ᠤᠯᠠᠭᠠᠨᠬᠠᠳᠠ ᠬᠤᠲᠠ ᠶᠢᠨ ᠲᠢᠶᠠᠨ ᠵᠢᠶᠠ ᠪᠢᠩ ᠳᠤᠮᠳᠠᠳᠤ ᠰᠤᠷᠭᠠᠭᠤᠯᠢ ᠶᠢᠨ 2019 ᠣᠨ ᠤ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠳᠠᠬᠢᠨᠲᠠ ᠰᠢᠯᠢᠳᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2019/7/2
ᠰᠢᠷᠭᠠᠭᠤ ᠲᠡᠮᠡᠴᠡᠵᠦ ᠵᠣᠯ ᠵᠢᠷᠭᠠᠯᠲᠤ ᠴᠡᠴᠡᠭ ᠳᠡᠯᠭᠡᠷᠡᠪᠡ ᠁ 2015 ᠣᠨ ᠠᠴᠠ 2018 ᠣᠨ ᠬᠦᠷᠲᠡᠯᠡᠬᠢ ᠳᠥᠷᠪᠡᠨ ᠵᠢᠯ ᠲᠤ 27 ᠬᠥᠮᠥᠨ ᠴᠢᠩᠬᠤᠸᠠ ᠶᠡᠭᠡ ᠰᠤᠷᠭᠠᠭᠤᠯᠢ ᠪᠠ ᠪᠡᠭᠡᠵᠢᠩ ᠶᠡᠭᠡ ᠰᠤᠷᠭᠠᠭᠤᠯᠢ ᠳᠤ ᠰᠢᠯᠭᠠᠨ ᠣᠷᠣᠭᠰᠠᠨ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠲᠢᠶᠠᠨ ᠵᠢᠶᠠ ᠪᠢᠩ ᠳᠤᠮᠳᠠᠳᠤ ᠰᠤᠷᠭᠠᠭᠤᠯᠢ ᠶᠢᠨ 2019 ᠣᠨ ᠤ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠳᠠᠬᠢᠨᠲᠠ ᠰᠠᠶᠢᠨ ᠬᠢᠷᠢ ᠪᠦᠲᠦᠮᠵᠢ ᠣᠯᠪᠠ᠃    ᠰᠤᠷᠤᠭᠴᠢ ᠸᠧᠶ ᠢᠩ ᠯᠤᠸᠠᠨ 710 ᠬᠤᠪᠢ ᠪᠠᠷ ᠪᠥᠬᠦ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠤᠶᠠᠳᠤᠭᠠᠷ ᠨᠡᠷᠡᠰ ᠲᠤ ᠤᠷᠤᠵᠤ  ᠂ ᠲᠢᠶᠠᠨ ᠵᠢᠶᠠ ᠪᠢᠩ ᠳᠤᠮᠳᠠᠳᠤ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠠᠮᠤᠭ ᠥᠨᠳᠥᠷ ᠰᠢᠨ᠎ᠡ ᠲᠡᠮᠳᠡᠭᠯᠡᠯ ᠢ ᠡᠭᠦᠳᠪᠠ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ 680 ᠬᠤᠪᠢ ᠠᠴᠠ ᠳᠡᠭᠡᠭᠰᠢᠬᠢ 4 ᠬᠥᠮᠦᠨ᠂ ᠨᠡᠢᠭᠡᠮ ᠤᠨ ᠰᠢᠨᠵᠢᠯᠡᠬᠦ ᠤᠬᠠᠭᠠᠨ ᠤ ᠬᠠᠮᠤᠭ ᠤᠨ ᠥᠨᠳᠥᠷ ᠬᠤᠪᠢ ᠨᠢ 623 ᠬᠤᠪᠢ᠂ 610 ᠬᠤᠪᠢ ᠠᠴᠠ ᠳᠡᠭᠡᠭᠰᠢ 3 ᠬᠥᠮᠥᠨ᠃ ᠪᠡᠶ᠎ᠠ ᠪᠠᠨ ᠳᠠᠭᠠᠭᠠᠵᠤ ᠰᠤᠷᠤᠭᠴᠢ ᠡᠯᠰᠡᠬᠦ ᠪᠡᠭᠡᠵᠢᠩ ᠶᠡᠭᠡ ᠰᠤᠷᠭᠠᠭᠤᠯᠢ ᠶᠢᠨ ᠬᠦᠰᠡᠯ ᠪᠠᠨ ᠪᠡᠶᠡᠯᠡᠭᠦᠯᠬᠦ ᠪᠡᠶ᠎ᠠ ᠪᠠᠨ ᠳᠠᠭᠠᠭᠠᠵᠤ ᠰᠤᠷᠤᠭᠴᠢ ᠡᠯᠰᠡᠬᠦ ᠲᠥᠯᠥᠪᠯᠡᠭᠡ 40 ᠬᠤᠪᠢ ᠪᠠᠭᠤᠷᠠᠭᠤᠯᠤᠭᠠᠳ 1 ᠬᠥᠮᠥᠨ ᠡᠯᠰᠡᠵᠦ᠂ ᠴᠢᠩᠬᠤᠸᠠ ᠶᠡᠭᠡ ᠰᠤᠷᠭᠠᠭᠤᠯᠢ ᠶᠢᠨ ᠥᠪᠡᠷ  ᠢ ᠪᠠᠨ ᠬᠦᠴᠦᠷᠬᠡᠭᠵᠢᠭᠦᠯᠬᠦ ᠪᠡᠶ᠎ᠠ ᠪᠠᠨ ᠳᠠᠭᠠᠭᠠᠵᠤ ᠰᠤᠷᠤᠭᠴᠢ ᠡᠯᠰᠡᠬᠦ ᠲᠥᠯᠥᠪᠯᠡᠭᠡ 30 ᠬᠤᠪᠢ  ᠪᠠᠭᠤᠷᠠᠭᠤᠯᠤᠭᠠᠳ 1 ᠬᠥᠮᠥᠨ ᠡᠯᠰᠡᠵᠦ᠂ ᠪᠡᠭᠡᠵᠢᠩ ᠶᠡᠭᠡ ᠰᠤᠷᠭᠠᠭᠤᠯᠢ ᠶᠢᠨ ᠬᠦᠰᠡᠯ ᠪᠠᠨ ᠪᠡᠶᠡᠯᠡᠭᠦᠯᠬᠦ ᠪᠡᠶ᠎ᠠ ᠪᠠᠨ ᠳᠠᠭᠠᠭᠠᠵᠤ ᠰᠤᠷᠤᠭᠴᠢ ᠡᠯᠰᠡᠬᠦ ᠲᠥᠯᠥᠪᠯᠡᠭᠡ 20 ᠬᠤᠪᠢ ᠪᠠᠭᠤᠷᠠᠭᠤᠯᠤᠭᠠᠳ 2 ᠰᠤᠷᠤᠭᠴᠢ ᠡᠯᠰᠡᠵᠡᠶ᠃ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠠᠮᠤᠭ ᠤᠨ ᠥᠨᠳᠥᠷ ᠬᠤᠪᠢ᠂ ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ ᠰᠢᠯᠭᠠᠯᠲᠠ ᠬᠤᠣᠰ ᠬᠤᠣᠰ ᠢᠶᠠᠷ ᠰᠢᠪᠲᠤᠯᠤᠯᠲᠠ ᠭᠠᠷᠭᠠᠬᠤ ᠨᠢ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠶᠠᠪᠤᠳᠠᠯ ᠮᠥᠨ᠃ ᠰᠠᠶᠢᠨ ᠴᠢᠮᠡᠭᠡ ᠵᠠᠯᠭᠠᠭ᠎ᠠ ᠪᠠᠷ ᠭᠠᠷᠴᠤ ᠁ᠰᠥᠨᠢᠵᠢᠨ ᠨᠣᠶᠢᠷ ᠦᠭᠡᠢ ᠬᠢᠷᠢ ᠪᠦᠲᠦᠮᠵᠢ ᠬᠦᠯᠢᠶᠡᠵᠦ ᠪᠠᠶᠢᠭᠰᠠᠨ ᠪᠠᠭᠰᠢ ᠨᠠᠷ ᠤᠨ ᠪᠠᠶᠠᠷᠲᠤ ᠮᠦᠰᠢᠶᠡᠯ ᠨᠢ ᠶᠠᠳᠠᠷᠠᠭ᠎ᠠ ᠪᠠᠨ ᠳᠠᠷᠤᠵᠤ᠂ ᠳᠣᠭᠳᠣᠯᠤᠭᠰᠠᠨ ᠰᠡᠳᠬᠢᠯᠭᠡ ᠨᠢ ᠨᠣᠶᠢᠷ ᠢ   ᠨᠢ ᠰᠡᠷᠡᠪᠡ  ᠃ ᠵᠣᠯ ᠵᠢᠷᠭᠠᠯ ᠪᠣᠯ ᠳᠠᠷᠤᠶ ᠢᠩᠭᠢᠵᠦ ᠲᠡᠮᠡᠴᠡᠵᠦ ᠪᠠᠶᠢᠭᠠᠳ ᠪᠣᠶ ᠪᠣᠯᠤᠭᠰᠠᠨ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号