ᠦᠨᠦ ᠵᠢᠯ ᠤᠨ 6 ᠰᠠᠷ᠎ᠠ ᠳᠤ᠂ ᠵᠢᠨᠱᠠᠨ ᠳᠠᠬᠢ ᠮᠤᠩᠭᠤᠯ ᠲᠤᠮᠳᠠᠳᠤ ᠰᠤᠷᠭᠠᠭᠤᠯᠢ ᠶᠢᠨ ᠠᠩᠬ᠎ᠠ ᠲᠤᠮᠳᠠᠳᠤ ᠶᠢᠨ | ᠬᠡᠯᠳᠡᠰ ᠨᠢ ᠪᠦᠬᠦ ᠬᠤᠰᠢᠭᠤᠨ ᠤ ᠨᠢᠭᠡᠳᠦᠯᠳᠡᠢ ᠰᠢᠯᠭᠠᠯᠳᠠ ᠳᠤ ᠰᠢᠯᠢᠳᠡᠭ ᠪᠦᠳᠦᠮᠵᠢ ᠶᠢ ᠲᠠᠬᠢᠨᠳᠠ ᠡᠭᠦᠳᠴᠦ᠂ | ᠶᠡᠷᠦᠩᠭᠡᠢ ᠬᠤᠪᠢ ᠶᠢᠨ ᠲᠡᠭᠰᠢᠳᠬᠡᠯ ᠨᠢ ᠬᠠᠷᠢᠴᠠᠯᠠᠰᠢᠬᠦᠢ ᠲᠠᠪᠠᠭᠤᠯᠢᠭ ᠢᠶᠠᠷ ᠢᠶᠠᠨ ᠪᠦᠬᠦ ᠬᠤᠰᠢᠭᠤᠨ ᠳᠤ ᠮᠠᠩᠯᠠᠢ | ᠰᠢᠬᠦᠷᠪᠡ᠂ ᠲᠤᠯᠤᠭᠠᠨ ᠬᠢᠴᠢᠶᠡᠯ ᠲᠦᠷᠦᠯ ᠤᠨ ᠲᠡᠭᠰᠢᠳᠭᠡᠭᠰᠡᠨ ᠬᠤᠪᠢ ᠨᠢ ᠪᠦᠬᠦ ᠬᠤᠰᠢᠭᠤᠨ ᠳᠤ ᠲᠡᠷᠢᠬᠦᠯᠡᠵᠵᠦ᠂ | 7 ᠰᠤᠷᠤᠭᠴᠢ ᠪᠦᠬᠦ ᠬᠤᠰᠢᠭᠤᠨ ᠤ ᠡᠮᠦᠨ᠎ᠡ 10 ᠨᠡᠷ᠎ᠡ ᠳᠤ ᠵᠢᠭᠰᠠᠪᠠ᠂ ᠲᠤᠰ ᠰᠤᠷᠭᠠᠭᠤᠯᠢ ᠶᠢᠨ ᠰᠤᠷᠤᠭᠴᠢ | ᠪᠦᠬᠦ ᠬᠤᠰᠢᠭᠤᠨ ᠤ ᠬᠤᠪᠢ ᠬᠦᠮᠦᠨ ᠤ ᠮᠠᠩᠯᠠᠢ ᠠᠪᠴᠦ᠂ 23 ᠨᠡᠷ᠎ᠡ ᠰᠤᠷᠤᠭᠴᠢ ᠪᠦᠬᠦ ᠬᠤᠰᠢᠭᠤᠨ ᠤ ᠡᠮᠦᠨ᠎ᠡ | 50 ᠨᠡᠷ᠎ᠡ ᠳᠤ ᠰᠢᠯᠭᠠᠪᠠ᠂ ᠦᠨᠳᠦᠷ ᠬᠤᠪᠢ ᠶᠢᠨ ᠨᠤᠷᠮ᠎ᠠ᠂ ᠰᠢᠯᠢᠳᠡᠭ ᠨᠤᠷᠮ᠎ᠠ ᠪᠠ ᠬᠢᠷᠢ ᠲᠡᠩᠴᠡᠭᠰᠡᠨ ᠨᠤᠷᠮ᠎ᠠ | ᠨᠢ ᠪᠦᠷ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | | | ᠵᠢᠨᠱᠠᠨ ᠳᠠᠬᠢ ᠮᠤᠩᠭᠤᠯ ᠲᠤᠮᠳᠠᠳᠤ ᠰᠤᠷᠭᠠᠭᠤᠯᠢ ᠶᠢᠨ ᠠᠩᠬ᠎ᠠ ᠲᠤᠮᠳᠠᠳᠤ ᠶᠢᠨ ᠬᠡᠯᠳᠡᠰ ᠨᠢ ᠤᠯᠠᠨ ᠠᠴᠠ | ᠤᠷᠤᠶᠢᠯᠠᠨ ᠴᠤᠯᠭᠤᠷᠠᠨ ᠭᠠᠷᠤᠭᠰᠠᠨ ᠨᠢ ᠡᠯᠪᠡᠭ ᠪᠠᠶᠠᠯᠢᠭ ᠰᠤᠶᠤᠯ ᠤᠨ ᠤᠨᠳᠤᠷᠠᠭ᠎ᠠ ᠪᠠᠷ ᠤᠮᠳᠠᠯᠠᠵᠤ᠂ ᠵᠢᠭᠠᠬᠤ | ᠠᠰᠠᠷ ᠤᠨ ᠡᠮᠦᠨ᠎ᠡ ᠪᠠᠨ ᠰᠢᠬᠢᠳᠭᠡᠭᠰᠡᠨ ᠰᠤᠷᠭᠠᠭᠤᠯᠢ ᠶᠢᠨ ᠰᠤᠷᠳᠠᠯ ᠰᠤᠷᠭᠠᠯ᠂ ᠤᠷᠳᠤ ᠬᠤᠩᠬᠢᠯ ᠤᠨ ᠠᠯᠳᠠᠷᠳᠤ | ᠶᠠᠷᠢᠶ᠎ᠠ ᠰᠡᠷᠡᠮᠵᠢ ᠦᠭᠦᠯᠡᠪᠦᠷᠢ ᠂ ᠤᠰᠤᠨ ᠪᠤᠳᠤᠭ ᠲᠤᠰᠤᠨ ᠵᠢᠷᠤᠭ ᠨᠢ ᠬᠦᠮᠦᠨ ᠰᠤᠶᠤᠯ ᠤᠨ ᠪᠢᠯᠬᠠᠮ᠎ᠠ ᠠᠭᠤᠷ | ᠠᠮᠢᠰᠬᠤᠯ ᠢᠶᠠᠷ ᠰᠤᠷᠭᠠᠭᠤᠯᠢ ᠶᠢᠨ ᠬᠦᠷᠢᠶ᠎ᠡ ᠪᠠᠨ ᠴᠢᠮᠠᠵᠦ᠂ ᠬᠡᠦᠭᠡᠳ ᠪᠠᠭᠠᠴᠤᠳ ᠤᠨ ᠵᠠᠩ ᠠᠭᠠᠯᠢ ᠶᠢ | ᠤᠮᠳᠠᠯᠠᠭᠰᠠᠨ ᠳᠤ ᠪᠤᠢ᠂ ᠨᠠᠶᠢᠷᠠᠯ ᠲᠠᠭᠤᠤ ᠶᠢᠨ ᠤᠷᠤᠯᠳᠤᠭᠠᠨ᠂ ᠨᠠᠷᠠᠨ ᠬᠡᠷᠡᠯᠳᠦ ᠲᠠᠮᠢᠷ ᠤᠨ ᠨᠠᠶᠢᠷ᠂ ᠴᠠᠰᠤᠨ ᠳᠤ | ᠭᠤᠯᠭᠤᠬᠤ ᠨᠠᠶᠢᠷ᠂ ᠨᠡᠶᠢᠬᠡᠮ ᠤᠨ ᠦᠢᠯᠡᠳᠦᠯᠭᠡ ᠶᠢᠨ ᠪᠦᠳᠦᠭᠡᠯ ᠤᠨ ᠦᠵᠡᠬᠦᠯᠭᠡ᠂ ᠰᠤᠷᠴᠤ ᠰᠤᠳᠤᠯᠤᠨ | ᠵᠤᠭᠠᠴᠠᠬᠤ ᠵᠡᠷᠭᠡ ᠬᠦᠳᠡᠯᠭᠡᠭᠡᠨ ᠢᠶᠠᠷ ᠬᠡᠦᠭᠡᠳ ᠤᠨ ᠵᠢᠷᠦᠭᠡ ᠰᠡᠳᠬᠢᠯ ᠳᠤ ᠰᠢᠮᠡᠳᠬᠡᠭᠰᠡᠨ ᠳᠤ ᠪᠤᠢ᠃ | ᠠᠮᠢᠳᠤᠷᠠᠯ ᠤᠨ ᠬᠦᠴᠦᠨ ᠢᠶᠠᠷ ᠪᠠᠶᠠᠯᠢᠭ ᠠᠷᠠᠳᠴᠢᠯᠠᠯ ᠤᠨ ᠬᠢᠴᠢᠶᠡᠯ ᠤᠨ ᠲᠠᠩᠬᠢᠮ ᠠᠴᠠ ᠢᠷᠡᠯᠳᠡ ᠲᠠᠢ ᠶᠤᠮ᠃ | ᠬᠢᠴᠢᠶᠡᠯ ᠤᠨ ᠲᠠᠩᠬᠢᠮ ᠤᠨ ᠪᠠᠶᠢᠭᠤᠯᠤᠯᠳᠠ ᠳᠤ᠂ ᠮᠤᠩᠭᠤᠯ ᠲᠤᠮᠳᠠᠳᠤ ᠰᠤᠷᠭᠠᠭᠤᠯᠢ ᠶᠢᠨ ᠠᠩᠬ᠎ᠠ ᠲᠤᠮᠳᠠᠳᠤ ᠶᠢᠨ | ᠬᠡᠯᠳᠡᠰ ᠨᠢ ᠦᠪᠡᠷ ᠤᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠤᠭᠴᠢᠳ ᠤᠨ ᠰᠢᠨ᠎ᠡ ᠡᠬᠦᠳᠬᠦ | ᠵᠤᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠬᠢ ᠶᠢ ᠬᠦᠮᠦᠵᠢᠬᠦᠯᠬᠦ ᠪᠠᠷ ᠭᠤᠤᠯᠳᠠᠯᠭ᠎ᠠ ᠪᠤᠯᠭᠠᠵᠤ᠂ ᠬᠢᠴᠢᠶᠡᠯ ᠤᠨ | ᠲᠠᠩᠬᠢᠮ ᠤᠨ ᠦᠭᠡᠷᠡᠴᠢᠯᠡᠯᠳᠡ ᠶᠢ ᠢᠳᠡᠪᠬᠢᠳᠡᠢ ᠠᠬᠢᠭᠤᠯᠵᠤ᠂ ᠪᠦᠬᠦ ᠪᠠᠭᠰᠢ ᠨᠡᠷ ᠰᠤᠷᠤᠭᠴᠢ ᠳᠤ ᠲᠤᠬᠢᠷᠠᠭᠤᠯᠤᠨ | ᠵᠢᠭᠠᠵᠤ᠂ ᠰᠤᠷᠤᠭᠴᠢᠳ ᠤᠨ ᠰᠤᠷᠤᠯᠴᠠᠬᠤ ᠴᠢᠳᠠᠪᠤᠷᠢ ᠪᠠ ᠰᠢᠨ᠎ᠡ ᠶᠢ ᠡᠬᠦᠳᠬᠦ ᠤᠬᠠᠮᠰᠠᠷ ᠢ ᠴᠢᠬᠤᠯᠠᠴᠢᠯᠠᠨ | ᠬᠦᠮᠦᠵᠢᠬᠦᠯᠵᠦ᠂ ᠦᠨᠳᠦᠷ ᠠᠰᠢᠭᠳᠤ ᠬᠢᠴᠢᠶᠡᠯ ᠤᠨ ᠲᠠᠩᠬᠢᠮ ᠢ ᠪᠤᠢ ᠪᠤᠯᠭᠠᠨ᠂ ᠦᠪᠡᠷ ᠤᠨ ᠤᠨᠴᠠᠯᠢᠭ ᠲᠠᠢ | ᠠᠷᠠᠳᠴᠢᠯᠠᠯᠳᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠬᠤ ᠬᠡᠯᠪᠡᠷᠢ ᠶᠢ ᠪᠦᠷᠢᠳᠤᠭᠦᠯᠪᠡ᠃ ᠪᠠᠰᠠ ᠰᠤᠷᠭᠠᠨ | ᠬᠦᠮᠦᠵᠢᠯ ᠢ ᠪᠦᠬᠦ ᠲᠠᠯ᠎ᠠ ᠪᠠᠷ ᠠᠬᠢᠭᠤᠯᠤᠭᠰᠠᠨ ᠠᠴᠠ ᠢᠷᠡᠯᠳᠡ ᠲᠠᠢ᠂ ᠮᠤᠩᠭᠤᠯ ᠲᠤᠮᠳᠠᠳᠤ ᠰᠤᠷᠭᠠᠭᠤᠯᠢ ᠶᠢᠨ | ᠠᠩᠬ᠎ᠠ ᠲᠤᠮᠳᠠᠳᠤ ᠶᠢᠨ ᠬᠡᠯᠳᠡᠰ ᠨᠢ ᠮᠤᠷᠠᠯ ᠤᠨ ᠬᠦᠮᠦᠵᠢᠯ ᠢᠶᠠᠷ ᠬᠠᠮᠢᠶᠠᠷᠴᠦ᠂ ᠬᠦᠮᠦᠨ ᠢ ᠬᠦᠮᠦᠵᠢᠬᠦᠯᠬᠦ ᠳᠤ ᠬᠠᠷ᠎ᠠ | ᠬᠦᠴᠦ ᠪᠠᠷ ᠰᠤᠷᠭᠠᠬᠤ ᠪᠢᠰᠢ᠃ ᠨᠠᠮᠢᠷᠠᠭ᠎ᠠ ᠬᠤᠷ᠎ᠠ ᠨᠢᠯᠬ᠎ᠠ ᠴᠢᠬᠢ ᠶᠢ ᠤᠮᠳᠠᠯᠠᠬᠤ ᠮᠡᠳᠤ᠃ | | | ᠲᠡᠳᠡ ᠪᠤᠯᠪᠠᠰᠤᠨ ᠰᠤᠷᠭᠠᠭᠤᠯᠢ ᠶᠢᠨ ᠬᠦᠷᠢᠶᠡᠯᠡᠩ ᠢ ᠡᠭᠦᠳᠬᠦ ᠬᠦᠳᠡᠯᠭᠡᠭᠡᠨ ᠢᠶᠠᠷ ᠠᠴᠢᠶᠠᠯᠠᠯ ᠪᠤᠯᠭᠠᠵᠤ᠂ ᠪᠠᠭᠰᠢ | ᠰᠤᠷᠤᠭᠴᠢᠳ ᠤᠨ ᠲᠤᠮᠳᠠ ᠤᠯᠤᠰ ᠢᠶᠠᠨ ᠬᠠᠶᠢᠷᠠᠯᠠᠬᠤ᠂ ᠲᠠᠬᠢᠮᠳᠠᠭᠤ ᠶᠤᠰᠤᠨ᠂ ᠶᠤᠰᠤᠯᠡᠯ᠂ ᠦᠭᠡᠳᠡᠷᠭᠡᠭ ᠪᠠᠶᠢᠬᠤ | ᠵᠡᠷᠭᠡ ᠮᠤᠷᠠᠯ ᠤᠨ ᠬᠦᠮᠦᠵᠢᠯ ᠢ ᠤᠶᠢᠯᠠᠭᠠᠬᠤ ᠬᠦᠳᠡᠯᠭᠡᠭᠡᠨ ᠢ ᠦᠷᠬᠡᠨ ᠢᠶᠠᠷ ᠦᠷᠨᠢᠬᠦᠯᠵᠦ᠂ ᠤᠯᠠᠨ ᠦᠷᠭᠡᠴᠡ ᠪᠠᠷ | ᠡᠶᠡᠷᠡᠬᠦᠯᠤᠨ ᠰᠤᠷᠭᠠᠵᠤ᠂ ᠶᠤᠰᠤ ᠮᠤᠷᠠᠯ ᠤᠨ ᠦᠪᠡᠷ ᠤᠨ ᠤᠬᠠᠮᠰᠠᠷ ᠢ ᠨᠢ ᠲᠠᠭᠤᠳᠠᠨ ᠰᠡᠷᠢᠭᠡᠵᠥ᠂ ᠨᠢᠭᠡᠨ ᠲᠦᠭᠦᠷ | ᠲᠦᠪ ᠴᠢᠩᠭ᠎ᠠ ᠰᠢᠨᠵᠢᠯᠡᠬᠦ ᠤᠬᠠᠭᠠᠨᠴᠢ ᠬᠠᠮᠢᠶᠠᠷᠤᠯᠳᠠ ᠶᠢᠨ ᠰᠢᠰᠲ᠋ᠧᠮ ᠢ ᠪᠦᠳᠦᠭᠡᠪᠡ᠃ ᠰᠢᠯᠭᠠᠷᠠᠭᠰᠠᠨ ᠰᠢᠯᠢᠳᠡᠭ | ᠪᠠᠭᠰᠢ ᠶᠢᠨ ᠡᠩᠨᠡᠭᠡ ᠠᠴᠠ ᠢᠷᠡᠯᠳᠡ ᠲᠠᠢ ᠶᠤᠮ᠂ ᠤᠳᠤᠬᠠᠨ ᠳᠤ᠂ ᠠᠩᠬ᠎ᠠ ᠲᠤᠮᠳᠠᠳᠤ ᠶᠢᠨ ᠬᠡᠯᠳᠡᠰ ᠲᠤ ᠬᠢᠴᠢᠶᠡᠯ | ᠤᠷᠤᠳᠠᠭ 16 ᠬᠦᠮᠦᠨ ᠤ ᠲᠤᠳᠤᠷ᠎ᠠ ᠦᠪᠡᠷᠳᠡᠭᠡᠨ ᠵᠠᠰᠠᠬᠤ ᠤᠷᠤᠨ ᠤ ᠲᠡᠰ ᠤᠨ ᠲᠡᠷᠢᠬᠦᠨ ᠤ ᠠᠵᠢᠯᠳᠠᠨ 1 ᠨᠡᠷ᠎ᠡ | ᠂ ᠬᠤᠳᠠ ᠶᠢᠨ ᠲᠡᠰ ᠤᠨ ᠬᠢᠴᠢᠶᠡᠯ ᠬᠦᠮᠦᠵᠢᠯ ᠤᠨ ᠲᠠᠭᠠᠭᠤᠯᠤᠭᠴᠢ 3 ᠬᠦᠮᠦᠨ᠂ ᠬᠤᠳᠠ ᠶᠢᠨ ᠲᠠᠰ ᠤᠨ ᠵᠢᠭᠠᠨ | ᠰᠤᠷᠭᠠᠭᠴᠢ ᠴᠢᠳᠠᠪᠤᠷᠢᠳᠠᠨ 1 ᠬᠦᠮᠦᠨ᠂ ᠬᠤᠰᠢᠭᠤᠨ ᠲᠡᠰ ᠤᠨ ᠵᠢᠭᠠᠨ ᠰᠤᠷᠭᠠᠭᠴᠢ ᠴᠢᠳᠠᠪᠤᠷᠢᠳᠠᠨ 11 ᠬᠦᠮᠦᠨ | ᠪᠠᠶᠢᠳᠠᠭ᠂ ᠬᠦᠴᠦᠷᠭᠡᠭ ᠲᠤᠮᠤ ᠪᠠᠭᠰᠢ ᠶᠢᠨ ᠡᠩᠨᠡᠭᠡ ᠨᠢ ᠰᠤᠷᠭᠠᠭᠤᠯᠢ ᠶᠢᠨ ᠬᠦᠭᠵᠢᠯᠳᠡ ᠶᠢᠨ ᠦᠨᠢᠳᠡ ᠶᠢᠨ | ᠬᠦᠳᠡᠯᠭᠡᠬᠦ ᠬᠦᠴᠦ ᠶᠤᠮ᠃ | | | ᠮᠤᠩᠭᠤᠯ ᠲᠤᠮᠳᠠᠳᠤ ᠰᠤᠷᠭᠠᠭᠤᠯᠢ ᠶᠢᠨ ᠠᠩᠬ᠎ᠠ ᠲᠤᠮᠳᠠᠳᠤ ᠶᠢᠨ ᠬᠡᠯᠳᠡᠰ ᠤᠨ ᠬᠦᠭᠵᠢᠯᠳᠡ ᠨᠢ ᠨᠢᠬᠡᠨ ᠬᠤᠪᠢ | ᠪᠠᠶᠠᠰᠤᠯ ᠵᠢᠷᠭᠠᠯ ᠮᠦᠨ᠂ ᠦᠩᠭᠡ ᠬᠢᠯᠪᠠᠭ᠎ᠠ᠂ ᠴᠤᠭ ᠵᠢᠪᠬᠤᠭ᠎ᠠ᠂ ᠡᠭᠦᠷᠭᠡ ᠬᠠᠷᠢᠭᠤᠴᠠᠯᠭ᠎ᠠ ᠮᠦᠨ︕ ᠢᠷᠡᠭᠡᠳᠦᠢ | ᠪᠠᠨ ᠪᠠᠷᠠᠯᠠᠬᠤᠶ᠎ᠠ᠂ ᠮᠤᠩᠭᠤᠯ ᠲᠤᠮᠳᠠᠳᠤ ᠰᠤᠷᠭᠠᠭᠤᠯᠢ ᠶᠢᠨ ᠬᠢᠨ ᠠᠴᠢ ᠡᠯᠪᠡᠷᠢᠯ ᠤᠨ ᠰᠡᠳᠬᠢᠯᠭᠡ ᠡᠪᠦᠷᠯᠡᠵᠦ᠂ | ᠤᠷᠢᠳᠡᠬᠢ ᠶᠢ ᠵᠠᠯᠭᠠᠮᠵᠢᠯᠠᠨ ᠢᠷᠡᠭᠡᠳᠦᠢ ᠶᠢ ᠤᠭᠳᠤᠵᠤ᠂ ᠴᠠᠭ ᠦᠶ᠎ᠡ ᠶᠢ ᠲᠠᠭᠠᠨ ᠤᠷᠤᠭᠰᠢᠯᠠᠵᠤ᠂ ᠵᠤᠷᠢᠭᠳᠠᠢ ᠪᠠᠷ | ᠰᠢᠨ᠎ᠡ ᠶᠢ ᠡᠭᠦᠳᠴᠦ᠂ ᠡᠷᠡᠯᠬᠡᠭᠯᠡᠨ ᠤᠷᠤᠭᠰᠢᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠳᠡᠢ ᠰᠤᠷᠭᠠᠨ | ᠬᠦᠮᠦᠵᠢᠯ ᠢ ᠡᠷᠬᠢᠯᠡᠬᠦ ᠬᠠᠷᠠᠯᠳᠠ ᠲᠡᠰᠢ ᠤᠮᠤᠭ ᠪᠠᠷᠳᠠᠮ ᠠᠯᠬᠤᠵᠤ ᠪᠠᠶᠢᠨᠠᠮ︕ | | | |