ᠪᠡᠭᠡᠵᠢᠩ ᠬᠤᠳᠠ ᠶᠢᠨ ᠪᠠᠷᠠᠭᠤᠨ ᠬᠤᠳᠠ ᠲᠤᠭᠤᠷᠢᠭ ᠤᠨ  ᠡᠮᠴᠢᠯᠡᠭᠡ ᠶᠢᠨ ᠲᠤᠰᠬᠠᠢ ᠮᠡᠷᠬᠡᠵᠢᠯᠳᠡᠨ ᠤ ᠪᠦᠯᠬᠦᠮ ᠮᠠᠨ ᠤ ᠬᠤᠰᠢᠭᠤᠨ ᠳᠤ ᠢᠷᠡᠵᠤ ᠬᠠᠪᠰᠤᠷᠤᠨ ᠲᠡᠳᠬᠦᠬᠦ ᠠᠵᠢᠯ ᠢᠶᠠᠨ ᠦᠷᠨᠢᠬᠦᠯᠪᠡ
ᠨᠡᠶᠢᠲᠡᠯᠡᠭᠰᠡᠨ ᠴᠠᠭ᠄
2019/7/2
6 ᠰᠠᠷ᠎ᠠ ᠶᠢᠨ 23 ᠤ ᠡᠳᠦᠷ᠂ ᠪᠡᠭᠡᠵᠢᠩ ᠬᠤᠳᠠ ᠶᠢᠨ ᠪᠠᠷᠠᠭᠤᠨ ᠬᠤᠳᠠ ᠲᠤᠭᠤᠷᠢᠭ ᠤᠨ ᠡᠬᠡ ᠨᠢᠯᠬᠠᠰ ᠤᠨ ᠡᠷᠡᠬᠦᠯ ᠢ ᠬᠠᠮᠠᠭᠠᠯᠠᠬᠤ ᠬᠤᠷᠢᠶᠠᠨ ᠤ ᠱᠦᠵᠢ ᠸᠠᠩ ᠳ᠋ᠠ ᠵᠢᠶᠦ᠋ᠨ ᠪᠦᠯᠬᠦᠮ ᠢᠶᠠᠨ ᠲᠠᠭᠠᠭᠤᠯᠵᠤ᠂ ᠪᠡᠭᠡᠵᠢᠩ ᠬᠤᠳᠠ ᠶᠢᠨ ᠹᠧᠩ ᠱᠧᠩ ᠶᠠᠰᠤᠨ ᠤ ᠪᠡᠷᠳᠡᠯ ᠤᠨ ᠲᠤᠰᠬᠠᠢ ᠮᠡᠷᠬᠡᠵᠢᠯ ᠤᠨ ᠡᠮᠨᠡᠯᠬᠡ ᠶᠢᠨ ᠯᠢᠦ ᠯᠢᠩ ᠢᠶᠠᠷ ᠲᠡᠳ᠋ ᠪᠦᠯᠬᠦᠮ ᠤᠨ ᠲᠠᠷᠷᠤᠭ᠎ᠠ ᠪᠤᠯᠭᠠᠭᠰᠠᠨ 12 ᠬᠦᠮᠦᠨ ᠮᠠᠨ ᠤ ᠬᠤᠰᠢᠭᠤᠨ ᠳᠤ ᠢᠷᠡᠵᠤ ᠬᠤᠶᠠᠳᠤᠭᠠᠷ ᠤᠯᠡᠷᠢᠯ ᠤᠨ ᠬᠠᠷᠠᠭᠠᠯᠵᠠᠭᠤᠯᠤᠨ ᠲᠡᠳᠬᠦᠬᠦ ᠠᠵᠢᠯ ᠢᠶᠠᠨ ᠦᠷᠨᠢᠬᠦᠯᠪᠡ᠃ ᠮᠠᠨ ᠤ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠲᠡᠳ᠋ ᠡᠷᠬᠢᠯᠡᠭᠴᠢ ᠬᠦᠩ ᠵᠤᠤ ᠰᠢᠩ᠂ ᠬᠤᠰᠢᠭᠤᠨ ᠤ ᠡᠮᠨᠡᠯᠬᠡ ᠶᠢᠨ ᠬᠤᠷᠢᠶᠠᠨ ᠤ ᠲᠠᠷᠤᠭ᠎ᠠ ᠵᠤᠤ ᡁᠢ ᠸᠧᠨ᠂ ᠲᠡᠳ᠋ ᠬᠤᠷᠢᠶᠡᠠ ᠲᠠᠷᠤᠭ᠎ᠠ ᠭᠤᠤ ᠭᠦᠸᠧ ᠶᠢᠨ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠳᠠᠨ ᠲᠤᠰᠴᠤ ᠠᠭᠤᠯᠵᠠᠬᠤ ᠬᠤᠷᠠᠯ ᠳᠤ ᠤᠷᠤᠯᠴᠠᠪᠠ᠃
ᠬᠤᠷᠠᠯ ᠲᠡᠭᠡᠷ᠎ᠡ᠂ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠲᠡᠳ᠋ ᠡᠷᠬᠢᠯᠡᠭᠴᠢ ᠬᠦᠩ ᠵᠤᠤ ᠰᠢᠩ ᠠᠴᠠ ᠪᠠᠷᠠᠭᠤᠨ ᠬᠤᠳᠠ ᠲᠤᠭᠤᠷᠢᠭ ᠤᠨ ᠲᠤᠰᠬᠠᠢ ᠮᠡᠷᠬᠡᠵᠢᠯᠳᠡᠨ ᠬᠦᠷᠴᠦ ᠢᠷᠡᠭᠰᠡᠨ ᠳᠤ ᠪᠠᠶᠠᠷᠯᠠᠨ ᠤᠭᠳᠤᠵᠤ᠂ ᠲᠠᠷᠠᠭᠠᠴᠢ ᠪᠠᠷ ᠪᠤᠯᠬᠤ ᠰᠠᠷ᠎ᠠ ᠭᠠᠷᠤᠢ ᠶᠢᠨ ᠬᠠᠪᠰᠤᠷᠤᠨ ᠲᠡᠳᠬᠦᠬᠦ ᠠᠵᠢᠯ ᠲᠤᠮᠳᠠ᠂ ᠡᠮᠴᠢᠯᠡᠬᠡᠨ ᠤ ᠲᠤᠰᠬᠠᠢ ᠮᠡᠷᠬᠡᠵᠢᠯᠳᠡᠳ ᠬᠤᠪᠢ ᠪᠡᠶᠡᠨ ᠤ ᠬᠦᠴᠢᠷ ᠪᠡᠷᠬᠡ ᠶᠢ ᠢᠯᠡᠨ ᠲᠠᠪᠠᠵᠤ᠂ ᠬᠠᠶᠢᠷ᠎ᠠ ᠬᠠᠯᠠᠮᠵᠢ ᠬᠦᠷᠬᠡᠨ᠂ ᠮᠡᠷᠬᠡᠵᠢᠯ ᠬᠦᠷᠬᠡᠨ᠂ ᠦᠢᠯᠡᠴᠢᠡᠯᠬᠡ ᠬᠦᠷᠬᠡᠬᠦ ᠨᠢ ᠡᠮᠴᠢᠯᠡᠭᠡᠨ ᠤ ᠦᠢᠯᠡᠰ ᠤᠨ ᠲᠤᠩ ᠶᠡᠭᠡ ᠲᠡᠮᠵᠢᠯᠬᠡ ᠪᠤᠯᠬᠤ ᠶᠤᠮ ᠬᠡᠵᠦ ᠲᠠᠯᠠᠷᠬᠠᠵᠤ ᠪᠠᠶᠢᠬᠤ ᠪᠠᠨ ᠢᠯᠡᠳᠬᠡᠪᠡ᠃ ᠸᠠᠩ ᠳ᠋ᠠ ᠵᠢᠶᠦ᠋ᠨ ᠱᠦᠵᠢ ᠠᠴᠠ ᠡᠨᠡ ᠤᠳᠠᠭᠠᠨ ᠤ ᠪᠠᠷᠠᠭᠤᠨ ᠬᠤᠳᠠ ᠲᠤᠭᠤᠷᠢᠭ ᠤᠨ ᠡᠮᠴᠢᠯᠡᠬᠡᠨ ᠤ ᠲᠤᠰᠬᠠᠢ ᠮᠡᠷᠬᠡᠵᠢᠯ ᠤᠨ ᠪᠦᠯᠬᠦᠮ ᠢ ᠲᠠᠨᠢᠯᠴᠠᠭᠤᠯᠪᠠ᠂ ᠲᠡᠷᠡ ᠵᠢᠭᠠᠵᠤ ᠭᠠᠷᠭᠠᠭᠰᠠᠨ ᠨᠢ᠂ ᠲᠦᠷᠦᠭᠦᠦ ᠤᠯᠠᠷᠢᠯ ᠤᠨ ᠠᠵᠢᠯ ᠤᠨ ᠦᠢᠯᠡᠳᠦᠯᠬᠡ ᠪᠠ ᠬᠠᠷᠠᠴᠢᠨ ᠬᠤᠰᠢᠭᠤᠨ ᠤ ᠡᠯ᠎ᠡ ᠡᠮᠨᠡᠯᠬᠡ ᠶᠢᠨ ᠪᠠᠶᠢᠭᠤᠯᠤᠮᠵᠢ ᠶᠢᠨ ᠰᠢᠨᠵᠢᠯᠡᠬᠡᠨ ᠤ ᠬᠦᠭᠵᠢᠯᠳᠡ ᠪᠠ ᠠᠨᠠᠭᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠵᠦ ᠠᠵᠢᠯᠯᠠᠭᠠᠨ ᠤ ᠲᠦᠰᠦᠯ ᠵᠤᠬᠢᠶᠠᠨ᠂ ᠡᠯ᠎ᠡ ᠭᠡᠰᠢᠬᠦᠳ ᠤᠨ ᠡᠬᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠪᠠᠰᠠᠴᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠵᠥ ᠲᠤᠬᠢᠷᠠᠭᠤᠯᠤᠯᠳᠠ ᠬᠢᠨ᠎ᠡ᠂ ᠦᠷᠭᠡᠴᠡ ᠪᠠ ᠬᠦᠨᠴᠡ ᠲᠠᠢ ᠪᠠᠷ ᠬᠠᠪᠰᠤᠷᠤᠨ ᠲᠡᠳᠬᠦᠬᠦ ᠠᠵᠢᠯ ᠢ ᠠᠬᠢᠭᠤᠯᠬᠤ ᠨᠢ ᠭᠤᠤᠯᠳᠠᠯᠭ᠎ᠠ ᠮᠦᠨ ᠬᠡᠵᠦ ᠵᠢᠭᠠᠵᠤ ᠭᠠᠷᠭᠠᠪᠠ᠃
ᠬᠤᠶᠠᠳᠤᠭᠠᠷ ᠤᠯᠠᠷᠢᠯ ᠤᠨ ᠬᠠᠪᠰᠤᠷᠤᠨ ᠲᠡᠳᠬᠦᠬᠦ ᠠᠵᠢᠯ ᠤᠨ ᠲᠤᠰᠬᠠᠢ ᠮᠡᠷᠬᠡᠵᠢᠯᠳᠡᠳ ᠪᠤᠯ ᠪᠡᠬᠡᠵᠢᠩ ᠬᠤᠳᠠ ᠶᠢᠨ ᠬᠤᠳᠤᠩ ᠡᠮᠨᠡᠯᠬᠡ ᠶᠢᠨ ᠬᠤᠷᠢᠶᠠᠨ ᠤ ᠲᠤᠳᠤᠷ ᠰᠠᠯᠠᠭᠠᠨ ᠤ ᠲᠡᠳ᠋ ᠡᠷᠬᠢᠯᠡᠭᠴᠢ ᠡᠮᠴᠢ ᠦ᠋ ᠸᠧᠢ᠂ ᠲᠠᠷᠢᠬᠢᠨ ᠡᠪᠡᠳᠴᠢᠨ ᠰᠠᠯᠠᠭ᠎ᠠ ᠶᠢᠨ ᠠᠬᠠᠯᠠᠭᠴᠢ ᠡᠮᠴᠢ ᠵᠦᠩ ᠰᠢᠶᠠᠩ ᠪᠢᠨ᠂ ᠬᠢᠨᠡᠨ ᠰᠢᠯᠭᠠᠭᠴᠢ ᠰᠢᠦᠢ ᠯᠢ ᠰᠢᠨ᠂ ᠪᠡᠭᠡᠵᠢᠩ ᠤᠨ ᠹᠧᠩ ᠱᠧᠩ ᠶᠠᠰᠤᠨ ᠤ ᠪᠡᠷᠳᠡᠯ ᠤᠨ ᠲᠤᠰᠬᠠᠢ ᠡᠮᠨᠡᠯᠬᠡ ᠶᠢᠨ ᠠᠬᠠᠯᠠᠭᠴᠢ ᠡᠮᠴᠢ ᠸᠠᠩ ᠴᠢᠶᠠᠩ᠂ ᠡᠪᠡᠳᠬᠦ ᠶᠢ ᠡᠮᠨᠡᠬᠦ ᠰᠠᠯᠠᠭᠠᠨ ᠤ ᠠᠬᠠᠯᠠᠭᠴᠢ ᠡᠮᠴᠢ ᠲᠠᠩ ᠺᠧ᠂ ᠡᠮ ᠵᠦᠢᠴᠢ ᠶᠢᠨ ᠰᠠᠯᠠᠭᠠᠨ ᠤ ᠭᠤᠤᠯᠯᠠᠭᠴᠢ ᠡᠮᠴᠢ ᠸᠠᠩ ᠶᠦᠸᠠᠢ ᠬᠦᠢ᠂ ᠭᠤᠸᠠᠩ ᠨᠧᠢ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠠᠯᠠᠯ ᠤᠨ ᠦᠢᠯᠡᠴᠢᠯᠡᠬᠡᠨ ᠤ ᠲᠦᠪ ᠤᠨ ᠡᠷᠬᠢᠯᠡᠭᠴᠢ ᠡᠮᠴᠢ ᠯᠧᠢ ᠰᠢᠶᠤᠤ ᠴᠦᠨ᠂ ᠨᠢᠦ ᠵᠢᠶᠧ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠠᠯᠠᠯ ᠤᠨ ᠦᠢᠯᠡᠴᠢᠯᠡᠬᠡᠨ ᠤ ᠲᠦᠪ ᠤᠨ ᠡᠷᠬᠢᠯᠡᠭᠴᠢ ᠡᠮᠴᠢ ᠴᠧ ᠯᠢᠩ ᠯᠢ᠂ ᠮᠦᠩᠭᠦᠨ ᠬᠦᠢᠯᠬᠡᠬᠡᠨ ᠤ ᠵᠡᠬᠡᠯᠢ ᠶᠢᠨ ᠨᠡᠶᠢᠬᠡᠮ ᠲᠤᠭᠤᠷᠢᠭ ᠤᠨ  ᠡᠷᠡᠬᠦᠯ ᠬᠠᠮᠠᠭᠠᠠᠯᠠᠯ ᠤᠨ ᠦᠢᠯᠡᠴᠢᠯᠡᠬᠡᠨ ᠤ ᠲᠦᠪ ᠤᠨ ᠡᠷᠬᠢᠯᠡᠭᠴᠢ ᠡᠮᠴᠢ ᠯᠢᠦ ᠬᠤᠸᠠ᠂ ᠪᠠᠷᠠᠭᠤᠨ ᠬᠤᠳᠠ ᠲᠤᠭᠤᠷᠢᠭ ᠤᠨ ᠡᠪᠡᠳᠴᠢᠨ ᠬᠢᠵᠢᠭ ᠢ ᠤᠷᠢᠳᠴᠢᠯᠡᠨ ᠰᠡᠷᠭᠡᠶᠢᠯᠡᠵᠦ ᠡᠵᠡᠮᠳᠡᠬᠦ ᠲᠦᠪ ᠤᠨ ᠠᠬᠠᠯᠠᠭᠴᠢ ᠡᠮᠴᠢ ᠹᠧᠩ ᠰᠢᠶᠤᠤ ᠨᠡᠷ ᠪᠤᠯᠤᠨ᠎ᠠ᠃ 23—24 ᠤ ᠡᠳᠦᠷ ᠪᠤᠯᠳᠠᠯ᠎ᠠ᠂ ᠮᠠᠨ ᠤ ᠬᠤᠰᠢᠭᠤᠨ ᠤ ᠬᠤᠰᠢᠭᠤᠨ ᠤ ᠡᠮᠨᠡᠯᠬᠡ ᠶᠢᠨ ᠬᠤᠷᠢᠶ᠎ᠠ᠂ ᠮᠤᠩᠭᠤᠯ ᠬᠢᠳᠡᠳ ᠡᠮᠨᠡᠯᠬᠡ ᠶᠢᠨ ᠬᠤᠷᠢᠶ᠎ᠠ᠂ ᠾᠧᠪᠧᠢ᠂ ᠾᠧᠨᠠᠨ ᠵᠡᠬᠡᠯᠢ ᠭᠤᠳᠤᠮᠵᠢ ᠶᠢᠨ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠠᠯᠠᠯ ᠤᠨ ᠦᠢᠯᠡᠴᠢᠯᠡᠬᠡᠨ ᠤ ᠲᠦᠪ᠂ ᠬᠤᠰᠢᠭᠤᠨ ᠤ ᠬᠢᠵᠢᠭ ᠢ ᠰᠡᠷᠭᠡᠶᠢᠯᠡᠬᠦ ᠲᠦᠪ᠂ ᠱᠢ ᠵᠢᠶᠠ ᠰᠢᠶᠡᠩ ᠤᠨ ᠭᠤᠤᠯ ᠬᠦᠢᠰᠤᠨ ᠡᠮᠨᠡᠯᠬᠡ ᠶᠢᠨ ᠬᠤᠷᠢᠶ᠎ᠠ᠂ ᠰᠢᠶᠤᠤ ᠨᠢᠦ ᠴᠢᠶᠦ᠋ᠨ ᠭᠤᠤᠯ ᠬᠦᠢᠰᠤᠨ ᠡᠮᠨᠡᠯᠬᠡ ᠶᠢᠨ ᠬᠤᠷᠢᠶᠠᠨ ᠳᠤ ᠬᠦᠷᠴᠦ ᠠᠵᠢᠯ ᠢᠶᠠᠨ  ᠦᠷᠨᠢᠬᠦᠯᠦᠨ᠎ᠡ᠃  ᠪᠠᠷᠠᠭᠤᠠ ᠬᠤᠳᠠ ᠲᠤᠭᠤᠷᠢᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠪᠠ ᠮᠠᠨ ᠤ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠯᠠᠨ ᠤᠳᠠᠭ᠎ᠠ ᠤᠳᠠᠰᠤ ᠪᠠᠷ ᠬᠠᠷᠢᠯᠴᠠᠭᠰᠠᠨ ᠪᠠ ᠵᠤᠯᠭᠠᠨ ᠶᠠᠷᠢᠯᠴᠠᠭᠠᠳ ᠲᠤᠭᠳᠠᠭᠠᠭᠰᠠᠨ《ᠪᠠᠷᠠᠭᠤᠠ ᠬᠤᠳᠠ ᠲᠤᠭᠤᠷᠢᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠵᠦᠢᠯ ᠤᠨ ᠬᠠᠷᠠᠴᠢᠨ ᠬᠤᠰᠢᠭᠤ ᠶᠢ ᠬᠠᠷᠠᠭᠠᠯᠵᠠᠭᠤᠯᠤᠨ ᠲᠡᠳᠬᠦᠬᠦ ᠡᠮᠴᠢᠯᠡᠭᠡ ᠶᠢᠨ ᠲᠤᠰᠬᠠᠢ ᠮᠡᠷᠬᠡᠵᠢᠯᠳᠡᠨ ᠤ ᠪᠦᠯᠬᠦᠮ ᠤᠨ 2019 ᠤᠨ ᠤ ᠬᠤᠶᠠᠷ᠂ ᠭᠤᠷᠪᠠᠳᠤᠭᠠᠷ ᠤᠯᠠᠷᠢᠯ ᠤᠨ ᠬᠠᠪᠰᠤᠷᠤᠨ ᠲᠡᠳᠬᠦᠬᠦ ᠠᠵᠢᠯ ᠤᠨ ᠲᠦᠰᠦᠯ》 ︵ ᠲᠤᠷᠰᠢᠨ ᠬᠡᠷᠡᠭᠯᠡᠬᠦ︶  ᠶᠤᠰᠤᠭᠠᠷ ᠡᠮᠴᠢᠯᠡᠬᠡᠨ ᠤ ᠲᠤᠰᠬᠠᠢ ᠮᠡᠷᠬᠡᠵᠢᠯᠳᠡᠨ ᠨᠡᠷ ᠡᠯ᠎ᠡ ᠬᠠᠪᠰᠤᠷᠤᠨ ᠲᠡᠳᠬᠦᠬᠦ ᠪᠠᠶᠢᠭᠤᠯᠭ᠎ᠠ ᠳᠤ ᠬᠦᠷᠴᠦ ᠠᠵᠢᠯ ᠢᠶᠠᠨ ᠦᠷᠨᠢᠬᠦᠯᠪᠠ᠃
《ᠵᠡᠬᠦᠨ ᠪᠠᠷᠠᠭᠤᠨ ᠤᠷᠤᠨ ᠤ ᠶᠠᠳᠠᠭᠤ ᠶᠢ ᠲᠡᠳᠬᠦᠬᠦ ᠬᠠᠮᠵᠢᠯᠴᠠᠬᠤ ᠭᠡᠯᠡᠯᠴᠡᠭᠡᠷ》 ᠢ ᠦᠨᠳᠦᠰᠦᠯᠡᠪᠡᠯ ᠬᠤᠶᠠᠳᠤᠭᠠᠷ ᠤᠯᠠᠷᠢᠯ ᠤᠨ ᠬᠠᠪᠰᠤᠷᠤᠨ ᠲᠡᠮᠵᠢᠬᠦ ᠬᠦᠳᠡᠯᠬᠡᠬᠡᠨ ᠨᠢ ᠨᠢᠬᠡ ᠰᠠᠷ᠎ᠠ ᠶᠢᠨ ᠬᠤᠭᠤᠴᠠᠭ᠎ᠠ ᠲᠠᠢ ᠪᠠᠶᠢᠵᠤ᠂ ᠪᠦᠯᠬᠦᠮ ᠤᠨ ᠬᠡᠯᠪᠡᠷᠢ ᠪᠠᠷ ᠠᠯᠪᠠᠨ ᠵᠢᠷᠤᠮ ᠤᠨ ᠡᠮᠴᠢᠯᠡᠭᠡ ᠬᠢᠬᠦ᠂ ᠲᠠᠭᠠᠭᠤᠯᠤᠨ ᠰᠤᠷᠭᠠᠬᠤ᠂ ᠪᠤᠯᠪᠠᠰᠤᠷᠠᠯ ᠵᠡᠷᠭᠡ ᠬᠡᠯᠪᠡᠷᠢ ᠪᠠᠷ ᠬᠠᠪᠰᠤᠷᠤᠨ ᠲᠡᠮᠵᠢᠬᠦ ᠠᠵᠢᠯ ᠢᠶᠠᠨ ᠦᠷᠨᠢᠬᠦᠯᠦᠨ᠎ᠡ᠃ ᠡᠮᠴᠢᠯᠡᠬᠡᠨ ᠤ ᠲᠤᠰᠬᠠᠢ ᠮᠡᠷᠬᠡᠵᠢᠯᠳᠡᠨ ᠤ ᠪᠦᠯᠬᠦᠮ ᠤᠨ ᠠᠵᠢᠯ ᠤᠨ ᠭᠤᠤᠯᠳᠠᠯᠭ᠎ᠠ ᠶᠢ ᠰᠢᠶᠡᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶᠠᠨ ᠳᠤ ᠭᠦᠨᠵᠡᠬᠡᠶᠢᠷᠡᠵᠥ᠂ ᠭᠤᠤᠯᠳᠠᠯᠭ᠎ᠠ ᠲᠠᠢ ᠰᠠᠯᠠᠭ᠎ᠠ ᠶᠢᠨ ᠪᠦᠳᠦᠭᠡᠨ ᠪᠠᠶᠢᠭᠤᠯᠤᠯᠳᠠ ᠪᠠᠷ ᠭᠤᠤᠯ ᠪᠤᠯᠭᠠᠵᠤ᠂ ᠴᠢᠭ᠋ ᠢᠶᠠᠷ ᠪᠦᠬᠦ ᠲᠡᠯ᠎ᠡ ᠶᠢ ᠲᠠᠶᠢᠴᠢᠯᠠᠵᠤ᠂ ᠮᠠᠨ ᠤ ᠬᠤᠰᠢᠭᠤᠨ ᠤ ᠦᠷᠬᠦᠯᠵᠢ ᠲᠤᠬᠢᠶᠠᠯᠳᠤᠳᠠᠭ ᠡᠪᠡᠳᠴᠢᠨ᠂ ᠤᠯᠠᠨ ᠲᠤᠬᠢᠶᠠᠯᠳᠤᠳᠠᠭ ᠡᠪᠡᠳᠴᠢᠨ ᠢ ᠡᠮᠨᠡᠨ ᠵᠠᠰᠠᠬᠤ ᠶᠢ ᠲᠦᠷᠢᠮᠵᠢᠬᠦᠯᠦᠨ᠎ᠡ᠃ ᠲᠠᠩᠰᠠ ᠪᠠᠶᠢᠭᠤᠯᠵᠤ ᠺᠠᠷᠲ ᠵᠤᠬᠢᠶᠠᠭᠰᠠᠨ ᠶᠠᠳᠠᠭᠤ ᠬᠦᠴᠢᠷᠳᠡᠯᠳᠡᠢ ᠡᠷᠦᠬᠡ ᠪᠠᠷ ᠭᠤᠤᠯᠳᠠᠯᠭ᠎ᠠ ᠪᠤᠯᠭᠠᠵᠤ᠂ ᠬᠠᠮᠳᠤᠷᠠᠨ ᠤᠨᠤᠰᠢᠯᠠᠬᠤ᠂ ᠠᠯᠪᠠᠨ ᠵᠢᠷᠤᠮ ᠤᠨ ᠡᠮᠴᠢᠯᠡᠭᠡ᠂ ᠲᠤᠭᠤᠷᠢᠨ ᠡᠮᠴᠢᠯᠡᠬᠦ ᠵᠡᠷᠬᠡ ᠬᠡᠯᠪᠡᠷᠢ ᠪᠠᠷ ᠮᠠᠨ ᠤ ᠬᠤᠰᠢᠭᠤᠨ ᠤ ᠶᠠᠳᠠᠭᠤ ᠬᠦᠴᠢᠷᠳᠡᠢ ᠡᠪᠡᠳᠴᠢᠳᠡᠨ ᠢ ᠡᠮᠨᠡᠨ ᠵᠠᠰᠠᠨ᠎ᠠ᠃ ᠲᠤᠰ ᠤᠳᠠᠭᠠᠨ ᠤ ᠪᠡᠬᠡᠵᠢᠩ ᠦᠪᠦᠷ ᠮᠤᠩᠭᠤᠯ ᠤᠨ ᠬᠠᠷᠠᠭᠠᠯᠵᠠᠭᠤᠯᠤᠨ ᠲᠡᠳᠬᠦᠬᠦ ᠠᠵᠢᠯ ᠢᠶᠠᠷ ᠲᠠᠮᠵᠢᠵᠦ᠂ ᠮᠠᠨ ᠤ ᠬᠤᠰᠢᠭᠤᠨ ᠤ ᠡᠮᠴᠢᠯᠡᠬᠡᠨ ᠤ ᠪᠠᠶᠢᠭᠤᠯᠤᠮᠵᠢ ᠶᠢᠨ ᠡᠮᠴᠢᠯᠡᠬᠡᠨ ᠤ ᠬᠠᠮᠢᠶᠠᠷᠤᠯᠳᠠ ᠶᠢ ᠲᠦᠷᠢᠮᠵᠢᠬᠦᠯᠬᠦ ᠬᠢᠷᠢ ᠲᠦᠪᠰᠢᠨ᠂ ᠡᠯ᠎ᠡ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠭ᠎ᠠ ᠶᠢᠨ ᠲᠤᠰᠬᠠᠢ ᠮᠡᠷᠬᠡᠵᠢᠯ ᠤᠨ ᠠᠵᠢᠯᠳᠠᠨ ᠤ ᠰᠠᠭᠤᠷᠢ ᠮᠡᠳᠡᠯᠬᠡ ᠪᠠ ᠦᠨᠳᠦᠰᠦᠨ ᠴᠢᠳᠠᠪᠤᠷᠢ᠂ ᠬᠠᠪᠰᠤᠷᠤᠨ ᠲᠡᠮᠵᠢᠬᠦ ᠪᠠᠶᠢᠭᠤᠯᠭ᠎ᠠ ᠶᠢᠨ ᠭᠤᠤᠯᠳᠠᠯᠭ᠎ᠠ ᠲᠠᠢ ᠰᠠᠯᠠᠭᠠᠨ ᠤ ᠪᠦᠳᠦᠬᠡᠨ ᠪᠠᠶᠢᠭᠤᠯᠤᠯᠳᠠ᠂ ᠡᠮᠴᠢᠯᠡᠬᠡᠨ ᠤ ᠴᠢᠨᠡᠷ ᠴᠢᠨᠰᠠᠭ᠎ᠠ ᠶᠢ ᠬᠢᠨᠡᠨ ᠡᠵᠡᠮᠳᠡᠬᠦ ᠰᠢᠰᠲ᠋ᠧᠮ ᠨᠡᠯᠢᠶᠡᠳ ᠬᠡᠮᠵᠢᠶ᠎ᠡ ᠪᠠᠷ ᠲᠡᠭᠡᠭᠰᠢᠯᠡᠬᠦ ᠨᠢ ᠯᠠᠪᠳᠠᠢ ᠶᠤᠮ᠃ ᠪᠡᠬᠡᠵᠢᠩ ᠦᠪᠦᠷ ᠮᠤᠩᠭᠤᠯ ᠤᠨ ᠬᠠᠪᠰᠤᠷᠤᠨ ᠲᠡᠮᠵᠢᠬᠦ ᠲᠦᠷᠦᠯ ᠵᠦᠢᠯ ᠢᠶᠠᠷ ᠲᠠᠮᠵᠢᠵᠦ᠂ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠡᠷᠡᠬᠦᠯ ᠴᠢᠬᠢᠷᠠᠭ ᠤᠨ ᠤᠶᠢᠯᠠᠭᠠᠭᠳᠠᠬᠤᠨ ᠪᠠ ᠬᠢᠳᠡᠳ ᠡᠮ ᠡᠮᠨᠡᠯᠬᠡ ᠶᠢᠨ ᠤᠯᠠᠮᠵᠢᠯᠠᠯᠳᠤ ᠮᠡᠷᠭᠡᠵᠢᠯ ᠢ ᠲᠡᠯᠬᠡᠷᠡᠬᠦᠯᠬᠦ ᠶᠢ ᠲᠡᠭᠡᠭᠰᠢᠯᠡᠬᠦᠯᠬᠦ ᠳᠤ ᠮᠠᠰᠢ ᠰᠠᠶᠢᠨ ᠠᠬᠢᠭᠤᠯᠬᠤ ᠦᠢᠯᠡᠳᠦᠯ ᠦᠵᠡᠬᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号