ᠬᠤ᠋ ᠪᠢᠨ ᠨᠡᠶᠢᠬᠡᠮ ᠲᠤᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠦᠷᠳᠡᠭᠡ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠠᠳᠠᠭᠴᠢ ᠠᠩᠬᠢ《ᠬᠠᠶᠢᠷ᠎ᠠ ᠬᠠᠯᠠᠮᠵᠢᠳᠤ ᠬᠡᠷᠡᠯ ᠬᠡᠬᠡ ᠬᠦᠷᠭᠡᠬᠦ》ᠰᠠᠶᠢᠨ ᠲᠤᠷ᠎ᠠ ᠶᠢᠨ ᠦᠢᠯᠡᠴᠢᠯᠡᠭᠡᠨ ᠤ ᠬᠦᠳᠡᠯᠭᠡᠭᠡᠨ ᠦᠷᠨᠢᠬᠦᠯᠦᠯ᠎ᠡ
ᠨᠡᠶᠢᠲᠡᠯᠡᠭᠰᠡᠨ ᠴᠠᠭ᠄
2019/7/2
6 ᠰᠠᠷ᠎ᠠ ᠶᠢᠨ 20 ᠤ ᠡᠳᠦᠷ᠂ ᠬᠤ᠋ ᠪᠢᠨ ᠨᠡᠶᠢᠬᠡᠮ ᠲᠤᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠦᠷᠳᠡᠭᠡ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠠᠳᠠᠭᠴᠢ ᠠᠩᠬᠢ《ᠬᠠᠶᠢᠷ᠎ᠠ ᠬᠠᠯᠠᠮᠵᠢᠳᠤ ᠬᠡᠷᠡᠯ ᠬᠡᠬᠡ ᠬᠦᠷᠭᠡᠬᠦ》ᠰᠠᠶᠢᠨ ᠲᠤᠷ᠎ᠠ ᠶᠢᠨ ᠦᠢᠯᠡᠴᠢᠯᠡᠭᠡᠨ ᠤ ᠬᠦᠳᠡᠯᠭᠡᠭᠡᠨ ᠦᠷᠨᠢᠬᠦᠯᠦᠯ᠎ᠡ᠃
ᠴᠤᠤ ᠵᠢᠦᠢ ᠨᠢᠳᠦᠨ ᠡᠮᠨᠡᠯᠬᠡ ᠶᠢᠨ ᠰᠠᠯᠠᠭᠠᠨ ᠤ ᠲᠤᠰᠬᠠᠢ ᠰᠤᠪᠢᠯᠠᠭᠴᠢ ᠪᠠ ᠬᠠᠷᠠᠭ᠎ᠠ ᠠᠯᠳᠠᠬᠤ ᠶᠢ ᠰᠡᠷᠭᠡᠶᠢᠯᠡᠬᠦ ᠲᠤᠰᠬᠠᠢ ᠮᠡᠷᠭᠡᠵᠢᠯᠳᠡᠨ ᠢᠶᠠᠷ ᠪᠦᠷᠢᠯᠳᠦᠭᠰᠡᠨ《 ᠭᠡᠷᠡᠯ ᠬᠡᠬᠡᠳᠦ ᠠᠶᠠᠯᠠᠯ》 ᠤᠨ ᠰᠠᠶᠢᠨ ᠲᠤᠷ᠎ᠠ ᠶᠢᠨ ᠠᠩᠬᠢ ᠨᠢ ᠬᠡᠷᠯᠢᠯᠢᠭ ᠳ᠋ᠧᠩ᠂ ᠬᠠᠷᠠᠭ᠎ᠠ ᠰᠢᠯᠭᠠᠬᠤ ᠬᠦᠰᠦᠨᠦᠭᠳᠦ ᠵᠡᠷᠭᠡ ᠲᠤᠰᠬᠠᠢ ᠲᠦᠭᠦᠭᠡᠷᠦᠮᠵᠢ ᠪᠠᠨ ᠠᠪᠴᠦ᠂ ᠬᠤ᠋ ᠪᠢᠨ ᠨᠡᠶᠢᠬᠡᠮ ᠲᠤᠭᠤᠷᠢᠭ ᠤᠨ ᠵᠡᠮᠳᠡᠭᠴᠦᠳ ᠤᠨ ᠡᠷᠬᠦᠯᠵᠢᠯ ᠤᠨ ᠲᠦᠪ ᠲᠤ ᠦᠷᠯᠦᠬᠡ ᠡᠷᠳᠡᠯᠡᠨ ᠢᠷᠡᠵᠦ᠂ ᠴᠠᠭᠠᠨ ᠴᠡᠴᠡᠭᠡᠢ ᠶᠢᠨ ᠡᠪᠡᠳᠴᠢᠳᠡᠨ ᠢ ᠰᠢᠭᠰᠢᠨ ᠪᠠᠶᠢᠴᠠᠭᠠᠬᠤ ᠵᠢᠴᠢ ᠪᠦᠬᠦ ᠲᠡᠯ᠎ᠡ ᠶᠢᠨ ᠠᠯᠪᠠᠨ ᠵᠢᠷᠤᠮ ᠤᠨ ᠡᠮᠴᠢᠯᠡᠭᠡ ᠬᠢᠪᠡ᠃ ᠤᠷᠤᠢ ᠶᠢᠨ 6 ᠴᠠᠭ ᠪᠤᠯᠳᠠᠯ᠎ᠠ᠂ ᠬᠤ᠋ ᠪᠢᠨ ᠨᠡᠶᠢᠬᠡᠮ ᠲᠤᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠦᠷᠳᠡᠭᠡ ᠶᠢᠨ ᠠᠩᠬᠠᠳᠠᠭᠴᠢ ᠤᠳᠠᠭᠠᠨ ᠤ《ᠬᠠᠶᠢᠷ᠎ᠠ ᠬᠠᠯᠠᠮᠵᠢᠳᠤ ᠬᠡᠷᠡᠯ ᠬᠡᠬᠡ ᠬᠦᠷᠭᠡᠬᠦ》ᠰᠠᠶᠢᠨ ᠲᠤᠷ᠎ᠠ ᠶᠢᠨ ᠦᠢᠯᠡᠴᠢᠯᠡᠭᠡᠨ ᠤ ᠬᠦᠳᠡᠯᠭᠡᠭᠡᠨ ᠳᠤ ᠴᠠᠭᠠᠨ ᠴᠡᠴᠡᠭᠡᠢ ᠶᠢᠨ ᠡᠪᠡᠳᠴᠢᠳᠡᠨ ᠢ 107  ᠨᠠᠷ᠎ᠡ ᠶᠢ ᠪᠠᠶᠢᠴᠠᠭᠠᠨ ᠢᠯᠡᠷᠡᠬᠦᠯᠵᠥ᠂ ᠨᠡᠶᠢᠬᠡᠮ ᠲᠤᠭᠤᠷᠢᠭ ᠤᠨ ᠤᠯᠠᠨ ᠲᠦᠮᠡᠨ ᠤ ᠮᠠᠭᠳᠠᠭᠠᠯ ᠰᠠᠶᠢᠰᠢᠶᠠᠯ ᠢ ᠤᠯᠵᠠᠢ ᠃  
ᠤᠶᠢᠯᠠᠭᠠᠭᠰᠠᠨ ᠢᠶᠠᠷ᠂ ᠲᠤᠰ ᠤᠳᠠᠭᠠᠨ ᠤ ᠬᠦᠳᠡᠯᠭᠡᠭᠡᠨ ᠢ ᠾᠧᠨᠡᠨ ᠵᠡᠬᠡᠯᠢ ᠭᠤᠳᠤᠮᠵᠢ ᠶᠢᠨ ᠬᠤ᠋ ᠪᠢᠨ ᠨᠡᠶᠢᠬᠡᠮ ᠲᠤᠭᠤᠷᠢᠭ ᠠᠴᠠ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠦᠷᠳᠡᠭᠡ ᠶᠢᠨ ᠠᠵᠢᠯᠯᠠᠭᠠᠨ ᠤ ᠲᠦᠰᠦᠯ ᠶᠤᠰᠤᠭᠠᠷ᠂《ᠤᠯᠠᠨ ᠲᠦᠮᠡᠨ ᠵᠠᠬᠢᠶᠠᠯᠠᠵᠤ᠂ ᠨᠡᠶᠢᠬᠡᠮ ᠲᠤᠭᠤᠷᠢᠭ ᠵᠠᠬᠢᠶᠠᠯᠠᠭ᠎ᠠ ᠨᠢᠬᠡᠳᠭᠡᠵᠤ᠂ ᠦᠷᠳᠡᠭᠡ ᠰᠠᠯᠪᠤᠷᠢ ᠵᠠᠬᠢᠶᠠᠯᠠᠭ᠎ᠠ ᠲᠤᠰᠴᠦ᠂ ᠨᠠᠮ ᠤᠨ ᠠᠭᠤᠰᠤᠯᠴᠠᠭᠤᠯᠤᠭᠰᠠᠨ ᠪᠠᠶᠢᠭᠤᠯᠤᠯᠳᠠ ᠵᠠᠬᠢᠶᠠᠯᠠᠭ᠎ᠠ ᠲᠤᠮᠢᠯᠠᠵᠥ᠂ ᠰᠠᠶᠢᠨ ᠲᠤᠷᠠᠴᠤᠳ ᠵᠠᠬᠢᠶᠠᠯᠠᠭ᠎ᠠ ᠲᠤᠰᠬᠤ》ᠠᠵᠢᠯ ᠤᠨ ᠲᠠᠷᠠᠭᠠᠯᠠᠯ ᠢᠶᠠᠷ᠂ ᠦᠷᠬᠡᠨ ᠢᠶᠠᠷ ᠤᠬᠠᠭᠤᠯᠵᠤ᠂ ᠨᠠᠷᠢᠯᠢᠭ ᠵᠤᠬᠢᠶᠠᠨ ᠪᠠᠶᠢᠭᠤᠯᠤᠨ᠂ ᠡᠬᠢ ᠪᠠᠶᠠᠯᠢᠭ ᠢ ᠬᠠᠮᠳᠤᠷᠠᠭᠤᠯᠤᠨ ᠬᠠᠷᠢᠶᠠᠳᠤ ᠲᠤᠭᠤᠷᠢᠭ ᠤᠨ ᠴᠠᠭᠠᠨ ᠴᠡᠴᠡᠭᠡᠢ ᠶᠢᠨ ᠡᠪᠡᠳᠴᠢᠳᠠᠨ ᠳᠤ  ᠬᠠᠶᠢᠷ᠎ᠠ ᠬᠠᠯᠠᠮᠵᠢ ᠶᠢᠨ ᠬᠠᠯᠠᠭᠤᠨ ᠲᠤᠯᠠᠭᠠᠨ ᠬᠦᠷᠳᠡᠭᠡᠪᠡ᠃ᠬᠤ᠋ ᠪᠢᠨ ᠨᠡᠶᠢᠬᠡᠮ ᠲᠤᠭᠤᠷᠢᠭ ᠤᠨ ᠨᠠᠮ ᠤᠨ ᠶᠡᠷᠦᠩᠭᠡᠢ ᠡᠬᠦᠷ ᠤᠨ ᠱᠦᠵᠢ ᠸᠠᠩ ᠰᠢᠶᠤᠤ ᠵᠢᠶᠧ᠄《ᠨᠠᠮ ᠤ ᠪᠠᠶᠢᠭᠤᠯᠤᠯᠳᠠ ᠶᠢᠨ ᠠᠭᠤᠰᠤᠯᠴᠠᠭᠤᠯᠤᠯ ᠪᠤᠯ ᠮᠠᠨ ᠤ ᠡᠯ᠎ᠡ ᠱᠠᠳᠤᠨ   ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠪᠠᠶᠢᠯᠳᠤᠬᠤ ᠲᠡᠯᠠᠪᠤᠷ ᠮᠦᠨ᠂ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠦᠷᠳᠡᠭᠡ ᠪᠤᠯ ᠨᠠᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠴᠢᠯᠡᠭᠡᠨ ᠤ ᠰᠠᠶᠢᠨ ᠲᠤᠷ᠎ᠠ ᠶᠢᠨ ᠦᠢᠯᠡᠴᠢᠯᠡᠭᠡᠨ ᠤ ᠡᠩᠨᠡᠬᠡᠨ ᠤ ᠭᠤᠤᠯ ᠪᠠᠬᠢᠯᠡᠯᠳᠡ ᠮᠦᠨ᠂ ᠬᠤᠶᠠᠷ ᠢ ᠤᠷᠭᠠᠨᠢᠭ ᠤᠶᠠᠯᠳᠤᠭᠤᠯᠤᠭᠰᠠᠨ ᠠᠴᠠ ᠡᠴᠤᠰᠳᠡᠬᠡᠨ ᠠᠷᠠᠳ ᠲᠦᠮᠡᠨ ᠳᠤ ᠦᠢᠯᠡᠴᠢᠯᠡᠬᠦ ᠶᠢ ᠤᠶᠠᠯᠳᠤᠭᠤᠯᠵᠤ᠂ ᠠᠭᠤᠰᠤᠯᠴᠠᠭᠤᠯᠤᠨ᠂ ᠤᠳᠤᠷᠢᠳᠤᠨ ᠵᠢᠯᠤᠭᠤᠳᠬᠤ᠂ ᠬᠠᠮᠳᠤᠪᠠᠷ ᠢᠯᠠᠯᠳᠠ ᠤᠯᠬᠤ ᠪᠠᠶᠠᠯᠢᠭ ᠦᠷ᠎ᠡ ᠪᠦᠳᠦᠮᠵᠢ ᠲᠠᠢ ᠪᠤᠯᠪᠠ》ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号