ᠬᠠᠷᠠᠴᠢᠨ ᠬᠤᠰᠢᠭᠤᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ︽ᠭᠤᠷᠪᠠᠨ ᠬᠠᠷᠢᠭᠤᠴᠠᠯᠭ᠎ᠠ︾ ᠶᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2019/7/2
︽ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠲᠤᠬᠠᠢ ᠣᠰᠣᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤ ᠲᠠᠷᠢᠶᠠᠯᠠᠩ  ﹇2019﹈ 2 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠳᠣ ᠮᠠᠨ ᠤ ᠬᠤᠰᠢᠭᠤᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ︽ᠭᠤᠷᠪᠠᠨ ᠬᠠᠷᠢᠭᠤᠴᠠᠯᠭ᠎ᠠ︾ ᠶᠢ ᠵᠠᠷᠯᠠᠨ ᠨᠡᠶᠢᠲᠡᠯᠡᠶ᠎ᠡ᠄ ᠨᠢᠭᠡ᠂ ᠢᠯᠠ ᠨᠡᠶᠢᠲᠡᠯᠡᠬᠦ ᠠᠭᠤᠯᠭ᠎ᠠ( ᠨᠢᠭᠡ ) ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ᠄ ᠬᠠᠷᠢᠭᠤᠴᠠᠯᠭᠠᠲᠠᠨ᠄ ᠵᠠᠩ ᠭᠦᠸᠧ ᠬᠤᠸᠠ   ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ︵0476 — 3752864︶ ᠡᠭᠦᠷᠭᠡ ᠬᠠᠷᠢᠭᠤᠴᠠᠯᠭ᠎ᠠ᠄ ᠪᠥᠬᠦ ᠬᠤᠰᠢᠭᠤᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ  ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠳᠦᠷᠢᠮ ᠤᠨ ᠪᠠᠲᠤᠯᠠᠭ᠎ᠠ᠂ ᠬᠠᠮᠢᠶᠠᠷᠤᠯᠲᠠ ᠶᠢᠨ ᠪᠠᠶᠢᠭᠤᠯᠤᠮᠵᠢ ᠂ ᠠᠵᠢᠯᠲᠠᠨ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ ᠢ ᠨᠠᠢᠳᠠᠪᠤᠷᠢᠵᠢᠭᠤᠯᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ( ᠬᠤᠶᠠᠷ ) ᠣᠰᠣᠨ ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠄ ᠬᠠᠷᠢᠭᠤᠴᠠᠯᠭᠠᠲᠠᠨ᠄ ᠱᠠᠩ ᠰᠢ ᠸᠧᠶ   ᠬᠠᠷᠠᠴᠢᠨ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ ︵0476 — 3752613︶ ᠲᠤᠰᠢᠶᠠᠯ ᠬᠠᠷᠢᠭᠤᠴᠠᠯᠭ᠎ᠠ᠄ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠲᠥᠯᠥᠪᠵᠢᠭᠦᠯᠪᠡ᠂ ᠵᠦᠢᠯᠡᠰ ᠢ ᠬᠡᠷᠡᠭᠵᠢᠭᠦᠯᠬᠦ ᠲᠥᠰᠦᠯ ᠵᠡᠷᠭᠡ ᠡᠮᠦᠨᠡᠬᠢ ᠬᠤᠭᠤᠴᠠᠭᠠᠨ ᠤ ᠠᠵᠢᠯ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ  ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ( ᠭᠤᠷᠪᠠ ) ᠤᠰᠤ ᠬᠠᠩᠭᠠᠬᠤ ᠨᠢᠭᠡᠴᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠄ ( ᠮᠢᠩᠭ᠎ᠠ ᠬᠦᠮᠦᠨ ᠠᠴᠠ ᠳᠡᠭᠡᠭᠰᠢ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ) ᠬᠠᠷᠢᠭᠤᠴᠠᠯᠭᠠᠲᠠᠨ᠄ ᠡᠯ᠎ᠡ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠶᠢᠨ ᠬᠠᠷᠢᠭᠤᠴᠠᠯᠭᠠᠲᠠᠨ ︵ᠳᠠᠭᠠᠯᠳᠤᠭᠤᠯᠤᠭᠰᠠᠨ ᠬᠦᠰᠦᠨᠦᠭᠲᠦ ᠠᠴᠠ ᠦᠵᠡ︶ ᠡᠭᠦᠷᠭᠡ ᠬᠠᠷᠢᠭᠤᠴᠠᠯᠭ᠎ᠠ᠄ ᠤᠰᠤ ᠬᠡᠷᠡᠭᠯᠡᠬᠦ ᠡᠷᠦᠬᠡ ᠳᠤ ᠣᠰᠣᠨ ᠤ ᠴᠢᠨᠠᠷ᠂ ᠣᠰᠣᠨ ᠤ ᠬᠡᠮᠵᠢᠶ᠎ᠡ ᠶᠢᠨ ᠱᠠᠭᠠᠷᠳᠠᠯᠭ᠎ᠠ ᠳᠤ ᠨᠡᠢᠴᠡᠬᠦ ᠤᠰᠤ ᠬᠠᠩᠭᠠᠬᠤ ᠦᠢᠯᠡᠴᠢᠯᠡᠭᠡᠨ ᠢ ᠬᠠᠷᠢᠭᠤᠴᠠᠨ ᠬᠠᠩᠭᠠᠵᠤ᠂ ᠬᠡᠪ ᠤᠨ ᠶᠣᠰᠣᠭᠠᠷ ᠤᠰᠤ ᠬᠠᠩᠭᠠᠬᠤ ᠶᠢ ᠪᠠᠲᠤᠯᠠᠨ᠂  ᠬᠤᠯᠪᠣᠭᠳᠠᠬᠤ ᠬᠥᠮᠦᠰ ᠢ ᠨᠠᠶᠢᠳᠠᠪᠤᠷᠢᠵᠢᠭᠤᠯᠤᠨ᠂ ᠣᠰᠣᠨ ᠰᠤᠷᠪᠤᠯᠵᠢ ᠶᠢᠨ ᠲᠣᠭᠤᠷᠢᠨ ᠪᠠᠶᠢᠴᠠᠭᠠᠬᠤ᠂ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ᠂ ᠣᠰᠣᠨ ᠤ ᠴᠢᠨᠠᠷ ᠢ ᠪᠠᠶᠢᠴᠠᠭᠠᠨ ᠬᠡᠮᠵᠢᠬᠦ᠂ ᠣᠰᠣᠨ ᠤ ᠵᠠᠷᠤᠳᠠᠯ ᠢ ᠪᠣᠳᠣᠬᠤ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠬᠤᠶᠠᠷ᠂ ᠢᠯᠠ ᠨᠡᠶᠢᠲᠡᠯᠡᠬᠦ ᠬᠤᠭᠤᠴᠠᠭ᠎ᠠ 2019 ᠣᠨ ᠤ 6 ᠰᠠᠷ᠎ᠠ ᠶᠢᠨ 19 ᠤ ᠡᠳᠦᠷ ᠠᠴᠠ 2019 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ᠃ ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠨᠢᠭᠡᠴᠢ ᠪᠠ ᠬᠤᠪᠢ ᠬᠥᠮᠥᠨ ᠴᠥᠮ ᠢᠷᠡᠵᠦ ᠰᠤᠷᠪᠤᠯᠵᠢᠯᠠᠬᠤ  ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠶᠢᠲᠡᠯᠡᠭᠰᠡᠨ ᠠᠭᠤᠯᠭ᠎ᠠ ᠶᠢᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠪᠢᠳᠡ ᠠᠰᠠᠭᠤᠳᠠᠯ ᠢ ᠲᠤᠰᠬᠠᠭᠰᠠᠳ ᠪᠠ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠢᠯᠠ ᠨᠡᠶᠢᠲᠡᠯᠡᠬᠦ ᠠᠯᠪᠠᠨ ᠭᠡᠷ ᠢ ᠬᠠᠷᠠᠴᠢᠨ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶ᠎ᠠ ᠶᠢᠨ 105 ᠳ᠋ᠤᠭᠠᠷ ᠳᠠᠰᠤᠭ ᠲᠤ ᠲᠣᠬᠢᠷᠠᠭᠤᠯᠪᠠ᠂ ᠤᠲᠠᠰᠤ᠄ 0476 — 3752763᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号