ᠤᠯᠠᠭᠠᠨᠬᠠᠳᠠ ᠬᠤᠳᠠ ᠶᠢᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠬᠤ ᠪᠠ ᠲᠠᠳᠠᠨ ᠠᠪᠴᠢᠷᠠᠬᠤ ᠳᠤ ᠱᠠᠩᠨᠠᠨ ᠨᠦᠬᠦᠪᠦᠷᠢᠯᠡᠬᠦ ᠠᠷᠭ᠎ᠠ
ᠨᠡᠶᠢᠲᠡᠯᠡᠭᠰᠡᠨ ᠴᠠᠭ᠄
2019/7/26
ᠨᠢᠭᠡᠳᠦᠭᠡᠷ ᠵᠤᠷᠪᠤᠰ  ᠮᠦᠩᠭᠦᠨ ᠭᠦᠢᠯᠭᠡᠭᠡᠨ ᠤ ᠪᠠᠶᠢᠭᠤᠯᠤᠮᠵᠢ ᠨᠢ ᠤᠯᠠᠭᠠᠨᠬᠠᠳᠠ ᠳᠤ ᠢᠷᠡᠵᠦ ᠪᠠᠶᠢᠭᠤᠯᠬᠤ ᠶᠢ ᠵᠤᠷᠢᠭᠵᠢᠭᠤᠯᠤᠨ᠂ ᠪᠦᠬᠦ ᠬᠤᠳᠠ ᠶᠢᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠭᠵᠢᠯᠳᠡ ᠶᠢ ᠤᠯᠠᠮ ᠨᠢᠬᠡ ᠠᠯᠬᠤᠮ ᠠᠬᠢᠭᠤᠯᠬᠤ ᠶᠢᠨ ᠲᠦᠯᠦᠭᠡ᠂ ᠤᠯᠤᠰ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠦᠷᠢᠮ ᠢ ᠦᠨᠳᠦᠰᠦᠯᠡᠵᠦ᠂ ᠮᠠᠨ ᠬᠤᠳᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠤᠭᠳᠠᠭᠠᠪᠠ᠃ᠬᠤᠶᠠᠳᠤᠭᠠᠷ ᠵᠤᠷᠪᠤᠰ   ᠲᠤᠰ ᠠᠷᠭ᠎ᠠ ᠶᠢ ᠮᠠᠨ ᠤ ᠬᠤᠳᠠ ᠳᠤ ᠰᠢᠨ᠎ᠡ ᠪᠠᠷ ᠪᠠᠶᠢᠭᠤᠯᠬᠤ ᠪᠤᠶᠤ ᠭᠠᠳᠠᠨ᠎ᠠ ᠤᠷᠤᠨ  ᠠᠴᠠ ᠲᠠᠳᠠᠨ ᠠᠪᠴᠢᠷᠠᠬᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠠᠩᠬᠢ᠂ ᠬᠤᠪᠢᠴᠠᠭᠠᠳᠤ ᠲᠦᠷᠢᠮᠳᠦ ᠬᠤᠳᠠᠯᠳᠤᠭᠠᠨ ᠤ ᠪᠠᠩᠬᠢ᠂ ᠬᠤᠳᠠ ᠶᠢᠨ ᠬᠤᠳᠠᠯᠳᠤᠭᠠᠨ ᠤ ᠪᠠᠩᠬᠢ᠂ ᠬᠦᠳᠡᠭᠡ ᠲᠤᠰᠬᠤᠨ ᠤ ᠪᠠᠩᠬᠢ ᠵᠢᠴᠢ ᠦᠨᠡᠳᠦ  ᠲᠡᠮᠳᠡᠭᠳᠦ ᠶᠢᠨ ᠺᠤᠮᠫᠠᠨᠢ᠂ ᠲᠠᠭᠠᠳᠬᠠᠯ ᠤᠨ ᠺᠤᠮᠫᠠᠨᠢ᠂ ᠢᠳᠡᠬᠡᠮᠵᠢᠳᠦ ᠪᠡᠯᠡ ᠤᠷᠤᠭᠤᠯᠤᠯᠳᠠ ᠶᠢᠨ ᠺᠤᠮᠫᠠᠨᠢ ᠂ ᠮᠦᠩᠬᠦᠨ ᠬᠦᠢᠯᠭᠡᠭᠡᠨ ᠤ ᠬᠦᠷᠦᠩᠭᠡ ᠶᠢᠨ ᠬᠠᠮᠢᠶᠠᠷᠤᠯᠳᠠ ᠶᠢᠨ ᠺᠤᠮᠫᠠᠨᠢ᠂ ᠮᠦᠩᠭᠦᠨ ᠬᠦᠢᠯᠭᠡᠭᠡᠨ ᠤ ᠲᠦᠷᠢᠶᠡᠰᠦᠳᠦ ᠺᠤᠮᠫᠠᠨᠢ᠂ ᠬᠤᠭᠤᠴᠠᠭᠠᠳᠤ ᠪᠠᠷᠠᠭ᠎ᠠ ᠶᠢᠨ ᠺᠤᠮᠫᠠᠨᠢ᠂ ᠰᠠᠭᠤᠷᠢ ᠮᠦᠩᠭᠦᠨ ᠤ ᠬᠠᠮᠢᠶᠠᠷᠤᠯᠳᠠ ᠶᠢᠨ ᠺᠤᠮᠫᠠᠨᠢ ᠳᠤ ᠲᠤᠬᠢᠷᠠᠨ᠎ᠠ᠃ᠭᠤᠷᠪᠠᠳᠤᠭᠠᠷ ᠵᠤᠷᠷᠪᠤᠰ   ᠪᠠᠩᠬᠢ᠂ ᠦᠨᠡᠳᠦ ᠲᠡᠮᠳᠡᠭᠳᠦ ᠺᠤᠮᠫᠠᠨᠢ᠂ ᠲᠠᠭᠠᠳᠬᠠᠯ ᠤᠨ ᠺᠤᠮᠫᠠᠨᠢ ᠶᠢᠨ ᠬᠠᠤᠯᠢ ᠶᠢᠨ ᠡᠳᠡᠭᠡᠳ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠡᠬᠦᠨ ᠤ ᠪᠦᠷᠢᠳᠭᠡᠭᠦᠯᠦᠭᠰᠡᠨ ᠪᠡᠯᠡ ᠮᠦᠩᠭᠦᠨ ᠤ 2% ᠪᠠᠷ ᠡᠬᠢᠯᠡᠨ ᠡᠵᠡᠩᠨᠡᠬᠦ ᠰᠦᠢᠳᠬᠡᠯ ᠤᠨ ᠨᠦᠬᠦᠪᠦᠷᠢ ᠦᠭᠭᠦᠨ᠎ᠡ᠂ ᠨᠢᠭᠡ  ᠪᠠᠶᠢᠭᠤᠯᠤᠮᠵᠢ ᠳᠤ ᠬᠠᠮᠤᠭ ᠦᠨᠳᠦᠷ  ᠲᠡᠭᠡᠨ ᠨᠢᠬᠡ ᠯᠡ ᠲᠡᠭᠡᠷ᠎ᠡ 1000 ᠲᠦᠮᠡᠨ ᠲᠦᠭᠦᠷᠢᠭ ᠤᠨ ᠨᠦᠬᠦᠪᠦᠷᠢ ᠶᠢ ᠭᠡᠳᠦᠷᠡᠵᠦ ᠪᠤᠯᠬᠤ ᠦᠭᠡᠢ᠃ᠲᠦᠷᠪᠡᠳᠦᠭᠡᠷ ᠵᠤᠷᠪᠤᠰ  ᠢᠳᠡᠬᠡᠮᠵᠢᠳᠦ ᠪᠡᠯᠡ ᠤᠷᠤᠭᠤᠯᠤᠯᠳᠠ ᠶᠢᠨ ᠺᠤᠮᠫᠠᠨᠢ᠂ ᠮᠦᠩᠬᠦᠨ ᠬᠦᠢᠯᠭᠡᠭᠡᠨ ᠤ ᠬᠦᠷᠦᠩᠭᠡ ᠶᠢᠨ ᠬᠠᠮᠢᠶᠠᠷᠤᠯᠳᠠ ᠶᠢᠨ ᠺᠤᠮᠫᠠᠨᠢ᠂ ᠮᠦᠩᠭᠦᠨ ᠬᠦᠢᠯᠭᠡᠭᠡᠨ ᠤ ᠲᠦᠷᠢᠶᠡᠰᠦᠳᠦ ᠺᠤᠮᠫᠠᠨᠢ᠂ ᠬᠤᠭᠤᠴᠠᠭᠠᠳᠤ ᠪᠠᠷᠠᠭ᠎ᠠ ᠶᠢᠨ ᠺᠤᠮᠫᠠᠨᠢ ᠶᠢᠨ ᠬᠠᠤᠯᠢ ᠶᠢᠨ ᠡᠳᠡᠭᠡᠳ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠤᠳᠠ ᠲᠤᠳᠤᠷ᠎ᠠ ᠭᠤᠷᠪᠠᠨ ᠵᠢᠯ ᠠᠴᠠ ᠲᠡᠭᠡᠭᠡᠰᠢ ᠡᠵᠡᠩᠨᠡᠭᠰᠡᠨ ᠪᠤᠯ ᠲᠡᠬᠦᠨ ᠤ ᠪᠦᠷᠢᠳᠭᠡᠭᠦᠯᠦᠭᠰᠡᠨ ᠬᠦᠷᠦᠩᠭᠡ ᠶᠢᠨ 2%  ᠪᠠᠷ ᠡᠬᠢᠯᠡᠨ ᠡᠵᠡᠩᠨᠡᠬᠦ ᠰᠦᠢᠳᠬᠡᠯ ᠤᠨ ᠨᠦᠬᠦᠪᠦᠷᠢ ᠦᠭᠭᠦᠨ᠎ᠡ᠂ ᠨᠢᠭᠡ ᠪᠠᠶᠢᠭᠤᠯᠤᠮᠵᠢ ᠳᠤ ᠬᠠᠮᠤᠭ ᠦᠨᠳᠦᠷ ᠲᠡᠭᠡᠨ ᠨᠢᠬᠡ ᠯᠡ ᠲᠡᠭᠡᠷ᠎ᠡ 100 ᠲᠦᠮᠡᠨ ᠲᠦᠭᠦᠷᠢᠭ ᠤᠨ ᠨᠦᠬᠦᠪᠦᠷᠢ ᠶᠢ ᠭᠡᠳᠦᠷᠡᠵᠦ ᠪᠤᠯᠬᠤ ᠦᠭᠡᠢ᠃ᠰᠠᠭᠤᠷᠢ ᠮᠦᠩᠭᠦᠨ ᠤ ᠬᠠᠮᠢᠶᠠᠷᠤᠯᠳᠠ ᠶᠢᠨ ᠺᠤᠮᠫᠠᠨᠢ ᠳᠤ ᠬᠤᠳᠠ ᠲᠤᠳᠤᠷ᠎ᠠ ᠭᠤᠷᠪᠠᠨ ᠵᠢᠯ ᠠᠴᠠ ᠲᠡᠭᠡᠭᠰᠢ ᠡᠵᠩᠨᠡᠵᠦ᠂ ᠪᠦᠷᠢᠳᠭᠡᠭᠦᠯᠦᠭᠰᠡᠨ ᠬᠦᠷᠦᠩᠭᠡ ᠨᠢ 1000 ᠲᠦᠮᠡᠨ ᠲᠦᠭᠦᠷᠢᠭ ︵ᠪᠠᠭᠳᠠᠭᠠᠨ᠎ᠠ︶ ᠠᠴᠠ ᠲᠡᠭᠡᠭᠰᠢ ᠪᠠᠶᠢᠵᠦ᠂ ᠬᠤᠷᠠᠮᠳᠤᠭᠤᠯᠤᠭᠰᠠᠨ ᠰᠠᠭᠤᠷᠢ ᠮᠦᠩᠭᠦ ᠶᠢᠨ50% ᠶᠢ ᠮᠠᠨ ᠤ ᠬᠤᠳᠠ ᠶᠢᠨ ᠠᠵᠤ ᠦᠢᠯᠡᠰ᠂ ᠠᠵᠤ ᠠᠬᠤᠶᠢᠯᠠᠯ ᠳᠤ ᠪᠡᠯᠡ ᠤᠷᠤᠭᠤᠯᠤᠭᠰᠠᠨ ᠵᠡᠷᠭᠡ ᠨᠦᠬᠦᠴᠡᠯ ᠢ ᠨᠢ ᠦᠵᠡᠵᠦ ᠢᠷᠡᠵᠦ ᠪᠠᠶᠢᠭᠤᠯᠤᠭᠰᠠᠨ ᠱᠠᠩᠨᠠᠯ ᠤᠨ ᠮᠦᠩᠭᠦ ᠶᠢ ᠨᠢᠬᠡ ᠯᠡ ᠲᠡᠭᠡᠷ᠎ᠡ 100 ᠲᠦᠮᠡᠨ ᠲᠦᠭᠦᠷᠢᠭ ᠦᠭᠭᠦᠨ᠎ᠡ᠃ᠲᠠᠪᠤᠳᠤᠭᠠᠷ ᠵᠤᠷᠪᠤᠰ   ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠦᠬᠦ ᠤᠯᠤᠰ ᠤᠨ ᠴᠢᠨᠠᠷᠳᠠᠢ ᠶᠡᠷᠦᠩᠭᠡᠢ ᠬᠡᠯᠳᠡᠰ ᠤᠨ ᠮᠦᠩᠭᠦᠨ ᠭᠦᠢᠯᠭᠡᠭᠡᠨ ᠤ ᠲᠦᠬᠦᠷᠵᠢᠬᠦᠯᠦᠭᠰᠡᠨ ᠦᠢᠯᠡᠴᠢᠯᠡᠬᠡᠨ ᠤ ᠪᠠᠶᠢᠭᠤᠯᠤᠮᠵᠢ᠂ ᠵᠢᠱᠢᠶᠡᠯᠡᠪᠡᠯ ᠢᠳᠡᠭᠡᠮᠵᠢ ᠶᠢᠨ ᠺᠠᠷᠲ ᠤᠨ ᠲᠦᠪ᠂ ᠪᠢᠴᠢᠭ ᠪᠠᠷᠢᠮᠳᠠ ᠰᠢᠢᠳᠪᠤᠷᠢᠯᠡᠬᠦ ᠵᠢᠴᠢ ᠨᠦᠭᠡᠴᠡᠯᠡᠬᠦ ᠲᠦᠪ᠂ ᠲᠠᠰᠤᠯᠤᠨ ᠪᠤᠳᠤᠬᠤ ᠲᠦᠪ᠂ ᠨᠡᠬᠡᠬᠡᠨ ᠠᠰᠢᠭᠯᠠᠬᠤ ᠲᠦᠪ᠂ ᠰᠤᠷᠠᠭ ᠵᠠᠩᠬᠢ ᠪᠠ ᠳ᠋ᠠᠶᠢᠲ᠋ᠠ ᠪᠤᠯᠪᠠᠰᠤᠷᠠᠭᠤᠯᠬᠤ ᠲᠦᠪ᠂ ᠲᠤᠬᠠᠶᠢᠯᠠᠭᠰᠠᠨ ᠠᠵᠢᠯ ᠤᠨ ᠡᠵᠡᠩᠨᠡᠯᠳᠡ ᠶᠢᠨ ᠲᠦᠪ ᠵᠡᠷᠭᠡ ᠬᠠᠤᠯᠢ ᠶᠢᠨ ᠡᠳᠡᠭᠡᠳ ᠤᠨ ᠪᠠᠶᠢᠭᠤᠯᠤᠮᠵᠢ ᠨᠢ 50 ᠬᠦᠮᠦᠨ ︵ᠪᠠᠭᠳᠠᠭᠠᠨ᠎ᠠ︶ ᠠᠴᠠ ᠲᠡᠭᠡᠭᠰᠢ ᠠᠵᠢᠯ ᠤᠯᠭᠤᠭᠤᠯᠵᠤ᠂ ᠡᠵᠡᠩᠨᠡᠯᠳᠡ ᠶᠢᠨ ᠲᠠᠯᠠᠪᠠᠢ ᠨᠢ 2000 ᠲᠡᠭᠰᠢ ᠲᠦᠷᠪᠡᠯᠵᠢᠨ ︵ᠪᠠᠭᠳᠠᠭᠠᠨ᠎ᠠ︶ ᠠᠴᠠ ᠲᠡᠭᠡᠭᠰᠢ᠂ ᠪᠦᠷᠢᠳᠭᠡᠭᠦᠯᠦᠭᠰᠡᠨ ᠬᠦᠷᠦᠩᠭᠡ ᠨᠢ 5000 ᠲᠦᠮᠡᠨ ᠲᠦᠭᠦᠷᠢᠭ ︵ᠪᠠᠭᠳᠠᠭᠠᠨ᠎ᠠ︶ ᠲᠡᠭᠡᠭᠰᠢ ᠪᠠᠶᠢᠬᠤ ᠨᠦᠬᠦᠴᠡᠯ ᠲᠠᠢ ᠪᠤᠯ ᠡᠬᠢᠯᠡᠨ ᠪᠠᠶᠢᠭᠤᠯᠤᠭᠰᠠᠨ ᠰᠦᠢᠳᠭᠡᠯ 300 ᠲᠦᠮᠡᠨ ᠲᠦᠭᠦᠷᠢᠭ ᠢ ᠨᠢᠬᠡ ᠯᠡ ᠤᠳᠠᠭ᠎ᠠ ᠲᠡᠭᠡᠷ᠎ᠡ ᠦᠭᠭᠦᠨ᠎ᠡ᠃ᠵᠢᠷᠭᠤᠳᠤᠭᠠᠷ ᠵᠤᠷᠪᠤᠰ  ᠮᠠᠨ ᠤ ᠬᠤᠳᠠ ᠪᠠᠷ ᠲᠦᠪ ᠪᠤᠯᠭᠠᠵᠤ᠂ ᠪᠦᠬᠦ ᠤᠷᠤᠨ ᠪᠤᠶᠤ ᠤᠶᠢᠷ᠎ᠠ ᠵᠡᠷᠭᠡᠯᠡᠳᠡᠭᠡ ᠭᠠᠵᠠᠷ ᠤᠷᠤᠨ ᠢ ᠲᠠᠶᠢᠴᠢᠯᠠᠨ ᠲᠠᠭᠠᠭᠤᠯᠤᠭᠰᠠᠨ ᠪᠦᠰᠡ ᠨᠤᠳᠤᠭ ᠤᠨ ᠴᠢᠨᠠᠷᠳᠠᠢ ᠪᠠᠩᠬᠢ᠂ ᠦᠨᠡᠳᠦ ᠲᠡᠮᠳᠡᠭᠳᠦ ᠶᠢᠨ ᠺᠤᠮᠫᠠᠨᠢ ᠂ ᠲᠠᠭᠠᠳᠬᠠᠯ ᠤᠨ ᠺᠤᠮᠫᠠᠨᠢ ᠶᠢᠨ ᠮᠤᠵᠢ ᠶᠢᠨ ᠱᠠᠳᠤᠨ ᠤ ᠬᠤᠪᠢᠶᠠᠷᠢ ᠰᠠᠯᠠᠭ᠎ᠠ ︵ᠬᠤᠪᠢᠶᠠᠷᠢ ᠺᠤᠮᠫᠠᠨᠢ︶ ᠳᠤ ᠨᠢᠬᠡ ᠯᠡ ᠤᠳᠠᠭ᠎ᠠ ᠳᠤ ᠡᠬᠢᠯᠡᠨ ᠪᠠᠶᠢᠭᠤᠯᠤᠭᠰᠠᠨ ᠨᠦᠬᠦᠪᠦᠷᠢ 500 ᠲᠦᠮᠡᠨ ᠲᠦᠭᠦᠷᠢᠭ ᠦᠭᠭᠦᠨ᠎ᠡ᠃ ᠲᠤᠯᠤᠳᠤᠭᠠᠷ ᠵᠤᠷᠪᠤᠰ   ᠪᠠᠩᠬᠢ ᠶᠢᠨ ᠬᠤᠳᠠ ᠶᠢᠨ ᠲᠡᠰ ᠤᠨ ᠬᠤᠪᠢᠶᠠᠷᠢ ᠰᠠᠯᠠᠭ᠎ᠠ ᠳᠤ 300 ᠲᠦᠮᠡᠨ ᠲᠦᠭᠦᠷᠢᠭ ᠤᠨ ᠡᠬᠢᠯᠡᠨ ᠪᠠᠶᠢᠭᠤᠯᠤᠭᠰᠠᠨ ᠨᠦᠬᠦᠪᠦᠷᠢ ᠶᠢ ᠨᠢᠬᠡ ᠯᠡ ᠤᠳᠠᠭ᠎ᠠ ᠪᠠᠷ ᠦᠭᠭᠦᠨ᠎ᠡ᠃ ᠦᠨᠡᠳᠦ ᠲᠡᠮᠳᠡᠭᠳᠦ ᠶᠢᠨ ᠬᠤᠳᠠ ᠶᠢᠨ ᠲᠡᠰ ᠤᠨ ᠬᠤᠪᠢᠶᠠᠷᠢ ᠺᠤᠮᠫᠠᠨᠢ ᠳᠤ ᠨᠢᠬᠡ ᠯᠡ ᠤᠳᠠᠭ᠎ᠠ ᠪᠠᠷ 100 ᠲᠦᠮᠡᠨ ᠲᠦᠬᠦᠷᠢᠭ ᠤᠨ ᠡᠬᠢᠯᠡᠨ ᠪᠠᠶᠢᠭᠤᠯᠤᠭᠰᠠᠨ ᠨᠦᠬᠦᠪᠦᠷᠢ ᠦᠭᠭᠦᠨ᠎ᠡ᠃ᠨᠠᠢᠮᠠᠳᠤᠭᠠᠷ ᠵᠤᠷᠪᠤᠰ  ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠳᠦᠷ ᠲᠤᠰᠢᠶᠠᠯᠳᠠᠨ ᠳᠤ ᠤᠯᠠᠭᠠᠨᠬᠠᠳᠠ ᠳᠤ ᠮᠦᠩᠭᠦᠨ ᠭᠦᠢᠯᠭᠡᠭᠡ ᠪᠠᠶᠢᠭᠤᠯᠤᠭᠰᠠᠨ ᠭᠠᠪᠢᠶ᠎ᠠ ᠵᠢᠳᠬᠦᠯ ᠤᠨ ᠱᠠᠩᠨᠠᠯ ᠢ ᠲᠡᠬᠦᠨ ᠤ ᠲᠡᠭᠡᠷ᠎ᠡ ᠵᠢᠯ ᠤᠨ ᠲᠤᠰᠢᠶᠠᠭᠰᠠᠨ ᠬᠤᠪᠢ ᠬᠦᠮᠦᠨ ᠤᠯᠵᠠᠪᠤᠷᠢ ᠶᠢᠨ ᠭᠠᠶᠢᠯᠢ ᠶᠢᠨ ᠤᠯᠠᠭᠠᠨᠬᠠᠳᠠ ᠳᠤ ᠦᠯᠡᠳᠡᠭᠡᠬᠦ ᠬᠡᠰᠡᠭ ᠠᠴᠠ ᠲᠠᠪᠠᠭᠤᠯᠬᠤ ᠦᠭᠡᠢ ᠨᠢᠬᠡᠯᠡ ᠤᠳᠠᠠᠭ᠎ᠠ ᠪᠠᠷ ᠱᠠᠩᠨᠠᠨ ᠬᠦᠬᠢᠬᠦᠯᠦᠨ᠎ᠡ᠃ᠶᠢᠰᠦᠳᠦᠭᠡᠷ ᠵᠤᠷᠪᠤᠰ  ᠱᠠᠩᠨᠠᠯ ᠬᠦᠬᠢᠬᠦᠯᠬᠦ ᠨᠦᠬᠦᠴᠡᠯ ᠳᠤ ᠲᠤᠬᠢᠷᠠᠭᠰᠠᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠳᠦᠷ ᠲᠤᠰᠢᠶᠠᠯᠳᠠᠨ ᠤ ᠨᠠᠰᠤᠨ ᠳᠤ ᠬᠦᠷᠦᠭᠡ ᠦᠭᠡᠢ ᠬᠡᠦᠬᠡᠳ ᠲᠤ ᠰᠤᠷᠭᠠᠭᠤᠯᠢ ᠳᠤ ᠰᠠᠭᠤᠬᠤ ᠲᠦᠬᠦᠮ ᠨᠦᠭᠦᠴᠡᠯ ᠬᠠᠩᠭᠠᠨ᠎ᠠ᠃ᠠᠷᠪᠠᠳᠤᠭᠠᠷ ᠵᠤᠷᠪᠤᠰ   ᠮᠦᠩᠬᠦᠨ ᠭᠦᠢᠯᠭᠡᠭᠡᠨ ᠤ ᠪᠠᠶᠢᠭᠤᠯᠤᠮᠵᠢ ᠳᠤ ᠦᠢᠯᠡᠴᠢᠯᠡᠬᠦ ᠬᠦᠴᠦᠯᠡᠴᠡ ᠪᠠᠨ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠪᠤᠶᠤ ᠲᠠᠳᠠᠨ ᠠᠪᠴᠢᠷᠠᠭᠰᠠᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠳᠤ ᠤᠨᠴᠠᠭᠠᠢ ᠦᠢᠯᠡᠴᠢᠯᠡᠯ ᠬᠠᠩᠭᠠᠨ᠎ᠠ᠃ ᠬᠤᠳᠠ ᠤᠷᠤᠨ ᠰᠠᠭᠤᠴᠠ᠂ ᠲᠦᠯᠦᠪᠵᠢᠬᠦᠯᠭᠡ᠂ ᠲᠤᠳᠤᠭᠠᠳᠤ ᠶᠢ ᠬᠠᠮᠠᠭᠠᠯᠠᠬᠤ᠂ ᠠᠷᠠᠳ ᠤᠨ ᠪᠠᠩᠬᠢ᠂ ᠪᠠᠩᠬᠢ ᠶᠢᠨ ᠬᠢᠨᠠᠯᠳᠠ ᠵᠡᠷᠭᠡ ᠰᠠᠯᠠᠭ᠎ᠠ ᠮᠦᠴᠢᠷ ᠨᠢ ᠰᠢᠨ᠎ᠡ  ᠪᠠᠷ ᠪᠠᠶᠢᠭᠤᠯᠬᠤ ᠪᠤᠶᠤ ᠲᠠᠳᠠᠨ ᠠᠪᠴᠢᠷᠠᠭᠰᠠᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠳᠤ ᠲᠦᠬᠦᠮ ᠨᠦᠬᠦᠴᠡᠯ ᠬᠠᠩᠭᠠᠬᠤ ᠬᠡᠷᠡᠭᠳᠡᠢ᠃ᠠᠷᠪᠠᠨ ᠨᠢᠭᠡᠳᠦᠭᠡᠷ ᠵᠤᠷᠪᠤᠰ   ᠡᠯ᠎ᠡ ᠵᠦᠢᠯ ᠤᠨ ᠱᠠᠩᠨᠠᠨ ᠨᠦᠬᠦᠪᠦᠷᠢᠯᠡᠬᠦ ᠪᠡᠯᠡ ᠮᠦᠩᠬᠦ ᠶᠢ ᠬᠤᠳᠠ ᠶᠢᠨ ᠡᠳ᠋ ᠤᠨ ᠵᠠᠰᠠᠭ ᠬᠠᠷᠢᠭᠤᠴᠠᠵᠤ ᠵᠢᠯ ᠤᠨ ᠲᠦᠰᠦᠪ ᠲᠤᠮᠳᠠ ᠲᠤᠬᠢᠷᠠᠭᠤᠯᠬᠤ ᠬᠡᠷᠡᠭᠳᠡᠢ᠃ᠠᠷᠪᠠᠨ ᠬᠤᠶᠠᠳᠤᠭᠠᠷ ᠵᠤᠷᠷᠪᠤᠰ   ᠲᠤᠰ ᠠᠷᠭ᠎ᠠ ᠳᠤ ᠲᠤᠷᠠᠳᠤᠭᠰᠠᠨ ᠮᠦᠩᠬᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠳᠦᠷ ᠲᠤᠰᠢᠶᠠᠯᠳᠠᠨ ᠭᠡᠳᠡᠭ ᠨᠢ ᠮᠦᠩᠬᠦᠨ ᠭᠦᠢᠯᠭᠡᠭᠡᠨ ᠤ ᠬᠢᠨᠡᠨ ᠬᠠᠮᠢᠶᠠᠷᠬᠤ ᠰᠠᠯᠠᠭ᠎ᠠ ᠮᠦᠴᠢᠷ ᠠᠴᠠ ᠮᠡᠳᠡᠷᠡᠭᠰᠡᠨ ᠭᠠᠵᠠᠷ ᠤᠷᠤᠨ ᠤ ᠬᠤᠳᠠ ᠶᠢᠨ ᠲᠡᠰ ᠠᠴᠠ ᠲᠡᠭᠡᠭᠰᠢᠬᠢ ︵ᠪᠠᠭᠳᠠᠭᠠᠨ᠎ᠠ︶ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠳᠦᠷ ᠲᠡᠰ ᠤᠨ ᠬᠠᠮᠢᠶᠠᠷᠤᠭᠴᠢ ᠵᠠ ᠵᠢᠭᠠᠵᠤ ᠪᠠᠶᠢᠨ᠎ᠠ᠃ᠠᠷᠪᠠᠨ ᠭᠤᠷᠪᠠᠳᠤᠭᠠᠷ ᠵᠤᠷᠪᠤᠰ   ᠲᠤᠰ ᠠᠷᠭ᠎ᠠ ᠶᠢ ᠤᠯᠠᠭᠠᠨᠬᠠᠳᠠ ᠶᠢᠨ ᠡᠳ᠋ ᠤᠨ ᠵᠠᠰᠠᠭ ᠤᠨ ᠲᠤᠪᠴᠢᠶ᠎ᠡ ︵ᠮᠦᠩᠭᠦᠨ ᠬᠦᠢᠯᠭᠡᠭᠡᠨ ᠤ ᠠᠯᠪᠠᠨ ᠭᠡᠷ︶ ᠠᠴᠠ ᠬᠠᠷᠢᠭᠤᠴᠠᠨ ᠲᠠᠶᠢᠯᠪᠤᠷᠢᠯᠠᠨ᠎ᠠ᠃ᠠᠷᠪᠠᠨ ᠲᠦᠷᠪᠡᠳᠦᠭᠡᠷ ᠵᠤᠷᠪᠤᠰ   ᠲᠤᠰ ᠠᠷᠭ᠎ᠠ ᠶᠢ 2017 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠡ᠂ ᠬᠦᠴᠦᠨ ᠪᠦᠬᠦᠢ ᠬᠤᠭᠤᠴᠠᠭ᠎ᠠ 5 ᠵᠢᠯ᠃ ᠲᠤᠰ ᠠᠷᠭ᠎ᠠ ᠶᠢ ᠬᠡᠷᠡᠭᠵᠢᠬᠦᠯᠵᠦ ᠪᠠᠶᠢᠭ᠎ᠠ ᠬᠤᠭᠤᠴᠠᠭᠠᠨ ᠳᠤ ᠤᠯᠤᠰ ᠠᠴᠠ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠭᠠᠷᠭᠠᠪᠠᠯ ᠤᠯᠤᠰ ᠤᠨ ᠲᠦᠷᠦ ᠶᠢᠨ ᠪᠤᠳᠤᠯᠭ᠎ᠠ ᠶᠢᠨ ᠲᠤᠭᠳᠠᠭᠠᠯ ᠢ ᠬᠡᠷᠡᠭᠵᠢᠬᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号