ᠰᠢᠶᠤᠤ ᠨᠢᠦ ᠴᠢᠶᠦ᠋ᠨ ᠪᠠᠯᠭᠠᠰᠤ《ᠤᠭ ᠵᠤᠷᠢᠯᠳᠠ ᠪᠠᠨ ᠦᠯᠦ ᠤᠮᠠᠷᠳᠠᠨ ᠨᠠᠮ ᠢᠶᠠᠨ ᠲᠠᠭᠠᠵᠤ᠂ ᠨᠠᠮ ᠤᠨ ᠬᠠᠮ ᠪᠠᠶᠢᠭᠤᠯᠤᠯᠳᠠ ᠶᠢᠨ ᠰᠢᠨ᠎ᠡ ᠬᠠᠭᠤᠳᠠᠰᠤ》ᠭᠤᠤᠯ ᠰᠡᠳᠤᠪᠳᠤ ᠨᠠᠮ ᠤᠨ ᠡᠳᠦᠷ ᠤᠨ ᠬᠦᠳᠡᠯᠬᠡᠬᠡᠨ ᠡᠷᠬᠢᠯᠡᠪᠡ
ᠨᠡᠶᠢᠲᠡᠯᠡᠭᠰᠡᠨ ᠴᠠᠭ᠄
2019/7/2
6 ᠰᠠᠷ᠎ᠠ ᠶᠢᠨ 20 ᠤ ᠡᠳᠦᠷ᠂ ᠰᠢᠶᠤᠤ ᠨᠢᠦ ᠴᠢᠶᠦ᠋ᠨ ᠪᠠᠯᠭᠠᠰᠤᠨ ᠤ ᠲᠦᠩ ᠲᠠᠢ ᠭᠧᠦ ᠳᠠᠬᠢ ᠤᠢ ᠵᠢᠮᠢᠰ ᠬᠤᠷ ᠰᠠᠭᠠᠭ ᠤᠨ ᠠᠵᠤ ᠦᠢᠯᠡᠰ ᠤᠨ ᠨᠠᠮ ᠤᠨ ᠬᠤᠯᠪᠤᠭᠠᠳᠤ ᠬᠤᠷᠢᠶ᠎ᠠ ᠨᠢ《ᠤᠭ ᠵᠤᠷᠢᠯᠳᠠ ᠪᠠᠨ ᠦᠯᠦ ᠤᠮᠠᠷᠳᠠᠨ ᠨᠠᠮ ᠢᠶᠠᠨ ᠲᠠᠭᠠᠵᠤ᠂ ᠨᠠᠮ ᠤᠨ ᠬᠠᠮ ᠪᠠᠶᠢᠭᠤᠯᠤᠯᠳᠠ ᠶᠢᠨ ᠰᠢᠨ᠎ᠡ ᠬᠠᠭᠤᠳᠠᠰᠤ》ᠭᠤᠤᠯ ᠰᠡᠳᠤᠪᠳᠤ ᠨᠠᠮ ᠤᠨ ᠡᠳᠦᠷ ᠤᠨ ᠬᠦᠳᠡᠯᠬᠡᠬᠡᠨ ᠬᠢᠪᠡ᠂ ᠨᠠᠮ ᠤᠨ ᠬᠤᠯᠪᠤᠭᠠᠳᠤ ᠡᠭᠦᠷ ᠤᠨ ᠬᠡᠰᠢᠬᠦᠨ ᠪᠠᠶᠢᠭᠤᠯᠭ᠎ᠠ ᠶᠢᠨ 30 ᠭᠠᠷᠤᠢ ᠬᠦᠮᠦᠨ ᠬᠤᠷᠠᠯ ᠳᠤ ᠤᠷᠤᠯᠴᠠᠪᠠ᠃
ᠬᠤᠷᠴᠠ ᠤᠯᠠᠭᠠᠨ ᠦᠩᠭᠡᠳᠦ ᠨᠠᠮ ᠤᠨ ᠲᠤᠭ ᠤᠨ ᠲᠤᠤᠷ᠎ᠠ᠂ ᠪᠦᠬᠦ ᠨᠠᠮ ᠤᠨ ᠬᠡᠰᠢᠭᠦᠳ ᠪᠠᠷᠠᠭᠤᠨ ᠭᠠᠷ ᠢᠶᠠᠨ ᠡᠷᠬᠦᠵᠦ᠂ ᠨᠢᠳᠤᠷᠭ᠎ᠠ ᠪᠠᠨ ᠴᠢᠩᠭ᠎ᠠ ᠵᠠᠩᠭᠢᠳᠤᠨ᠂ ᠲᠦᠪ ᠴᠢᠬᠢᠮᠠᠢ ᠲᠠᠩᠭᠠᠷᠢᠭᠯᠠᠵᠠᠭᠠᠨ᠂ ᠲᠠᠬᠢᠨ ᠨᠢᠬᠡ ᠤᠳᠠᠭ᠎ᠠ ᠨᠠᠮ ᠤᠨ ᠢᠳᠡᠭᠡᠯ ᠢᠶᠠᠨ ᠪᠠᠳᠤᠳᠬᠠᠨ᠂ ᠨᠠᠮ ᠤᠨ ᠬᠡᠰᠢᠬᠦᠨ ᠤ ᠤᠭ ᠵᠤᠷᠢᠯᠳᠠ ᠪᠠᠨ ᠮᠠᠷᠳᠠᠬᠤ ᠦᠭᠡᠢ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠡᠷᠡᠯᠬᠡᠭᠯᠡᠨ ᠤᠷᠤᠭᠰᠢᠯᠠᠬᠤ ᠤᠮᠤᠭ ᠲᠡᠭᠦᠯᠳᠡᠷ ᠰᠡᠳᠬᠢᠯᠬᠡ ᠶᠢ ᠨᠢ ᠬᠦᠭᠵᠢᠬᠡᠨ᠎ᠡ᠃
ᠬᠤᠷᠠᠯ ᠲᠡᠭᠡᠷ᠎ᠡ《ᠰᠢᠶᠤᠤ ᠨᠢᠦ ᠴᠢᠶᠦ᠋ᠨ ᠪᠠᠯᠭᠠᠰᠤᠨ ᠤ 2019 ᠤᠨ ᠤ〈ᠬᠡᠰᠡᠭ ᠬᠡᠯᠪᠡᠷᠢ〉 ᠶᠢ ᠪᠦᠬᠦᠨ ᠢ ᠬᠡᠪᠴᠢᠶᠡᠵᠢᠬᠦᠯᠬᠦ ᠨᠠᠮ ᠤᠨ ᠬᠠᠮ ᠪᠠᠶᠢᠭᠤᠯᠤᠯᠳᠠ ᠶᠢ ᠬᠡᠷᠡᠭᠵᠢᠬᠦᠯᠬᠦ ᠶᠢ ᠠᠬᠢᠭᠤᠯᠬᠤ ᠲᠦᠰᠦᠯ》 ᠢ ᠨᠡᠶᠢᠳᠡᠯᠡᠵᠦ᠂ ᠬᠠᠮᠳᠤᠷᠠᠭᠰᠠᠨ ᠬᠤᠷᠠᠯ᠂  ᠴᠤᠭᠯᠠᠷᠠᠭᠤᠯᠬᠤ ᠡᠬᠡᠯᠵᠢᠳᠦ ᠬᠦᠮᠦᠨ ᠵᠡᠷᠭᠡ 12 ᠵᠦᠢᠯ ᠤᠨ ᠲᠦᠷᠢᠮ ᠢ ᠰᠤᠳᠤᠯᠤᠨ ᠶᠠᠷᠢᠯᠴᠠᠪᠠ᠃ ᠬᠡᠰᠢᠬᠦᠨ ᠪᠠᠶᠢᠭᠤᠯᠭ᠎ᠠ ᠤᠳ ᠲᠠᠢ ᠬᠠᠮᠳᠤᠪᠠᠷ ᠪᠠᠶᠢᠭᠤᠯᠬᠤ ᠨᠡᠶᠢᠳᠡ ᠶᠢᠨ ᠭᠡᠷ᠎ᠡ ᠪᠠ ᠨᠠᠮ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠨᠠᠮ ᠤᠨ ᠬᠠᠮ ᠪᠠᠶᠢᠭᠤᠯᠤᠯᠳᠠ ᠶᠢᠨ ᠬᠠᠷᠠᠯᠳᠠ ᠴᠢᠭᠯᠡᠯ ᠪᠠ ᠠᠵᠢᠯ ᠤᠨ ᠡᠭᠦᠷᠭᠡ ᠶᠢ ᠲᠤᠳᠤᠷᠬᠠᠶᠢᠯᠠᠪᠠ᠃ᠬᠦᠳᠡᠯᠭᠡᠭᠡᠨ ᠤ ᠲᠤᠮᠳᠠ ᠨᠠᠮ ᠤᠨ ᠬᠡᠰᠢᠭᠦᠳ ᠬᠠᠮᠳᠤᠪᠠᠷ ᠤᠯᠤᠰ ᠲᠦᠷᠦ ᠶᠢᠨ ᠲᠦᠷᠦᠭᠰᠡᠨ ᠡᠳᠦᠷ᠂ ᠤᠭ ᠵᠤᠷᠢᠯᠳᠠ ᠪᠠᠨ ᠦᠯᠦ ᠤᠮᠠᠷᠳᠠᠬᠤ ᠬᠠᠮᠳᠤ ᠶᠢᠨ ᠲᠠᠭᠤᠤ ᠲᠠᠭᠤᠯᠠᠵᠤ᠂《ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ》᠂ ᠨᠠᠮ ᠤᠨ ᠬᠠᠮ ᠪᠠᠶᠢᠭᠤᠯᠤᠯᠳᠠ ᠶᠢᠨ ᠲᠤᠰᠬᠠᠢ ᠰᠡᠳᠤᠪᠳᠤ ᠹᠢᠯᠢᠮ᠂ ᠶᠠᠳᠠᠭᠤ ᠬᠦᠴᠢᠷᠳᠡᠢ ᠨᠠᠮ ᠤᠨ ᠬᠡᠰᠢᠭᠦᠳ ᠢ ᠬᠠᠷᠠᠭᠠᠯᠵᠠᠭᠤᠯᠤᠨ ᠬᠠᠪᠰᠤᠷᠬᠤ ᠵᠡᠷᠭᠡ ᠬᠦᠳᠡᠯᠬᠡᠬᠡᠨ ᠢ ᠦᠷᠨᠢᠬᠦᠯᠪᠡ᠃ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠨᠢ ᠠᠮᠢᠳᠤᠯᠢᠭ᠂ ᠤᠳᠬ᠎ᠠ ᠠᠭᠤᠯᠭ᠎ᠠ ᠨᠢ ᠬᠦᠨᠵᠡᠭᠡᠢ ᠪᠠᠶᠢᠳᠠᠭ ᠡᠨᠡᠬᠦ ᠬᠦᠳᠡᠯᠬᠡᠬᠡᠨ ᠢᠶᠠᠷ ᠲᠠᠮᠵᠢᠵᠤ᠂ ᠨᠠᠮ ᠤᠨ ᠲᠤᠳᠤᠭᠠᠳᠤ ᠲᠠᠬᠢ ᠤᠯᠤᠰ ᠲᠦᠷᠦ ᠶᠢᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ ᠬᠡᠰᠢᠭᠦᠨ ᠤ ᠲᠠᠨᠢᠯᠳᠠ ᠶᠢ ᠴᠢᠩᠭᠠᠳᠬᠠᠵᠤ᠂ ᠨᠠᠮᠴᠢ ᠬᠡᠪ ᠪᠤᠯᠪᠠᠰᠤᠷᠠᠯ ᠢ ᠪᠠᠳᠤ ᠪᠤᠯᠭᠠᠪᠠ᠃ᠬᠤᠷᠠᠯ ᠤᠨ ᠲᠠᠷᠠᠭ᠎ᠠ᠂ ᠨᠠᠮ ᠤᠨ ᠬᠤᠯᠪᠤᠭᠠᠳᠤ ᠬᠤᠷᠢᠶ᠎ᠠ ᠨᠢ ᠬᠤᠷᠠᠯ ᠳᠤ ᠤᠷᠤᠯᠴᠠᠭᠰᠠᠨ ᠨᠠᠮ ᠤᠨ ᠬᠡᠰᠢᠭᠦᠳ ᠢᠶᠠᠨ ᠵᠤᠬᠢᠶᠠᠨ ᠪᠠᠶᠢᠭᠤᠯᠵᠤ《ᠰᠢᠢᠳᠪᠤᠷᠢᠯᠡᠭᠴᠢ ᠲᠤᠯᠤᠯᠳᠤᠭᠠᠨ ᠤ ᠦᠵᠡᠰᠬᠦᠯᠡᠩ ᠤᠨ ᠤᠷᠳᠤᠨ》 ᠢ ᠲᠤᠭᠤᠷᠢᠨ ᠦᠵᠡᠵᠦ᠂ ᠬᠤᠩ ᠯᠢ ᠹᠧᠩ ᠬᠤᠷ ᠰᠠᠭᠠᠭ ᠤᠨ ᠠᠵᠤ ᠦᠢᠯᠡᠰ ᠤᠨ ᠬᠠᠪᠰᠤᠷᠤᠯᠴᠠᠬᠤ ᠬᠤᠷᠰᠢᠶ᠎ᠠ᠂ ᠲᠦᠩ ᠲᠠᠢ ᠭᠧᠦ ᠠᠯᠢᠮ᠎ᠠ ᠵᠢᠮᠢᠰ ᠲᠠᠷᠢᠵᠦ ᠤᠷᠭᠤᠭᠤᠯᠬᠤ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号