ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠵᠦ ᠰᠢᠪᠳᠤᠯᠤᠯᠳᠠ ᠬᠢᠬᠦ ᠶᠡᠷᠦᠩᠭᠡᠢ ᠠᠩᠬᠢ ᠶᠢᠨ ᠤᠳᠤᠷᠢᠳᠤᠯᠭ᠎ᠠ ᠬᠠᠷᠠᠴᠢᠨ ᠬᠤᠰᠢᠭᠤᠨ ᠤ ᠡᠯᠧᠺᠲᠷᠦᠨ ᠬᠤᠳᠠᠯᠳᠤᠭᠠᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪ ᠲᠤ ᠰᠠᠭᠠᠳᠠᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2019/7/2
2019 ᠤᠨ ᠤ 6 ᠰᠠᠷ᠎ᠠ ᠶᠢᠨ 24 ᠤ ᠡᠳᠦᠷ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠵᠦ ᠰᠢᠪᠳᠤᠯᠤᠯᠳᠠ ᠬᠢᠬᠦ ᠶᠡᠷᠦᠩᠭᠡᠢ ᠠᠩᠬᠢ ᠶᠢᠨ ᠲᠠᠷᠤᠭ᠎ᠠ ᠳ᠋ᠢᠩ ᠯᠢ ᠪᠢᠩ᠂ ᠠᠩᠬᠢ ᠶᠢᠨ ᠬᠡᠰᠢᠬᠦᠨ ᠯᠢ ᠴᠢ ᠸᠧᠢ᠂ ᠶᠠᠩ ᠶᠠᠨ ᠮᠢᠨ ᠨᠡᠷ ᠬᠠᠷᠠᠴᠢᠨ ᠬᠤᠰᠢᠭᠤᠨ ᠤ ᠤᠯᠤᠰ ᠤᠨ ᠲᠡᠰ ᠤᠨ ᠡᠯᠧᠺᠲᠷᠦᠨ ᠬᠤᠳᠠᠯᠳᠤᠭᠠᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪ ᠲᠤ ᠮᠤᠷᠢᠯᠠᠨ ᠰᠠᠭᠠᠳᠠᠵᠤ ᠪᠠᠶᠢᠴᠠᠭᠠᠨ ᠰᠤᠳᠤᠯᠤᠯᠳᠠ ᠬᠢᠵᠦ ᠵᠢᠭᠠᠨ ᠵᠢᠯᠤᠭᠤᠳᠪᠠ᠂ ᠬᠠᠷᠠᠴᠢᠨ ᠬᠤᠰᠢᠭᠤᠨ ᠤ ᠠᠵᠤ ᠦᠢᠯᠡᠳᠪᠤᠷᠢ ᠰᠢᠨᠵᠢᠯᠡᠬᠦ ᠮᠡᠷᠬᠡᠵᠢᠯ ᠤᠨ ᠲᠤᠪᠴᠢᠶᠠᠨ ᠤ ᠲᠠᠷᠤᠭ᠎ᠠ ᠯᠢᠦ ᠹᠧᠩ ᠬᠤᠸᠠ᠂ ᠡᠯᠧᠺᠲᠷᠦᠨ ᠬᠤᠳᠠᠯᠳᠤᠭᠠᠨ ᠤ ᠠᠯᠪᠠᠨ ᠭᠡᠷ ᠤᠨ ᠡᠷᠬᠢᠯᠡᠭᠴᠢ ᠬᠠᠨ ᠢ ᠮᠢᠨ ᠵᠡᠷᠭᠡ ᠬᠦᠮᠦᠰ ᠪᠠᠷ᠎ᠠ ᠪᠤᠯᠤᠯᠴᠠᠪᠠ᠃ᠪᠠᠶᠢᠴᠠᠭᠠᠨ ᠰᠤᠳᠤᠯᠬᠤ ᠲᠤᠭᠤᠶᠢᠯᠠᠩ ᠨᠢ ᠡᠯᠧᠺᠲᠷᠦᠨ ᠬᠤᠳᠠᠯᠳᠤᠭᠠᠨ ᠤ ᠪᠠᠷᠠᠭ᠎ᠠ ᠢᠯᠭᠠᠨ ᠰᠠᠯᠭᠠᠬᠤ ᠤ ᠲᠦᠪ᠂ ᠡᠯᠧᠺᠲᠷᠦᠨ ᠬᠤᠳᠠᠯᠳᠤᠭᠠᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪ᠂ ᠡᠯᠧᠺᠲᠷᠦᠨ ᠬᠤᠳᠠᠯᠳᠤᠭᠠᠨ ᠤ  ᠶᠠᠳᠠᠭᠤ ᠶᠢ ᠲᠡᠳᠬᠦᠬᠦ ᠲᠠᠰᠤᠭ ᠲᠤ ᠬᠦᠷᠴᠦ ᠪᠠᠶᠢᠴᠠᠭᠠᠨ ᠰᠤᠳᠤᠯᠤᠯᠳᠠ ᠬᠢᠵᠦ ᠰᠤᠷᠪᠤᠯᠵᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号