ᠬᠠᠷᠠᠴᠢᠨ ᠬᠤᠰᠢᠭᠤᠨ ︽ᠨᠢᠭᠡᠳᠬᠡᠬᠦ︾ ᠠᠴᠠ ᠡᠮᠦᠨᠡᠬᠢ  ᠠᠵᠢᠯ ᠣᠯᠤᠭᠠᠳᠤᠶ ᠲᠡᠭᠦᠰᠬᠦ ᠰᠤᠷᠤᠭᠴᠢᠳ ᠴᠢᠳᠠᠪᠤᠷᠢᠲᠠᠨ ᠡᠯᠰᠡᠬᠦ  ᠴᠤᠭᠯᠠᠭᠠᠨ ᠳᠤ ᠣᠷᠣᠯᠴᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2019/7/2
ᠬᠠᠷᠠᠴᠢᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2019 ᠣᠨ ᠤ 6 ᠰᠠᠷ᠎ᠠ ᠶᠢᠨ 30 ᠤ ᠡᠳᠦᠷ ᠾᠧ ᠮᠧᠢ ᠠᠷᠠᠯᠵᠢᠶ᠎ᠠ ᠬᠤᠳᠠᠯᠳᠤᠭᠠᠨ ᠤ  ᠬᠤᠲᠠᠬᠠᠨ ᠤ ᠯᠦ ᠱᠠᠩ ᠲᠣᠮᠣ ᠠᠰᠠᠷ ᠤᠨ ᠳᠥᠷᠪᠡᠳᠦᠭᠡᠷ ᠳᠠᠪᠬᠤᠷᠭ᠎ᠠ ᠶᠢᠨ ᠬᠠᠷᠠᠴᠢᠨ ᠬᠤᠰᠢᠭᠤᠨ ᠤ ᠵᠥᠩ ᠰᠢᠩ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠰ ᠴᠣᠭᠴᠠᠯᠠᠬᠤ ᠨᠡᠪᠴᠢᠭᠦᠯᠭᠡ ᠶᠢᠨ ᠰᠠᠭᠤᠷᠢᠨ ᠭᠠᠵᠠᠷ ᠲᠤ ᠲᠣᠮᠣ ᠬᠡᠯᠪᠡᠷᠢ ᠶᠢᠨ ᠴᠢᠳᠠᠪᠤᠷᠢᠲᠠᠨ ᠤᠷᠢᠬᠤ ᠴᠤᠭᠯᠠᠭᠠᠨ ᠬᠢᠵᠦ᠂ ᠪᠡᠭᠡᠵᠢᠩ ᠤᠨ ᠰᠢ ᠴᠧᠩ ᠲᠣᠭᠤᠷᠢᠭ᠂ ᠤᠯᠠᠭᠠᠨᠬᠠᠳᠠ ᠬᠤᠲᠠ ᠪᠠ ᠬᠠᠷᠠᠴᠢᠨ ᠬᠤᠰᠢᠭᠤᠨ ᠤ 100 ᠭᠠᠷᠤᠶ ᠠᠵᠤ ᠠᠬᠤᠢᠢᠯᠠᠯ 1500 ᠭᠠᠷᠤᠶ ᠠᠵᠢᠯ ᠤᠨ ᠪᠠᠶᠢᠷᠢ ᠬᠠᠩᠭᠠᠬᠤ ᠪᠣᠯᠤᠨ᠎ᠠ᠃ ︽ᠬᠠᠷᠠᠴᠢᠨ ᠬᠤᠰᠢᠭᠤᠨ ᠤ ︿ᠨᠢᠭᠡᠳᠬᠡᠬᠦ﹀ ᠠᠴᠠ ᠡᠮᠦᠨᠡᠬᠢ ᠬᠡᠰᠡᠭ ᠶᠢᠨ ᠪᠠᠭᠰᠢ ᠶᠢᠨ ᠪᠤᠰᠤ ᠲᠥᠷᠥᠯ ᠤᠨ ᠡᠩ  ᠤᠨ ᠶᠡᠭᠡ ᠳᠡᠭᠡᠳᠥ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠ ᠮᠡᠷᠭᠡᠵᠢᠯ ᠤᠨ ᠠᠵᠢᠯᠴᠢᠨ ᠤ ᠰᠤᠷᠭᠠᠭᠤᠯᠢ ᠠᠴᠠ ᠲᠡᠭᠦᠰᠦᠭᠰᠡᠳ ᠲᠤ ᠠᠵᠢᠯ ᠣᠯᠭᠤᠬᠤ ᠠᠰᠠᠭᠤᠳᠠᠯ ᠢ ᠰᠢᠶᠳᠪᠦᠷᠢᠯᠡᠬᠦ ᠲᠤᠬᠠᠢ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠣᠰᠣᠭᠠᠷ᠂ ︽ᠨᠢᠭᠡᠳᠬᠡᠬᠦ︾ ᠠᠴᠠ ᠡᠮᠦᠨᠡᠬᠢ ᠬᠡᠰᠡᠭ ᠪᠠᠭᠰᠢ ᠶᠢᠨ ᠪᠤᠰᠤ ᠲᠥᠷᠥᠯ ᠤᠨ ᠡᠩ ᠤᠨ ᠳᠡᠭᠡᠳᠥ ᠳᠤᠮᠳᠠᠳᠤ  ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠠᠵᠢᠯ ᠣᠯᠤᠭᠠᠳᠤᠶ ᠬᠡᠰᠡᠭ ᠲᠡᠭᠦᠰᠬᠦ ᠰᠤᠷᠤᠭᠴᠢᠳ ᠴᠢᠳᠠᠪᠤᠷᠢᠲᠠᠨ ᠡᠯᠰᠡᠬᠦ ᠴᠤᠭᠯᠠᠭᠠᠨ ᠳᠤ ᠣᠷᠣᠯᠴᠠᠵᠤ᠂ ᠵᠥᠪᠳᠡᠯᠴᠡᠨ ᠰᠣᠯᠢᠯᠴᠠᠵᠤ᠂ ᠲᠣᠬᠢᠷᠠᠮᠵᠢᠲᠠᠶ ᠠᠵᠢᠯ ᠣᠯᠭᠤᠬᠤ ᠠᠵᠢᠯ ᠤᠨ ᠪᠠᠶᠢᠷᠢ  ᠶᠢ ᠡᠷᠢᠵᠦ ᠣᠯᠬᠤ ᠳᠤ ᠳᠥᠭᠦᠮ ᠪᠣᠯᠭᠠᠨ᠎ᠠ᠃ ᠴᠢᠳᠠᠪᠤᠷᠢᠲᠠᠨ ᠤᠷᠢᠬᠤ ᠴᠤᠭᠯᠠᠭᠠᠨ ᠤ ᠴᠠᠭ᠄ 2019 ᠣᠨ ᠤ 6 ᠰᠠᠷ᠎ᠠ ᠶᠢᠨ 30 ᠤ ᠡᠳᠦᠷ ︵ᠭᠠᠷᠠᠭ ᠤᠨ ᠡᠳᠦᠷ︶ ᠤᠨ ᠦᠳᠡ ᠡᠮᠦᠨᠡᠬᠢ 9 ᠴᠠᠭ 30 ᠮᠢᠨᠦ᠋ᠲ ᠠᠴᠠ ᠦᠳᠡ ᠬᠤᠶᠢᠨᠠᠬᠢ 3 ᠴᠠᠭ ᠪᠣᠯᠲᠠᠯ᠎ᠠ᠃ ᠭᠠᠵᠠᠷ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ ᠪᠠᠷᠠᠭᠤᠨ ᠬᠡᠰᠡᠭ ᠶᠢᠨ ᠾᠧ ᠮᠧᠢ ᠠᠷᠠᠯᠵᠢᠶ᠎ᠠ ᠬᠤᠳᠠᠯᠳᠤᠭᠠᠨ ᠤ  ᠬᠤᠲᠠᠬᠠᠨ ᠤ ᠯᠦ ᠱᠠᠩ ᠲᠣᠮᠣ ᠠᠰᠠᠷ ᠤᠨ ᠳᠥᠷᠪᠡᠳᠦᠭᠡᠷ ᠳᠠᠪᠬᠤᠷᠭ᠎ᠠ᠃         ᠬᠠᠷᠠᠴᠢᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                        2019 ᠣᠨ ᠤ 6 ᠰᠠᠷ᠎ᠠ ᠶᠢᠨ 24 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号