦᠭᠦᠷᠢᠭ ᠤᠨ ᠪᠡᠯᠡ ᠤᠷᠤᠭᠤᠯᠤᠯᠳᠠ ᠪᠠᠨ ᠪᠡᠶᠡᠯᠡᠬᠦᠯᠪᠡ᠃ | | |