ᠬᠤᠰᠢᠭᠤᠨ ᠳᠤ ᠰᠠᠭᠤᠭ᠎ᠠ ᠲᠠᠷᠤᠭ᠎ᠠ ᠪᠠᠶᠢᠯᠳᠤᠭᠴᠢᠳ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ | ᠴᠠᠭᠠᠵᠠ ᠶᠢᠨ ᠬᠡᠪ ᠴᠢᠨᠡᠷ ᠢ ᠲᠡᠭᠡᠭᠰᠢᠯᠡᠬᠦᠯᠵᠦ᠂ ᠲᠠᠷᠤᠭ᠎ᠠ ᠪᠠᠶᠢᠯᠳᠤᠭᠴᠢᠳ ᠤᠨ ᠬᠠᠤᠯᠢ ᠶᠤᠰᠤᠭᠠᠷ ᠬᠠᠷᠢᠭᠤᠴᠠᠯᠭ᠎ᠠ | ᠪᠠᠨ ᠬᠦᠢᠴᠡᠳᠭᠡᠬᠦ᠂ ᠬᠠᠤᠯᠢ ᠶᠤᠰᠤᠭᠠᠷ ᠤᠴᠢᠷ ᠶᠠᠪᠤᠳᠠᠯ ᠢ ᠰᠢᠢᠳᠪᠤᠷᠢᠯᠡᠬᠦ᠂ ᠬᠠᠤᠯᠢ ᠶᠤᠰᠤᠭᠠᠷ ᠡᠷᠬᠡ ᠪᠠᠨ | ᠬᠠᠮᠠᠭᠠᠯᠠᠬᠤ ᠤᠬᠠᠮᠰᠠᠷ ᠴᠢᠩᠭᠠᠳᠬᠠᠬᠤ ᠶᠢᠨ ᠲᠦᠯᠦᠭᠡ᠂ ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ | ᠲᠤᠪᠴᠢᠶ᠎ᠠ ᠶᠢᠨ ᠰᠢᠨ᠎ᠡ ᠴᠠᠭ ᠦᠶ᠎ᠡ ᠶᠢᠨ ᠪᠤᠯᠪᠠᠰᠤᠨ ᠤ ᠰᠠᠶᠢᠨ ᠲᠤᠷ᠎ᠠ ᠶᠢᠨ ᠦᠢᠯᠡᠴᠢᠯᠡᠬᠡᠨ ᠤ ᠰᠠᠯᠪᠤᠷᠢ ᠠᠩᠬᠢ | ᠨᠢ 93388 ᠴᠡᠷᠢᠭ ᠠᠩᠬᠢ ᠳᠤ ᠬᠦᠷᠴᠦ ᠬᠠᠤᠯᠢ ᠴᠠᠭᠠᠵᠠ ᠶᠢᠨ ᠤᠬᠠᠭᠤᠯᠭ᠎ᠠ ᠶᠢᠨ ᠲᠠᠶᠢᠯᠤᠮᠵᠢ ᠬᠢᠪᠡ᠂ | ᠲᠠᠷᠤᠭ᠎ᠠ ᠪᠠᠶᠢᠯᠳᠤᠭᠴᠢᠳ ᠲᠤ ᠬᠠᠤᠯᠢ ᠴᠠᠭᠠᠵᠠ ᠲᠠᠢ ᠬᠤᠯᠪᠤᠭᠳᠠᠭᠰᠠᠨ ᠠᠰᠠᠭᠤᠳᠠᠯ ᠪᠠ ᠡᠷᠡᠬᠡᠯᠵᠡᠭᠡ ᠶᠢ | ᠨᠢᠭᠤᠷᠳᠠᠨ ᠰᠢᠢᠳᠪᠤᠷᠢᠯᠡᠬᠦ ᠦᠭᠪᠡ᠃ | ᠲᠤᠰ ᠤᠳᠠᠭᠠᠨ ᠤ ᠬᠦᠳᠡᠯᠭᠡᠭᠡᠨ ᠳᠤ《ᠦᠨᠳᠦᠰᠦᠨ ᠬᠠᠤᠯᠢ》 ᠶᠢᠨ ᠲᠤᠰᠬᠠᠢ ᠬᠡᠪᠯᠡᠯ ᠢ 1000 ᠭᠠᠷᠤᠢ ᠲᠡᠪᠳᠡᠷ | ᠂《ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠡᠷᠭᠡᠪᠰᠢ ᠮᠡᠳᠡᠵᠦ ᠴᠢᠳᠠᠬᠤ ᠶᠤᠰᠤᠳᠠᠢ ᠤᠬᠠᠭᠤᠯᠭ᠎ᠠ ᠶᠢᠨ | ᠭᠠᠷ ᠲᠡᠪᠳᠡᠷ》 ᠢ 1000 ᠭᠠᠷᠤᠢ ᠲᠡᠪᠳᠡᠷ ᠲᠠᠷᠬᠠᠭᠠᠪᠠ᠂ ᠬᠠᠤᠯᠢ ᠴᠠᠭᠠᠵᠠ ᠶᠢ ᠤᠬᠠᠭᠤᠯᠤᠨ ᠲᠠᠶᠢᠯᠪᠤᠷᠢᠯᠠᠬᠤ | ᠬᠡᠯᠪᠡᠷᠢ ᠪᠠᠷ 《ᠦᠨᠳᠦᠰᠦᠨ ᠬᠠᠤᠯᠢ》 ᠶᠢᠨ 5 ᠤᠳᠠᠭ᠎ᠠ ᠵᠠᠰᠠᠪᠤᠷᠢ ᠤᠷᠤᠭᠤᠯᠤᠭᠰᠠᠨ ᠦᠩᠭᠡᠷᠡᠯᠳᠡ᠂ | ᠦᠨᠳᠦᠰᠦᠨ ᠬᠠᠤᠯᠢ ᠶᠢ ᠵᠠᠰᠠᠪᠤᠷᠢ ᠤᠷᠤᠭᠤᠯᠬᠤ ᠲᠦᠰᠦᠯ ᠤᠨ ᠪᠤᠳᠠᠳᠠᠢ ᠠᠭᠤᠯᠭ᠎ᠠ ᠵᠢᠴᠢ ᠤᠷᠤᠭ ᠬᠡᠷ ᠪᠦᠯᠢ᠂ | ᠵᠠᠮ ᠬᠠᠷᠢᠯᠴᠠᠭᠠᠨ ᠤ ᠭᠡᠷᠡᠭ ᠠᠳᠡᠯ᠂ ᠬᠡᠷ᠎ᠡ ᠶᠢᠨ ᠮᠠᠷᠭᠤᠭᠠᠨ᠂ ᠪᠡᠯᠡ ᠤᠷᠤᠭᠤᠯᠬᠤ ᠮᠡᠬᠡᠯᠡᠯ᠂ ᠠᠵᠢᠯ ᠤᠨ | ᠰᠢᠷᠬᠠᠳᠤᠯ ᠤᠨ ᠲᠦᠯᠦᠪᠦᠷᠢ ᠵᠡᠷᠭᠡ ᠠᠰᠠᠭᠤᠳᠠᠯ ᠢ ᠲᠠᠷᠤᠭ᠎ᠠ ᠪᠠᠶᠢᠯᠳᠤᠭᠴᠢᠳ ᠲᠤ ᠨᠠᠷᠢᠯᠢᠭ ᠲᠠᠶᠢᠯᠪᠤᠷᠢᠯᠠᠵᠤ ᠦᠭᠪᠡ | ᠃ ᠡᠬᠦᠨ ᠤ ᠬᠠᠮᠳᠤ ᠦᠨᠳᠦᠰᠦᠨ ᠱᠠᠳᠤᠨ ᠤ ᠲᠠᠷᠤᠭ᠎ᠠ ᠪᠠᠶᠢᠯᠳᠤᠭᠴᠢᠳ ᠲᠤ ᠬᠠᠤᠯᠢ ᠴᠠᠭᠠᠵᠠ ᠶᠢᠨ ᠵᠦᠪᠯᠡᠯᠭᠡ ᠪᠠ | ᠬᠠᠤᠯᠢ ᠴᠠᠭᠠᠵᠠ ᠶᠢᠨ ᠬᠠᠪᠰᠤᠷᠤᠮᠵᠢ ᠬᠠᠩᠭᠠᠵᠤ᠂ ᠲᠠᠷᠤᠭ᠎ᠠ ᠪᠠᠶᠢᠯᠳᠤᠭᠴᠢᠳ ᠲᠤ ᠬᠠᠤᠯᠢ ᠴᠠᠭᠠᠵᠠ ᠶᠢᠨ | ᠬᠠᠯᠠᠮᠵᠢᠯᠠᠯ ᠬᠦᠷᠭᠡᠪᠡ᠃ | ᠲᠤᠰ ᠤᠳᠠᠭᠠᠨ ᠤ ᠬᠦᠳᠡᠯᠬᠡᠬᠡᠨ ᠪᠤᠯ ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠶᠢᠨ ᠬᠠᠤᠯᠢ | ᠴᠠᠭᠠᠵᠠ ᠪᠠᠷ ᠴᠡᠷᠢᠭ ᠢᠶᠠᠨ ᠬᠦᠷᠢᠶᠡᠯᠡᠬᠦ ᠨᠢᠬᠡ ᠤᠳᠠᠭᠠᠨ ᠮᠠᠰᠢ ᠰᠠᠶᠢᠨ ᠦᠢᠯᠡᠳᠦᠯᠬᠡᠵᠢᠬᠦᠯᠦᠯ ᠮᠦᠨ᠃ ᠲᠠᠷᠠᠭᠠᠴᠢ | ᠪᠠᠷ ᠬᠠᠤᠯᠢ ᠴᠠᠭᠠᠵᠠ ᠶᠢᠨ ᠲᠤᠪᠴᠢᠶ᠎ᠠ ᠨᠢ ᠴᠡᠷᠢᠭ ᠠᠩᠬᠢ ᠳᠤ ᠬᠠᠤᠯᠢ ᠴᠠᠭᠠᠵᠠ ᠶᠢᠨ ᠤᠬᠠᠭᠤᠯᠭ᠎ᠠ ᠶᠢ | ᠦᠷᠬᠦᠯᠵᠢᠯᠡᠨ ᠦᠷᠨᠢᠬᠦᠯᠵᠦ᠂ ᠴᠡᠷᠢᠭ ᠪᠠ ᠴᠡᠷᠢᠭ ᠤᠨ ᠬᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ ᠠᠵᠢᠯ ᠰᠠᠶᠢᠨ | ᠬᠢᠨ᠎ᠡ᠃ | | |